ᠡᠵᠡᠨ ᠬᠤᠷᠤᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/12/22
     ᠣᠶᠢᠷ᠎ᠠ ᠳᠤ᠂ ᠪᠡᠭᠡᠵᠢᠩ ᠬᠤᠲᠠ᠂ ᠳ᠋ᠠᠯᠢᠶᠠᠨ ᠬᠤᠲᠠ ᠵᠠᠯᠭᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ 12 ᠰᠠᠷ᠎ᠠ ᠶᠢᠨ 20᠎ ᠤ ᠡᠳᠦᠷ ᠪᠣᠯᠲᠠᠯ᠎ᠠ ᠂ ᠪᠥᠬᠦ ᠤᠯᠤᠰ ᠤᠨ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ 14 ᠪᠣᠯᠵᠣ ᠨᠡᠮᠡᠭᠳᠡᠪᠡ᠃ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠪᠴᠢᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠣᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠣᠲᠣ ᠮᠠᠨ ᠤ ᠬᠤᠰᠢᠭᠤᠨ ᠳᠤ ᠰᠠᠭᠤᠷᠢᠰᠢᠵᠤ ᠪᠠᠶᠢᠬᠤ ᠪᠥᠭᠡᠳ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠭᠤᠳᠤᠮᠵᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ᠳᠣᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠂ ᠳ᠋ᠠᠯᠢᠶᠠᠨ ᠬᠤᠲᠠ ᠶᠢᠨ ᠶᠢᠨ ᠫᠦ᠋ ᠰᠢᠨ᠎ᠡ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ B ᠲᠣᠭᠤᠷᠢᠭ ᠤᠨ ᠣᠨᠣᠰᠢᠯᠠᠭᠳᠠᠭᠰᠠᠨ ᠡᠪᠡᠳᠴᠢᠲᠡᠨ ᠤ ᠠᠶᠠᠯᠠᠯ ᠤᠨ ᠵᠠᠮ ᠮᠥᠷ ᠲᠠᠢ ᠲᠠᠪᠬᠤᠴᠠᠭᠰᠠᠨ ᠪᠤᠶᠤ ᠣᠶᠢᠷ᠎ᠠ ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠬᠤᠯᠪᠣᠭᠳᠠᠯ ᠪᠥᠬᠦᠶ ᠬᠥᠮᠦᠰ ᠲᠠᠢ ᠣᠶᠢᠷᠠᠲᠤᠵᠤ ᠥᠩᠭᠡᠷᠡᠭᠰᠡᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠪᠠᠶᠢᠭᠤᠯᠭ᠎ᠠ ᠨᠢᠭᠡᠴᠢ ᠪᠤᠶᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠪᠠᠶᠢᠳᠠᠯ ᠢᠶᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠲᠥᠪᠯᠡᠷᠡᠭᠦᠯᠦᠨ ᠲᠤᠰᠠᠭᠠᠷᠯᠠᠬᠤ᠂ ᠪᠥᠭᠡᠮ ᠬᠦᠴᠢᠯ ᠤᠨ ᠪᠠᠶᠢᠴᠠᠭᠠᠯᠳᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠭᠠᠷᠠᠶ᠃ ᠠᠳᠡ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠣᠶᠢᠷ᠎ᠠ ᠶᠢᠨ ᠬᠤᠭᠤᠴᠠᠭᠠᠨ ᠳᠤ ᠬᠡᠷᠪᠡ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ᠳᠣᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠂ ᠳ᠋ᠠᠯᠢᠶᠠᠨ ᠬᠤᠲᠠ ᠶᠢᠨ ᠶᠢᠨ ᠫᠦ᠋ ᠰᠢᠨ᠎ᠡ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ B ᠲᠣᠭᠤᠷᠢᠭ ᠪᠣᠯᠤᠨ ᠬᠢᠵᠢᠭ ᠤᠨ ᠪᠠᠶᠢᠳᠠᠯ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠬᠤ ᠵᠢᠴᠢ ᠠᠵᠢᠯ ᠢᠶᠠᠷ ᠭᠠᠳᠠᠭᠰᠢ ᠭᠠᠷᠬᠤ ᠴᠢᠬᠤᠯᠠ ᠥᠬᠡᠶ ᠪᠣᠯ ᠤᠴᠢᠬᠤ ᠦᠬᠡᠢ ᠪᠠᠶᠢᠵᠤ᠂ ᠪᠤᠴᠠᠬᠤ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠪᠠᠶᠢᠭᠤᠯᠭ᠎ᠠ ᠨᠢᠭᠡᠴᠢ ᠪᠤᠶᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠮᠡᠳᠡᠭᠦᠯᠵᠦ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃      ᠬᠤᠶᠠᠷ᠂ 12 ᠰᠠᠷ᠎ᠠ ᠶᠢᠨ 4᠎ ᠤ ᠡᠳᠦᠷ ᠠᠴᠠ ᠨᠠᠰᠢ᠂ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ᠳᠣᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠂ ᠳ᠋ᠠᠯᠢᠶᠠᠨ ᠬᠤᠲᠠ ᠶᠢᠨ ᠶᠢᠨ ᠫᠦ᠋ ᠰᠢᠨ᠎ᠡ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ ᠶᠢᠨ ᠷᠦᠨ ᠰᠠᠭᠤᠭᠠᠯᠢ ᠲᠣᠭᠤᠷᠢᠭ ᠤᠨ B ᠲᠣᠭᠤᠷᠢᠭ ᠲᠤ ᠤᠴᠢᠵᠤ ᠪᠤᠴᠠᠬᠤ ᠬᠥᠮᠦᠰ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠬᠡᠴᠢ ᠳᠡᠭᠡᠨ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠠᠵᠢᠯᠯᠠᠭ᠎ᠠ ᠶᠢᠨ ᠵᠠᠮ ᠮᠥᠷ ᠪᠣᠯᠤᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠦᠨᠡᠨ ᠪᠤᠳᠠᠳᠠᠢ ᠬᠠᠩᠭᠠᠬᠤ ᠶᠢᠨ ᠬᠠᠮᠲᠤ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠳᠠ᠂ ᠡᠷᠡᠭᠦᠯ ᠮᠡᠨᠳᠦ ᠶᠢ ᠲᠠᠭᠠᠨ ᠰᠤᠷᠪᠤᠯᠵᠢᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠭᠤᠷᠪᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠲᠤᠰ ᠬᠠᠷᠢᠶ᠎ᠠ ᠣᠷᠣᠨ᠂ ᠲᠤᠰ ᠨᠢᠬᠡᠴᠢ ᠶᠢᠨ ᠢᠶᠠᠨ 12 ᠳ᠋ᠤᠭᠠᠷ ᠰᠠᠷ᠎ᠠ ᠶᠢᠨ 3᠎ ᠤ ᠡᠳᠦᠷ ᠠᠴᠠ ᠨᠠᠰᠢ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ᠳᠣᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠂ ᠳ᠋ᠠᠯᠢᠶᠠᠨ ᠬᠤᠲᠠ ᠶᠢᠨ ᠶᠢᠨ ᠫᠦ᠋ ᠰᠢᠨ᠎ᠡ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ ᠶᠢᠨ ᠷᠦᠨ ᠰᠠᠭᠤᠭᠠᠯᠢ ᠲᠣᠭᠤᠷᠢᠭ ᠤᠨ B ᠲᠣᠭᠤᠷᠢᠭ ᠠᠴᠠ ᠮᠠᠨ ᠤ ᠬᠤᠰᠢᠭᠤᠨ ᠳᠤ ᠢᠷᠡᠵᠦ ᠶᠠᠪᠤᠬᠤ ᠬᠥᠮᠦᠰ ᠢ ᠪᠦᠬᠦ ᠲᠠᠯ᠎ᠠ ᠪᠠᠷ ᠪᠠᠶᠢᠴᠠᠭᠠᠬᠤ ᠬᠡᠷᠡᠭᠲᠡᠶ᠃ ᠪᠠᠶᠢᠴᠠᠭᠠᠯᠲᠠ ᠳᠤ ᠢᠯᠡᠷᠡᠭᠦᠯᠦᠭᠰᠡᠨ ᠬᠠᠮᠢᠶ᠎ᠠ ᠪᠥᠬᠦᠶ ᠬᠥᠮᠦᠰ ᠴᠠᠭ ᠲᠤᠬᠠᠶ ᠳᠤᠨᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠮᠡᠳᠡᠭᠦᠯᠵᠦ ᠲᠥᠪᠯᠡᠷᠡᠭᠦᠯᠦᠨ ᠲᠤᠰᠠᠭᠠᠷᠯᠠᠬᠤ᠂ ᠪᠥᠭᠡᠮ ᠬᠦᠴᠢᠯ ᠤᠨ ᠪᠠᠶᠢᠴᠠᠭᠠᠯᠳᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠲᠠᠨ ᠤ ᠮᠡᠳᠡᠭᠡ ᠵᠠᠩᠭᠢ ᠶᠢ ᠬᠠᠮᠤᠭ ᠲᠡᠷᠢᠭᠦᠨ ᠳᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠬᠠᠷᠢᠭᠤ ᠲᠤᠰᠬᠠᠬᠤ ᠬᠡᠷᠡᠭᠲᠡᠶ᠃ ᠬᠤᠰᠢᠭᠤᠨ ᠤ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠤᠲᠠᠰᠤ᠄ 0477 - 8681617᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠤᠲᠠᠰᠤ᠄ 0477-869149᠃      ᠳᠥᠷᠪᠡ᠂ ᠤᠳᠤ ᠠᠴᠠ ᠡᠬᠢᠯᠡᠨ᠂ ᠣᠷᠳᠣᠰ ᠨᠢᠰᠬᠡᠯ ᠤᠨ ᠪᠠᠭᠤᠳᠠᠯ᠂ ᠣᠷᠳᠣᠰ ᠭᠠᠯᠲᠤ ᠲᠡᠷᠭᠡᠨ ᠥᠷᠲᠡᠭᠡ ᠪᠠ ᠠᠯᠳᠠᠨᠰᠢᠷᠡᠭᠡ ᠪᠠᠯᠭᠠᠰᠤᠨ ᠤ ᠮᠠᠰᠢᠨ ᠲᠡᠷᠭᠡᠨ ᠤ ᠥᠷᠲᠡᠭᠡ ᠨᠢ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ᠳᠣᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠂ ᠳ᠋ᠠᠯᠢᠶᠠᠨ ᠬᠤᠲᠠ ᠶᠢᠨ ᠶᠢᠨ ᠫᠦ᠋ ᠰᠢᠨ᠎ᠡ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ ᠶᠢᠨ ᠷᠦᠨ ᠰᠠᠭᠤᠭᠠᠯᠢ ᠲᠣᠭᠤᠷᠢᠭ ᠤᠨ B ᠲᠣᠭᠤᠷᠢᠭ ᠠᠴᠠ ᠮᠠᠨ ᠤ ᠬᠤᠰᠢᠭᠤᠨ ᠳᠤ ᠢᠷᠡᠵᠦ ᠪᠤᠴᠠᠬᠤ ᠬᠥᠮᠦᠰ ᠢ ᠪᠠᠶᠢᠴᠠᠭᠠᠬᠤ ᠪᠠᠨ ᠴᠢᠩᠭᠠᠳᠬᠠᠵᠤ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠨᠢ ᠪᠢᠯᠢᠭ ᠴᠢᠨᠠᠷ ᠤᠨ ᠮᠡᠳᠡᠭᠦᠯᠦᠯᠲᠡ ᠲᠠᠢ ᠪᠣᠯ᠂ ᠪᠡᠶ᠎ᠡ ᠶᠢᠨ ᠲᠤᠯᠠᠭᠠᠨ ᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠭᠦᠯᠦᠨ᠎ᠡ︔ ᠬᠡᠷᠪᠡ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷᠲᠠᠶ ᠮᠡᠳᠡᠭᠡ ᠵᠠᠩᠭᠢ ᠬᠠᠩᠭᠠᠵᠤ ᠲᠡᠶᠢᠯᠬᠦ ᠥᠬᠡᠶ ᠪᠤᠶᠤ ᠪᠥᠭᠡᠮ ᠬᠦᠴᠢᠯ ᠤᠨ ᠪᠠᠶᠢᠴᠠᠭᠠᠯᠳᠠ ᠶᠢ ᠬᠢᠭᠰᠡᠨ ᠦᠬᠡᠢ ᠪᠣᠯ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠪᠠ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠡᠷᠡᠭᠲᠡᠶ᠃ ᠠᠳᠡ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠬᠥᠮᠦᠨ ᠣᠯᠠᠨ ᠪᠠᠶᠢᠭ᠎ᠠ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠠᠢ ᠢᠳᠡᠪᠬᠢᠲᠡᠶ ᠬᠠᠮᠵᠢᠯᠴᠠᠵᠤ᠂ ᠪᠡᠶ᠎ᠡ ᠶᠢᠨ ᠦᠨᠡᠮᠯᠡᠯ ᠵᠢᠴᠢ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠵᠡᠷᠭᠡ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠬᠤ ᠠᠵᠢᠯᠳᠠᠨ ᠳᠤ ᠬᠠᠩᠭᠠᠵᠤ᠂ ᠬᠠᠩᠭᠠᠭᠰᠠᠨ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠮᠡᠳᠡᠭᠦᠯᠬᠦ ᠪᠠ ᠪᠥᠭᠡᠮ ᠬᠦᠴᠢᠯ ᠤᠨ ᠪᠠᠶᠢᠴᠠᠭᠠᠯᠳᠠ ᠶᠢᠨ ᠮᠡᠳᠡᠭᠡ ᠵᠠᠩᠭᠢ ᠨᠢ ᠦᠨᠡᠨ ᠪᠣᠳᠠᠲᠠᠶ ᠪᠠᠶᠢᠵᠤ᠂ ᠦᠨᠡᠨ ᠎ ᠪᠠᠷ ᠮᠡᠳᠡᠬᠦᠯᠬᠦ ᠦᠬᠡᠢ᠂ ᠬᠤᠳᠠᠯ ᠢᠶᠠᠷ ᠮᠡᠳᠡᠬᠦᠯᠪᠡᠯ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠠ᠃      ᠲᠠᠪᠤ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠲᠦᠷᠫᠠᠨ ᠬᠤᠲᠠ᠂ ᠬᠠᠷᠠᠮᠥ᠋ᠷᠡᠨ ᠮᠤᠵᠢ ᠶᠢᠨ ᠮᠤ᠋ ᠳ᠋ᠠᠨ ᠵᠢᠶᠠᠩ ᠬᠤᠲᠠ᠂ ᠰᠧᠴᠤᠸᠠᠨ ᠮᠤᠵᠢ ᠶᠢᠨ ᠴᠧᠩᠳᠦ᠋ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠬᠢᠵᠢᠭ ᠤᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠵᠦ ᠪᠤᠴᠠᠬᠤ ᠬᠥᠮᠦᠰ᠂ ᠦᠷᠭᠦᠯᠵᠢᠯᠡᠨ ᠬᠤᠰᠢᠭᠤᠨ ᠤ ᠵᠢᠯᠣᠭᠤᠳᠬᠤ ᠭᠠᠵᠠᠷ ᠤᠨ ᠲᠦᠷᠦᠬᠦᠬᠡᠨ ᠤ ᠵᠠᠷᠯᠠᠯ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      ᠵᠢᠷᠭᠤᠭ᠎ᠠ᠂ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠬᠤᠳᠠᠯᠳᠤᠭᠠᠨ ᠤ ᠭᠠᠵᠠᠷ᠂ ᠺᠢᠨᠣ᠋ ᠶᠢᠨ ᠣᠷᠳᠣᠨ᠂ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠨᠢ ᠬᠤᠲᠠ᠂ ᠬᠤᠰᠢᠭᠤᠨ ᠤ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠬᠤ ᠡᠭᠦᠳᠡ ᠶᠢᠨ ᠢᠯᠡ ᠪᠠᠶᠢᠷᠢᠨ ᠳᠤ ᠰᠡᠷᠭᠡᠶᠢᠯᠡᠨ ᠡᠵᠡᠮᠳᠡᠬᠦ ᠰᠠᠨᠠᠭᠤᠯᠤᠮᠵᠢ ᠶᠢ ᠲᠠᠯᠪᠢᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ︽ᠪᠡᠶ᠎ᠡ ᠶᠢᠨ ᠲᠤᠯᠠᠭᠠᠨ ᠢ ᠬᠡᠮᠵᠢᠬᠦ᠂ ᠺᠣᠳ᠋ ᠢᠶᠠᠨ ᠦᠵᠡᠭᠦᠯᠬᠦ᠂ ᠠᠮᠠᠪᠴᠢ ᠵᠡᠭᠦᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠬᠡᠷ ᠳᠣᠲᠣᠷ᠎ᠠ ᠰᠠᠯᠬᠢ ᠨᠡᠪᠲᠡᠷᠡᠭᠦᠯᠬᠦ ᠶᠢ ᠴᠢᠩᠭᠠᠳᠬᠠᠵᠤ᠂ ᠡᠳᠦᠷ ᠲᠤᠲᠤᠮ ᠤᠨ ᠠᠷᠢᠭᠤᠨ ᠴᠡᠪᠡᠷ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠰᠡᠷᠭᠡᠶᠢᠯᠡᠯᠲᠠ ᠶᠢ ᠰᠠᠶᠢᠲᠤᠷ ᠬᠢᠬᠦ ᠬᠡᠷᠡᠭᠲᠡᠶ᠃      ᠳᠣᠯᠤᠭ᠎ᠠ᠂ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠬᠦᠩᠬᠡᠨ ᠬᠠᠭᠤᠳᠠᠮ ᠦᠵᠡᠯ ᠰᠠᠨᠠᠭ᠎ᠠ ᠶᠢ ᠲᠡᠪᠴᠢᠵᠦ᠂ ᠳᠡᠭᠡᠳᠦ ᠬᠡᠮᠵᠢᠶᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠦᠷᠭᠦᠯᠵᠢᠯᠡᠨ ᠪᠠᠷᠢᠮᠲᠠᠯᠠᠵᠤ ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠦᠷᠭᠦᠯᠵᠢ ᠭᠠᠷ ᠢᠶᠠᠨ ᠤᠬᠢᠶᠠᠨ᠂ ᠰᠠᠯᠬᠢ ᠨᠡᠪᠲᠡᠷᠡᠭᠦᠯᠵᠦ᠂ ᠴᠤᠭᠯᠠᠭᠠᠨ ᠳᠤ ᠤᠴᠢᠬᠤ ᠦᠬᠡᠢ᠂ ᠪᠤᠰᠤᠳ ᠠᠴᠠ 1 ᠮᠧᠲᠷ ᠶᠢᠨ ᠵᠠᠶ ᠶᠢ ᠪᠠᠲᠤᠯᠠᠬᠤ ᠬᠡᠷᠡᠭᠲᠡᠶ᠃ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ ᠵᠡᠷᠭᠡ ᠪᠠᠶᠢᠳᠠᠯ ᠢᠯᠡᠷᠡᠪᠡᠯ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠪᠠᠶᠢᠴᠠᠭᠠᠵᠤ ᠣᠨᠣᠰᠢᠯᠠᠨ ᠡᠮᠨᠡᠬᠦ ᠬᠡᠷᠡᠭᠲᠡᠶ᠃ ᠠᠯᠳᠠᠨᠰᠢᠷᠡᠭᠡ ᠪᠠᠯᠭᠠᠰᠤᠨ ᠤ ᠬᠤᠲᠠ ᠶᠢᠨ ᠲᠣᠭᠤᠷᠢᠭ ᠠᠴᠠ ᠨᠡᠯᠢᠶᠡᠳ ᠬᠤᠯᠠ ᠰᠠᠭᠤᠭᠠᠯᠢ ᠠᠷᠠᠳ ᠣᠶᠢᠷ᠎ᠠ ᠬᠠᠪᠢ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠡᠮᠨᠡᠭᠦᠯᠬᠦ ᠬᠡᠷᠡᠭᠲᠡᠶ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠵᠦ᠂ ᠪᠥᠬᠦ ᠶᠠᠪᠤᠴᠠ ᠳᠤ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃      12 ᠰᠠᠷ᠎ᠠ ᠶᠢᠨ 20᠎ ᠤ ᠡᠳᠦᠷ ᠪᠣᠯᠲᠠᠯ᠎ᠠ᠂ ᠪᠥᠬᠦ ᠤᠯᠤᠰ ᠤᠨ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠨᠡᠷᠡᠰ ︵ᠨᠡᠶᠢᠲᠡ 14 ᠪᠣᠶ︶᠃      1 . ᠦᠨᠳᠦᠷ ᠠᠶᠤᠯ ᠲᠦᠭᠰᠢᠭᠦᠷᠢᠳᠠᠢ ᠣᠷᠣᠨ ︵0︶      2 . ᠳᠤᠮᠳᠠ ᠵᠡᠷᠭᠡ ᠶᠢᠨ ᠲᠦᠭᠰᠢᠭᠦᠷᠢᠳᠠᠢ ᠭᠠᠵᠠᠷ ᠣᠷᠣᠨ ︵14︶      ︵1︶ ᠪᠡᠭᠡᠵᠢᠩ ᠬᠤᠳᠠ ︵1︶       ᠴᠤᠤ ᠶᠠᠩ ᠲᠣᠭᠤᠷᠢᠭ ᠤᠨ ᠵᠢᠦ ᠰᠢᠶᠠᠨ ᠵᠡᠭᠡᠯᠢ ᠭᠤᠳᠤᠮᠵᠢ ᠶᠢᠨ ᠬᠠᠨ ᠲᠢᠩ ᠪᠠᠭᠤᠳᠠᠯ ᠤᠨ ᠳ᠋ᠠ ᠱᠠᠨ ᠽᠢ ᠪᠠᠭᠤᠳᠠᠯ ︵ ᠲᠤᠤᠷᠠᠳᠤ ᠳᠠᠪᠬᠤᠷᠭ᠎ᠠ ᠶᠢᠨ ᠳᠡᠯᠭᠡᠭᠦᠷ ᠪᠠᠭᠲᠠᠨ᠎ᠠ︶᠃      ︵2︶ ᠯᠢᠶᠣᠤᠨᠢᠩ ᠮᠤᠵᠢ ︵1︶      ᠳ᠋ᠠᠯᠢᠶᠠᠨ ᠬᠤᠲᠠ ᠶᠢᠨ ᠶᠢᠨ ᠵᠸᠤ ᠲᠣᠭᠤᠷᠢᠭ ᠤᠨ ᠲᠡᠷᠢᠭᠦᠨ ᠤ ᠵᠡᠭᠡᠯᠢ ᠭᠤᠳᠤᠮᠵᠢ ᠶᠢᠨ ᠶᠢᠨ ᠷᠦᠨ ᠰᠠᠭᠤᠭᠠᠯᠢ ᠲᠣᠭᠤᠷᠢᠭ ᠤᠨ B ᠲᠣᠭᠤᠷᠢᠭ᠃      ︵3︶ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ︵1︶      ᠲᠦᠷᠫᠠᠨ ᠬᠤᠲᠠ ᠶᠢᠨ ᠭᠤᠤ ᠴᠠᠩ ᠲᠣᠭᠤᠷᠢᠭ ᠤᠨ ᠬᠤᠩ ᠳ᠋ᠦᠨ ᠰᠠᠭᠤᠭᠠᠯᠢ ᠲᠣᠭᠤᠷᠢᠭ᠃      ︵4︶ ᠬᠠᠷᠠᠮᠥ᠋ᠷᠡᠨ ᠮᠤᠵᠢ ︵4︶      ᠮᠤ᠋ ᠳ᠋ᠠᠨ ᠵᠢᠶᠠᠩ ᠬᠤᠲᠠ ᠶᠢᠨ ᠳ᠋ᠦᠩ ᠨᠢᠩ ᠬᠤᠲᠠ ᠶᠢᠨ ᠭᠤᠤᠯ ᠨᠡᠶᠢᠬᠡᠮ ᠲᠣᠭᠤᠷᠢᠭ᠂ ᠮᠤ᠋ ᠳ᠋ᠠᠨ ᠵᠢᠶᠠᠩ ᠬᠤᠲᠠ ᠶᠢᠨ ᠰᠦᠢ ᠹᠧᠨ ᠾᠧ ᠬᠤᠲᠠ ᠶᠢᠨ ᠴᠢᠩ ᠶᠦᠨ ᠰᠠᠭᠤᠭᠠᠯᠢ ᠲᠣᠭᠤᠷᠢᠭ᠂ ᠮᠤ᠋ ᠳ᠋ᠠᠨ ᠵᠢᠶᠠᠩ ᠬᠤᠲᠠ ᠶᠢᠨ ᠰᠦᠢ ᠹᠧᠨ ᠾᠧ ᠬᠤᠲᠠ ᠶᠢᠨ ᠬᠠᠢ ᠷᠦᠩ ᠹᠦ᠋ ᠬᠤᠸᠠ ᠶᠤᠸᠠᠨ ᠰᠠᠭᠤᠭᠠᠯᠢ ᠲᠣᠭᠤᠷᠢᠭ᠂ ᠮᠤ᠋ ᠳ᠋ᠠᠨ ᠵᠢᠶᠠᠩ ᠬᠤᠲᠠ ᠶᠢᠨ ᠰᠦᠢ ᠹᠧᠨ ᠾᠧ ᠬᠤᠲᠠ ᠶᠢᠨ ᠪᠤᠬ᠎ᠠ ᠲᠡᠷᠭᠡᠨ ᠤ ᠶᠠᠪᠤᠳᠠᠯ ᠤᠨ ᠬᠡᠰᠡᠭ ᠤᠨ ᠲᠡᠮᠦᠷ ᠵᠠᠮ ᠤᠨ ᠶᠡᠷᠦᠩᠬᠡᠢᠯᠡᠭᠰᠡᠨ ᠠᠰᠠᠷ᠃      ︵5︶ ᠰᠧᠴᠤᠸᠠᠨ ᠮᠤᠵᠢ ︵6︶      ᠴᠧᠩᠳᠦ᠋ ᠬᠤᠲᠠ ᠶᠢᠨ ᠫᠢ ᠳ᠋ᠦ᠋ ᠲᠣᠭᠤᠷᠢᠭ ᠤᠨ ᠰᠠᠨ ᠳ᠋ᠤᠤ ᠶᠠᠨ ᠪᠠᠯᠭᠠᠰᠤᠨ ᠤ ᠪᠠ ᠪᠦ᠋ ᠴᠢᠶᠣᠤ ᠨᠡᠶᠢᠭᠡᠮ ᠲᠣᠭᠤᠷᠢᠭ ᠤᠨ ᠨᠠᠢᠮᠠᠳᠤᠭᠠᠷ ᠳᠤᠭᠤᠶᠢᠯᠠᠩ ᠤᠨ ᠲᠥᠪᠬᠢᠨᠡᠭᠦᠯᠬᠦ ᠴᠡᠭ᠂ ᠴᠧᠩᠳᠦ᠋ ᠬᠤᠲᠠ ᠶᠢᠨ ᠴᠧᠩ ᠬᠤᠸᠠ ᠲᠣᠭᠤᠷᠢᠭ ᠤᠨ ᠼᠦᠢ ᠵᠢᠶᠠ ᠳ᠋ᠢᠶᠠᠨ ᠤ ᠬᠤᠸᠠ ᠳ᠋ᠦ᠋ ᠶᠦᠨ ᠵᠢᠩ ᠲᠠᠢ ᠰᠠᠭᠤᠭᠠᠯᠢ ᠲᠣᠭᠤᠷᠢᠭ ︵ᠳᠣᠣᠷ᠎ᠠ ᠳᠠᠪᠬᠤᠷᠭ᠎ᠠ ᠶᠢᠨ ᠬᠤᠳᠠᠯᠳᠤᠭ᠎ᠠ ᠪᠠᠭᠲᠠᠨ᠎ᠠ︶᠂ ᠴᠧᠩᠳᠦ᠋ ᠬᠤᠲᠠ ᠶᠢᠨ ᠫᠢ ᠳ᠋ᠦ᠋ ᠲᠣᠭᠤᠷᠢᠭ ᠤᠨ ᠫᠢ ᠲᠦᠩ ᠵᠡᠭᠡᠯᠢ ᠭᠤᠳᠤᠮᠵᠢ ᠶᠢᠨ ᠲᠠᠢ ᠫᠢᠩ ᠲᠣᠰᠬᠤᠨ᠂ ᠴᠧᠩᠳᠦ᠋ ᠬᠤᠲᠠ ᠶᠢᠨ ᠫᠢ ᠳ᠋ᠦ᠋ ᠲᠣᠭᠤᠷᠢᠭ ᠤᠨ ᠲᠠᠩ ᠴᠠᠩ ᠪᠠᠯᠭᠠᠰᠤᠨ ᠤ ᠶᠦᠩ ᠠᠨ ᠲᠣᠰᠬᠤᠨ ᠤ 8 ᠳ᠋ᠤᠭᠠᠷ ᠳᠤᠭᠤᠶᠢᠯᠠᠩ᠂ ᠴᠧᠩᠳᠦ᠋ ᠬᠤᠲᠠ ᠶᠢᠨ ᠫᠢ ᠳ᠋ᠦ᠋ ᠲᠣᠭᠤᠷᠢᠭ ᠤᠨ ᠫᠢ ᠲᠦᠩ ᠵᠡᠭᠡᠯᠢ ᠶᠢᠨ ᠪᠥᠸᠧ ᠯᠥᠸᠧ ᠨᠡᠶᠢᠭᠡᠮ ᠲᠣᠭᠤᠷᠢᠭ ᠤᠨ ᠵᠦᠩ ᠲᠢᠶᠧ ᠤᠣ ᠸᠧᠢ ᠡᠯ ᠲᠣᠭᠤᠷᠢᠭ ᠤᠨ ᠬᠤᠶᠠᠳᠤᠭᠠᠷ ᠬᠤᠭᠤᠴᠠᠭ᠎ᠠ ᠪᠠ ᠭᠤᠷᠪᠠᠳᠤᠭᠠᠷ ᠬᠤᠭᠤᠴᠠᠭ᠎ᠠ᠂ ᠴᠧᠩᠳᠦ᠋ ᠬᠤᠲᠠ ᠶᠢᠨ ᠫᠢ ᠳ᠋ᠦ᠋ ᠲᠣᠭᠤᠷᠢᠭ ᠤᠨ ᠰᠢ ᠫᠦ᠋ ᠵᠡᠬᠡᠯᠢ ᠶᠢᠨ ᠰᠢ ᡂᠢ ᠨᠡᠶᠢᠭᠡᠮ ᠲᠣᠭᠤᠷᠢᠭ ᠤᠨ ᠬᠤᠶᠠᠳᠤᠭᠠᠷ ᠳᠤᠭᠤᠶᠢᠯᠠᠩ᠃      ︵6︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵1︶      ᠬᠥᠯᠥᠨ ᠪᠤᠶᠢᠷ ᠬᠤᠳᠠ ᠶᠢᠨ ᠵᠠᠯᠠᠶᠢᠨᠠᠭᠤᠷ ᠲᠣᠭᠤᠷᠢᠭ ᠤᠨ ᠳᠥᠷᠪᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃                        ᠡᠵᠡᠨ ᠬᠤᠷᠤᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ                        ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ                        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                      2020 ᠤᠨ ᠤ 12 ᠰᠠᠷ᠎ᠠ ᠶᠢᠨ 21᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号