| | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | 12 ᠰᠠᠷ᠎ᠠ ᠶᠢᠨ 20 ᠤ ᠡᠳᠦᠷ᠂ ᠣᠷᠳᠣᠰ ᠬᠤᠲᠠ ᠶᠢᠨ ᠲᠣᠰ ᠱᠠᠲᠤᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ | ᠣᠷᠳᠣᠰ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠤᠣᠯᠳᠠᠯᠭ᠎ᠠ ᠲᠠᠢ ᠬᠥᠮᠦᠰ ᠤᠨ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ | ᠬᠤᠲᠠ ᠶᠢᠨ ᠲᠣᠰ ᠱᠠᠲᠤᠨ ᠤ ᠲᠠᠷᠢᠯᠭ᠎ᠠ ᠶᠢᠨ ᠠᠵᠢᠯ ᠤᠨ ᠲᠥᠰᠦᠯ ᠤᠨ ᠲᠤᠬᠠᠶ ᠲᠠᠶᠢᠯᠤᠮᠵᠢ ᠬᠢᠪᠠ᠃ | ᠢᠦᠶ ᠷᠧᠨ ᠵᠢᠶᠧ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ | ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠤᠳᠤᠷᠢᠳᠤᠯᠭ᠎ᠠ ᠪᠠᠨ ᠴᠢᠩᠭᠠᠳᠬᠠᠨ᠂ ᠪᠥᠬᠦ ᠬᠦᠴᠦᠨ ᠢᠶᠠᠷ ᠠᠬᠢᠭᠤᠯᠵᠤ᠂ ᠰᠡᠷᠭᠡᠶᠢᠯᠡᠨ ᠡᠵᠡᠮᠳᠡᠵᠦ ᠤᠯᠤᠭᠰᠠᠨ | ᠦᠷ᠎ᠡ ᠪᠦᠲᠦᠭᠡᠯ ᠢᠶᠠᠨ ᠡᠷᠡᠰ ᠪᠠᠬᠢᠵᠢᠭᠦᠯᠬᠦ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠠᠵᠢᠯᠲᠠᠨ ᠢ ᠵᠣᠬᠢᠶᠠᠨ ᠪᠠᠶᠢᠭᠤᠯᠬᠤ᠂ | ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠨᠢᠭᠲᠠ ᠬᠠᠮᠵᠢᠯᠴᠠᠬᠤ᠂ ᠬᠦᠴᠦ ᠪᠠᠨ | ᠬᠠᠮᠲᠤᠳᠬᠠᠨ ᠠᠬᠢᠭᠤᠯᠬᠤ᠂ ᠪᠦᠲᠦᠮᠵᠢᠲᠡᠶ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ | ᠠᠵᠢᠯ ᠤᠨ ᠥᠨᠳᠥᠷ ᠪᠦᠲᠦᠮᠵᠢᠲᠡᠶ ᠶᠠᠪᠤᠬᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ | ᠡᠷᠴᠢᠮ ᠢᠶᠠᠨ ᠨᠡᠮᠡᠭᠳᠡᠭᠦᠯᠵᠦ᠂ ᠠᠵᠢᠯᠲᠠᠨ ᠢ ᠳᠠᠶᠢᠴᠢᠯᠠᠬᠤ ᠪᠠᠨ ᠴᠢᠩᠭᠠᠳᠬᠠᠨ᠂ ᠠᠷᠠᠳ ᠢᠷᠭᠡᠳ ᠤᠨ ᠸᠠᠺᠼᠢᠨ ᠤ | ᠲᠠᠷᠢᠯᠭ᠎ᠠ ᠲᠠᠷᠢᠬᠤ ᠬᠠᠷᠢᠭᠤᠴᠠᠯᠭ᠎ᠠ ᠪᠣᠯᠤᠨ ᠡᠭᠦᠷᠭᠡ ᠶᠢ ᠴᠢᠩᠭᠠᠳᠬᠠᠨ᠂ ᠲᠠᠷᠢᠯᠭ᠎ᠠ ᠲᠠᠷᠢᠬᠤ ᠬᠥᠮᠦᠰ ᠤᠨ | ᠪᠠᠶᠢᠳᠠᠯ ᠢ ᠤᠶᠢᠯᠠᠭᠠᠨ ᠳᠠᠩᠰᠠᠯᠠᠬᠤ᠂ ᠤᠬᠠᠭᠤᠯᠤᠨ ᠳᠠᠶᠢᠴᠢᠯᠠᠬᠤ ᠪᠠ ᠵᠤᠬᠢᠴᠠᠭᠤᠯᠬᠤ ᠵᠡᠷᠭᠡ ᠠᠵᠢᠯ ᠢ ᠬᠢᠨᠠᠮᠠᠭᠠᠶ | ᠬᠢᠵᠦ᠂ ᠣᠯᠠᠨ ᠲᠦᠮᠡᠨ ᠤ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠨ ᠤᠬᠠᠭᠤᠯᠬᠤ ᠠᠵᠢᠯ ᠢ ᠰᠠᠶᠢᠲᠤᠷ ᠬᠢᠵᠦ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ | ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠬᠠᠯᠠᠮᠵᠢᠯᠠᠨ ᠳᠡᠮᠵᠢᠬᠦ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠶ᠃ ᠬᠢᠨᠠᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠳᠤᠮᠳᠠᠬᠢ ᠲᠤᠳᠠᠭᠳᠠᠯ ᠲᠠᠢ ᠭᠠᠵᠠᠷ ᠢᠶᠠᠨ | ᠭᠦᠨᠵᠡᠭᠡᠢ ᠡᠷᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠤᠨ᠂ ᠴᠡᠭᠴᠡᠯᠡᠨ ᠰᠠᠶᠢᠵᠢᠷᠠᠭᠤᠯᠵᠤ᠂ ᠠᠯᠳᠠᠭ᠎ᠠ | ᠲᠤᠳᠠᠭᠳᠠᠯ ᠢᠶᠠᠨ ᠲᠠᠷᠤᠢ ᠳᠤᠨᠢ ᠵᠠᠯᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠬᠤᠳᠠ ᠶᠢᠨ | ᠵᠢᠯᠣᠭᠤᠳᠬᠤ ᠭᠠᠵᠠᠷ ᠲᠤ ᠮᠡᠳᠡᠭᠦᠯᠵᠦ᠂ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠬᠤ | ᠬᠡᠷᠡᠭᠲᠡᠢ ᠬᠡᠪᠡ᠃ | | | | | | |