ᠤᠢᠢᠷ᠎ᠠ ᠶᠢᠨ ᠡᠳᠦᠷ᠂ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠭᠠᠷ ᠨᠡᠬᠡᠮᠡᠯ ᠤᠨ | ᠨᠡᠶᠢᠭᠡᠮᠯᠢᠭ ᠤᠨ ᠵᠤᠬᠢᠶᠠᠨ ᠪᠠᠶᠢᠭᠤᠯᠤᠭᠰᠠᠨ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠵᠦ ᠡᠶ᠎ᠡ ᠵᠣᠬᠢᠴᠠᠯ ᠢ | ᠠᠬᠢᠭᠤᠯᠬᠤ︾ ᠨᠡᠶᠢᠲᠡ ᠶᠢᠨ ᠠᠰᠠᠷᠠᠮᠵᠢ ᠶᠢᠨ ᠬᠢᠴᠢᠶᠡᠯ ᠲᠠᠶᠢᠯᠤᠮᠵᠢ ᠰᠢᠨ ᠪᠸᠢ ᠨᠡᠶᠢᠬᠡᠮ ᠲᠤᠭᠤᠷᠢᠭ ᠲᠤ | ᠶᠠᠪᠤᠭᠳᠠᠪᠠ᠃ ᠬᠢᠴᠢᠶᠡᠯ ᠲᠠᠶᠢᠯᠤᠮᠵᠢ ᠨᠢ ᠶᠠᠭᠤ ᠶᠢ ᠭᠡᠷ ᠪᠦᠯᠢ ᠶᠢᠨ ᠬᠦᠴᠦᠷᠬᠡᠭᠯᠡᠯ ᠭᠡᠬᠦ᠂ ᠭᠡᠷ ᠪᠦᠯᠢ ᠶᠢᠨ | ᠬᠦᠴᠦᠷᠭᠡᠭᠯᠡᠯ ᠳᠤ ᠤᠴᠠᠷᠠᠪᠠᠯ ᠶᠠᠭᠠᠬᠢᠪᠠᠯ ᠵᠣᠬᠢᠬᠤ᠂ ᠵᠠᠰᠠᠭ ᠤᠨ ᠣᠷᠳᠣᠨ ᠤ ᠠᠯᠢ ᠰᠠᠯᠠᠭ᠎ᠠ ᠮᠥᠴᠢᠷ ᠢ ᠡᠷᠢᠵᠤ | ᠳᠤᠰᠠᠯᠠᠮᠵᠢ ᠤᠯᠬᠤ ᠵᠡᠷᠭᠡ ᠠᠰᠠᠭᠤᠳᠠᠯ ᠤᠨ ᠲᠤᠭᠤᠷᠢᠨ ᠳᠤ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠬᠠᠤᠯᠢ︾ ᠶᠢ ᠰᠤᠷᠤᠯᠴᠠᠭᠰᠠᠨ ᠪᠥᠭᠡᠳ ᠬᠡᠷ ᠪᠦᠯᠢ ᠶᠢᠨ ᠬᠦᠴᠦᠷᠬᠡᠭᠯᠡᠯ ᠤᠨ ᠬᠡᠷᠡᠭ ᠤᠨ ᠵᠢᠱᠢᠶ᠎ᠡ ᠶᠢᠨ ᠵᠠᠳᠠᠯᠤᠯᠲᠠ | ᠬᠢᠵᠤ᠂ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠳᠤᠮᠳᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠵᠡᠷᠭᠡ ᠶᠢ ᠰᠤᠷᠤᠯᠴᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ 2019 ᠣᠨ ᠳᠤ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠭᠠᠷ | ᠨᠡᠬᠡᠮᠡᠯ ᠤᠨ ᠨᠡᠶᠢᠭᠡᠮᠯᠢᠭ ᠨᠢ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠪᠤᠯᠤᠨ ᠡᠵᠡᠨ | ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠳᠤᠷᠠᠨ ︽ᠲᠦᠭ ᠲᠦᠮᠡᠨ ᠡᠷᠦᠬᠡ ᠳᠤ | ᠬᠦᠴᠦᠷᠬᠡᠭᠯᠡᠯ ᠦᠭᠡᠢ︾ ᠠᠵᠢᠯᠯᠠᠬᠤ ᠦᠷᠦᠭᠡ ᠶᠢ ᠪᠠᠶᠢᠭᠤᠯᠵᠤ᠂ ᠲᠤᠰ ᠠᠵᠢᠯᠯᠠᠬᠤ ᠦᠷᠦᠭᠡ ᠨᠢ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠭᠦ ᠪᠠᠷ ᠭᠤᠣᠯᠳᠠᠯᠭ᠎ᠠ ᠪᠠᠨ ᠪᠣᠯᠭᠠᠵᠤ᠂ ᠬᠤᠰᠢᠭᠤᠨ ᠤ | ᠡᠮᠡᠭᠲᠡᠶᠢᠴᠦᠳ ᠤᠨ ᠬᠤᠯᠪᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠯᠭᠠᠰᠤ᠂ ᠨᠡᠶᠢᠭᠡᠮ | ᠲᠣᠭᠤᠷᠢᠭ ᠳᠥᠷᠪᠡᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠡᠶᠡᠲᠦ ᠵᠠᠭᠪᠤᠷ ᠢᠶᠠᠷ ᠳᠠᠮᠵᠢᠭᠤᠯᠤᠨ ︽ᠭᠡᠷ | ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠬᠠᠯᠠᠭᠤᠨ ᠳᠤᠯᠠᠭᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ | ᠪᠠᠶᠢᠭᠤᠯᠬᠤ︾ ᠪᠠᠷ ᠭᠠᠷᠳᠠᠴᠠ ᠪᠣᠯᠭᠠᠵᠤ᠂ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠵᠥᠪᠯᠡᠯᠭᠡ | ᠂ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠᠷ ᠭᠤᠣᠯ ᠠᠭᠤᠯᠭ᠎ᠠ | ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠪᠠ ᠵᠥᠪᠯᠡᠯᠭᠡ ᠶᠢᠨ ᠦᠢᠯᠡᠴᠢᠯᠡᠭᠡ ᠬᠠᠨᠭ᠍ᠭᠠᠳᠠᠭ᠃ ᠠᠵᠢᠯᠯᠠᠬᠤ ᠦᠷᠦᠭᠡ | ᠪᠠᠶᠢᠭᠤᠯᠤᠭᠳᠠᠭᠰᠠᠨ ᠠᠴᠠ ᠨᠠᠭᠠᠰᠢ ᠨᠡᠶᠢᠳᠡ 32 ᠲᠠᠯᠠᠪᠠᠢ ᠪᠤᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠬᠦᠯᠵᠦ᠂ | 800 ᠭᠠᠷᠤᠶ ᠺᠢᠯᠦᠮᠧᠲᠷ ᠠᠶᠠᠯᠠᠨ᠂ 3 ᠪᠠᠯᠭᠠᠰᠤᠨ ᠳᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠤᠬᠠᠭᠤᠯᠭ᠎ᠠ ᠬᠢᠭᠰᠡᠨ ᠤ ᠬᠠᠮᠲᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠶᠢ ᠳᠤᠮᠳᠠᠳᠤ | ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ᠂ 800 ᠭᠠᠷᠤᠶ ᠰᠤᠷᠤᠭᠴᠢ ︵ᠤᠳᠠᠭ᠎ᠠ︶ ᠳᠤ ᠦᠢᠯᠡᠴᠢᠯᠡᠵᠦ᠂ | ᠣᠳᠣᠬᠠᠨ ᠪᠤᠯᠳᠠᠯ᠎ᠠ 1325 ᠬᠦᠮᠦᠨ ᠰᠢᠭᠤᠳ ᠠᠰᠢᠭ ᠬᠦᠷᠳᠡᠵᠦ᠂ 3000 ᠭᠠᠷᠤᠶ ᠬᠥᠮᠦᠨ ᠳᠠᠮ ᠢᠶᠠᠷ ᠠᠰᠢᠭ | ᠭᠥᠷᠳᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠦᠨᠡᠯᠡᠯᠳᠡ ᠶᠢ ᠤᠯᠤᠭᠰᠠᠨ ᠪᠠᠶᠢᠨ᠎ᠠ᠃ | ᠤᠶᠢᠷ᠎ᠠ ᠶᠢᠨ ᠵᠢᠯ ᠤᠨ ᠲᠤᠷᠰᠢ᠂ ᠡᠵᠡᠨ ᠬᠤᠷᠤᠭ᠎ᠠ ᠬᠤᠰᠢᠭᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠠᠵᠢᠯ ᠢ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠶᠡᠭᠡ ᠲᠠᠯ᠎ᠠ ᠳᠤ ᠣᠷᠣᠭᠤᠯᠤᠨ᠂ ︽ᠡᠮᠡᠭᠲᠡᠶᠢᠴᠦᠳ ᠤᠨ | ᠬᠤᠯᠪᠤᠭ᠎ᠠ + ᠳᠣᠲᠣᠭᠠᠳᠤ ᠶᠢ ᠬᠠᠮᠠᠭᠠᠯᠠᠬᠤ ᠲᠣᠪᠴᠢᠶ᠎ᠠ + ᠨᠡᠶᠢᠭᠡᠮ ᠤᠨ ᠵᠣᠬᠢᠶᠠᠨ ᠪᠠᠶᠢᠭᠤᠯᠤᠯᠲᠠ︾ ᠭᠤᠷᠪᠠᠨ | ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠣᠭᠲᠠᠴᠠ ᠶᠢ | ᠪᠠᠶᠢᠭᠤᠯᠤᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠵᠢᠯᠣᠭᠤᠳᠬᠤ ᠲᠥᠪ ᠠᠴᠠ | ᠡᠮᠡᠭᠳᠡᠶᠢᠴᠤᠳ ᠤᠨ ᠬᠤᠯᠪᠣᠭ᠎ᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠦᠴᠦᠷᠬᠡᠭᠯᠡᠯ ᠠᠮᠰᠠᠭᠴᠢᠳ ᠤᠨ | ᠮᠡᠳᠡᠭᠡ ᠵᠠᠩᠭᠢ ᠶᠢ ᠬᠠᠨᠭ᠍ᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠰᠡᠳᠬᠢᠴᠡ ᠶᠢᠨ ᠵᠢᠯᠤᠭᠤᠳᠤᠯᠭ᠎ᠠ᠂ | ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ︽ᠬᠠᠮᠳᠤ ᠪᠠᠷ ᠪᠠᠶᠢᠭᠤᠯᠬᠤ ᠬᠠᠮᠳᠤ ᠪᠠᠷ | ᠵᠠᠰᠠᠬᠤ ᠬᠠᠮᠳᠤ ᠪᠠᠷ ᠡᠳ᠋ᠯᠡᠬᠦ︾ ᠨᠡᠶᠢᠭᠡᠮ ᠤᠨ ᠵᠠᠰᠠᠯᠲᠠ ᠶᠢᠨ ᠪᠦᠳᠦᠴᠡ ᠶᠢ ᠴᠢᠷᠮᠠᠶᠢᠨ ᠪᠠᠶᠢᠭᠤᠯᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠠᠮᠤᠷ ᠠᠮᠤᠭᠤᠯᠠᠩ ᠡᠵᠡᠨ ᠬᠤᠷᠤᠭ᠎ᠠ ᠶᠢ ᠪᠦᠲᠦᠭᠡᠨ ᠪᠠᠶᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠬᠦᠯᠵᠦ ᠪᠠᠶᠢᠨ᠎ᠠ᠃ | | | | | | | | | | | | | | | | | | | | | |