ᠡᠵᠡᠨ ᠬᠤᠷᠤᠭ᠎ᠠ ᠬᠤᠰᠢᠭᠤᠨ ᠤ ᠰᠢᠨᠵᠢᠯᠡᠭᠦ ᠤᠬᠠᠭᠠᠨ ᠮᠡᠷᠭᠡᠵᠢᠯ ᠢ ᠲᠦᠭᠡᠮᠡᠯᠵᠢᠭᠦᠯᠭᠦ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠠᠳᠠᠭᠤ ᠭᠦᠴᠢᠷᠳᠠᠯᠳᠠᠢ ᠭᠡᠷ ᠪᠦᠯᠢ ᠶᠢᠨ ᠭᠡᠤᠭᠡᠳ ᠲᠤ ᠬᠠᠶᠢᠷ᠎ᠠ ᠬᠠᠯᠠᠮᠵᠢ ᠭᠦᠷᠳᠡᠭᠡᠵᠡᠢ
ᠨᠡᠶᠢᠲᠡᠯᠡᠭᠰᠡᠨ ᠴᠠᠭ᠄
2020/12/22
     ᠤᠢᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠭᠡᠷ ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ᠂ ᠡᠵᠡᠨ ᠬᠤᠷᠤᠭ᠎ᠠ ᠬᠤᠰᠢᠭᠤᠨ ᠤ ᠲᠠᠮᠤᠷ ᠵᠠᠮ ᠠᠭᠠᠷ ᠤᠨ ᠠᠶᠠᠯᠠᠯ ᠤᠨ ᠠᠯᠪᠠᠨ ᠭᠡᠷ ᠵᠡᠷᠭᠡ ᠪᠠᠶᠢᠭᠤᠯᠭ᠎ᠠ ᠠᠴᠠ ᠬᠠᠮᠳᠤᠷᠠᠨ ᠡᠷᠭᠢᠯᠡᠭᠰᠡᠨ ᠪᠤᠯᠪᠠᠰᠤᠨ ᠤ ᠦᠢᠯᠡᠳᠦᠯᠭᠡ ᠶᠢᠨ ᠭᠤᠤᠯ ᠰᠡᠳᠦᠪᠳᠤ ᠠᠵᠢᠯᠯᠠᠭ᠎ᠠ ᠡᠵᠡᠨ ᠬᠤᠷᠤᠭ᠎ᠠ ᠬᠤᠰᠢᠭᠤᠨ ᠤ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠦᠯᠭᠡ ᠶᠢᠨ ᠴᠡᠭ ᠲᠤ ᠶᠠᠪᠤᠬᠳᠠᠪᠠ᠃ ᠡᠵᠡᠨ ᠬᠤᠷᠤᠭ᠎ᠠ ᠬᠤᠰᠢᠭᠤᠨ ᠤ ᠲᠠᠩᠰᠡ ᠺᠠᠷᠲ ᠪᠠᠶᠢᠭᠤᠯᠤᠬᠰᠠᠨ ᠶᠠᠳᠠᠭᠤ ᠭᠦᠴᠢᠷᠳᠠᠯᠳᠠᠢ ᠭᠡᠷ ᠪᠦᠯᠢ ᠶᠢᠨ 20 ᠭᠠᠷᠤᠢ ᠭᠡᠤᠭᠡᠳ ᠲᠤᠰ ᠠᠵᠢᠯᠯᠠᠭ᠎ᠠ ᠳᠤ ᠤᠷᠤᠯᠴᠠᠵᠠᠢ᠃      ᠠᠵᠢᠯᠯᠠᠭ᠎ᠠ ᠶᠢᠨ ᠬᠤᠭᠤᠴᠠᠭᠠᠨ ᠳᠤ᠂ ᠰᠠᠶᠢᠨ ᠲᠤᠷᠠᠴᠤᠤᠯ ᠭᠡᠤᠭᠡᠳ ᠤᠳ ᠢ ᠲᠠᠭᠠᠭᠤᠯᠤᠨ ᠠᠭᠠᠷ ᠤᠨ ᠠᠶᠠᠯᠠᠯ ᠤᠨ ᠰᠢᠨᠵᠢᠯᠡᠭᠦ ᠤᠬᠠᠭᠠᠨ ᠮᠡᠷᠭᠡᠵᠢᠯ ᠢ ᠲᠦᠭᠡᠮᠡᠯᠵᠢᠭᠦᠯᠭᠦ ᠰᠤᠷᠭᠠᠨ ᠭᠦᠮᠦᠵᠢᠯ ᠤᠨ ᠰᠠᠭᠤᠷᠢᠨ ᠭᠠᠵᠠᠷ ᠢᠶᠠᠷ ᠲᠤᠭᠤᠷᠢᠨ ᠦᠵᠡᠭᠦᠯᠵᠤ᠂ ᠠᠭᠠᠷ ᠤᠨ ᠠᠶᠠᠯᠠᠯ ᠤᠨ ᠪᠦᠭᠦ ᠶᠠᠪᠤᠴᠠ ᠶᠢ ᠪᠠᠶᠡᠴᠢᠯᠠᠨ ᠤᠢᠢᠯᠠᠭᠠᠭᠤᠯᠪᠠ᠃ ᠠᠵᠢᠯᠯᠠᠭ᠎ᠠ ᠨᠢ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠦᠯᠭᠡ ᠪᠠᠷ ᠭᠠᠷᠳᠠᠴᠨ ᠪᠤᠯᠭᠠᠵᠤ᠂ ᠰᠢᠨᠵᠢᠯᠡᠭᠦ ᠤᠬᠠᠭᠠᠨ ᠮᠡᠷᠭᠡᠵᠢᠯ ᠢ ᠲᠦᠭᠡᠮᠡᠯᠵᠢᠭᠦᠯᠭᠦ ᠮᠡᠳᠡᠯᠭᠡ ᠪᠠ ᠨᠤᠮ ᠪᠢᠴᠢᠭ ᠤᠨ ᠮᠡᠳᠡᠯᠭᠡ ᠶᠢ ᠤᠶᠠᠯᠳᠤᠭᠤᠯᠵᠤ᠂ ᠭᠡᠤᠭᠡᠳ ᠪᠠᠭᠠᠴᠤᠳ ᠤᠨ ᠬᠠᠷᠠᠭ᠎ᠠ ᠶᠢ ᠦᠷᠭᠡᠳᠭᠡᠨ᠂ ᠴᠢᠷᠮᠠᠶᠢᠨ ᠰᠤᠷᠤᠯᠴᠠᠬᠤ ᠡᠷᠴᠢ ᠵᠤᠷᠢᠭ ᠪᠠ ᠪᠠᠶᠠᠰᠤᠩᠭᠤᠢ ᠢᠳᠡᠪᠭᠢᠳᠠᠢ ᠠᠮᠢᠳᠤᠷᠠᠯ ᠤᠨ ᠤᠪᠤᠷ ᠢ ᠲᠠᠶᠢᠴᠢᠯᠠᠬᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号