ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠲᠡ ᠶᠢ ᠴᠢᠩᠭ᠎ᠠ ᠠᠳᠬᠤᠵᠤ ᠪᠠᠶᠢᠬᠤ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/12/23
         ᠰᠤᠷᠪᠤᠯᠵᠢᠯᠠᠭᠰᠠᠨ ᠴᠠᠭ᠄      2020ᠤᠨ ᠤ12ᠰᠠᠷ᠎ᠠ ᠶᠢᠨ14᠎ ᠤ ᠡᠳᠦᠷ      2020ᠤᠨ ᠤ12ᠰᠠᠷ᠎ᠠ ᠶᠢᠨ15᠎ ᠤ ᠡᠳᠦᠷ      ᠰᠤᠷᠪᠤᠯᠵᠢᠯᠠᠭ᠎ᠠ ᠬᠦᠯᠢᠶᠡᠭᠴᠢ᠄      ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠪᠠᠭᠰᠢ᠂ ᠭᠡᠷ ᠤᠨ ᠠᠬᠠᠮᠠᠳ᠂ ᠰᠤᠷᠤᠭᠴᠢ      ᠰᠤᠷᠪᠤᠯᠵᠢᠯᠠᠭ᠎ᠠ ᠶᠢᠨ ᠠᠭᠤᠯᠭ᠎ᠠ᠄      ᠡᠨᠡ ᠵᠢᠯ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠬᠢᠵᠢᠭ ᠡᠬᠦᠰᠦᠭᠰᠡᠨ ᠤ ᠲᠠᠷᠠᠭ᠎ᠠ᠂ ᠰᠤᠷᠭᠠᠨ ᠬᠦᠮᠤᠵᠢᠯ ᠳᠤ ᠪᠠᠨ ᠰᠢᠨ᠎ᠠ ᠠᠷᠭ᠎ᠠ ᠭᠡᠮᠵᠢᠶ᠎ᠠ ᠠᠪᠴᠤ᠂ ᠰᠤᠷᠤᠭᠴᠢᠳ ᠤᠨ ᠰᠤᠷᠤᠯᠴᠠᠬᠤ ᠤᠷᠮ᠎ᠠ ᠵᠢᠴᠢ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠳᠤ ᠰᠡᠳᠬᠢᠯ ᠲᠠᠯᠪᠢᠵᠤ᠂ ᠡᠯ᠎ᠡ ᠠᠩᠬᠢ ᠨᠢᠭᠡᠴᠡ ᠶᠢᠨ ᠬᠢᠨ ᠦᠪᠠᠷ ᠦᠪᠠᠷ ᠤᠨ ᠪᠠᠶᠢᠳᠠᠯ ᠢᠶᠠᠨ ᠦᠨᠳᠤᠰᠤᠯᠡᠨ᠂ ᠠᠩᠬᠢ ᠪᠠᠷ ᠨᠢᠭᠡᠴᠢ ᠪᠤᠯᠭᠠᠨ ᠰᠤᠶᠤᠯ᠂ ᠲᠠᠮᠢᠷ᠂ ᠤᠷᠠᠯᠢᠭ᠂ ᠵᠢᠷᠤᠭ ᠵᠡᠷᠭᠡ ᠪᠠᠷ ᠠᠭᠤᠯᠭ᠎ᠠ ᠪᠤᠯᠭᠠᠨ ᠰᠤᠨᠢᠷᠬᠠᠯᠲᠤ ᠬᠦᠳᠡᠯᠭᠡᠭᠡᠨ ᠦᠷᠨᠢᠬᠦᠯᠵᠦ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠴᠢᠩᠭ᠎ᠠ ᠠᠳᠬᠤᠵᠤ ᠪᠠᠶᠢᠨ᠎ᠠ᠃      ᠡᠭᠦᠨ ᠤ ᠲᠤᠬᠠᠢ ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠬᠤᠶᠠᠷ ᠠᠩᠬᠢ ᠶᠢᠨ ᠦᠷᠨᠢᠬᠦᠯᠦᠭᠰᠡᠨ ᠰᠢᠯᠦᠭ ᠤᠨ ᠤᠷᠤᠯᠳᠤᠭᠠᠨ ᠪᠠ ᠵᠠᠩ ᠦᠢᠯᠡ ᠶᠢᠨ ᠭᠠᠷ ᠦᠢᠯᠡᠳᠦᠯᠭᠡ ᠶᠢᠨ ᠬᠢᠴᠢᠶᠡᠯ ᠤᠨ ᠠᠬᠤᠢ ᠲᠠᠯᠠᠪᠠᠢ ᠳᠤ ᠬᠦᠷᠴᠦ ᠨᠠᠷᠢᠨ ᠪᠠᠶᠢᠳᠠᠯ ᠢ ᠣᠶᠢᠯᠠᠭᠠᠵᠤ ᠰᠤᠷᠪᠤᠯᠵᠢᠯᠠᠭ᠎ᠠ ᠠᠪᠤᠭᠰᠠᠨ ᠪᠠᠶᠢᠨ᠎ᠠ᠃      ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ 1      12 ᠰᠠᠷ᠎ᠠ ᠶᠢᠨ14᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠲᠦᠷᠪᠡᠳᠤᠭᠡᠷ ᠤᠨ ᠤ ᠠ ᠠᠩᠬᠢ  ︽ᠰᠤᠯᠤᠩᠭᠠᠨ ᠤᠶᠠᠩᠭ᠎ᠠ︾ ᠰᠢᠯᠦᠭ ᠤᠨ ᠤᠷᠤᠯᠳᠤᠭᠠᠨ ᠦᠷᠨᠢᠬᠦᠯᠵᠦ᠂ ᠰᠤᠷᠪᠤᠯᠵᠢᠯᠠᠭᠴᠢ ᠰᠢᠯᠦᠭ ᠤᠨ ᠤᠷᠤᠯᠳᠤᠭᠠᠨ ᠤ ᠠᠬᠤᠢ ᠲᠠᠯᠠᠪᠠᠢ ᠳᠤ ᠬᠦᠷᠦᠭᠡᠳ ᠲᠤᠰ ᠤᠳᠠᠭᠠᠨ ᠤ ᠰᠢᠯᠦᠭ ᠤᠨ ᠤᠷᠤᠯᠳᠤᠭᠠᠨ ᠢ ᠰᠡᠳᠦᠨ ᠬᠢᠭᠰᠡᠨ ᠲᠤᠰ ᠠᠩᠭᠢ ᠶᠢᠨ ᠬᠡᠯᠡ ᠪᠢᠴᠢᠭ ᠤᠨ ᠪᠠᠭᠰᠢ ᠨᠠᠷᠠᠰᠤ  ᠂  ᠭᠡᠷ ᠤᠨ ᠠᠬᠠᠮᠠᠳ ᠰᠠᠷᠠᠨ᠎ᠠ  ᠵᠢᠴᠢ ᠰᠤᠷᠤᠭᠴᠢ ᠠᠰᠤᠷᠤ ᠶᠢ ᠰᠤᠷᠪᠤᠯᠵᠢᠯᠠᠪᠠ᠃      ᠰᠤᠷᠪᠤᠯᠵᠢᠯᠠᠭᠴᠢ᠄  ᠨᠠ᠊ ᠪᠠᠭᠰᠢ ᠪᠢᠳᠠᠨ ᠳᠤ ᠲᠤᠰ ᠤᠳᠠᠭᠠᠨ ᠤ ᠠᠩᠭᠢ ᠨᠢᠭᠡᠴᠡ ᠶᠢᠨ ᠰᠢᠯᠦᠭ ᠤᠨ ᠤᠷᠤᠯᠳᠤᠭᠠᠨ ᠢ ᠡᠷᠬᠢᠯᠡᠵᠤ ᠬᠢᠭᠰᠡᠨ ᠵᠣᠷᠢᠯᠭ᠎ᠠ ᠪᠠᠨ ᠳᠦᠬᠦᠮ ᠲᠠᠨᠢᠯᠴᠠᠭᠤᠯᠤᠨ᠎ᠠ ᠤᠤ︖      ᠨᠠᠷᠠᠰᠤ ᠪᠠᠭᠰᠢ᠄      ︽ᠡᠨᠡ ᠤᠳᠠᠭᠠᠨ ᠤ ᠰᠢᠯᠦᠭ ᠤᠨ ᠤᠷᠤᠯᠳᠤᠭᠠᠨ ᠢ ᠪᠢ ᠰᠤᠷᠤᠭᠴᠢ ᠪᠤᠯᠭᠠᠨ ᠳᠤ ᠲᠠᠶᠢᠰᠠᠨ ᠲᠡᠭᠡᠷ᠎ᠠ ᠪᠡᠶ᠎ᠡ ᠎ ᠪᠠᠨ ᠢᠯᠡᠷᠡᠬᠦᠯᠬᠦ ᠵᠠᠪᠰᠢᠶᠠᠨ ᠢ ᠤᠯᠭᠤᠶ᠎ᠠ ᠭᠡᠰᠡᠨ ᠶᠤᠮ᠃ ᠮᠠᠨ ᠤ ᠰᠤᠷᠭᠠᠭᠤᠯᠢ ᠠᠴᠠ ᠵᠢᠯ ᠪᠤᠯᠭᠠᠨ ᠡᠰᠡᠬᠦᠯ᠎ᠡ ᠬᠤᠭᠤᠴᠠᠭ᠎ᠠ ᠪᠤᠯᠭᠠᠨ ᠤᠯᠠᠨ ᠠᠷᠪᠢᠨ ᠵᠤᠶᠢᠯ ᠤᠨ ᠶᠠᠷᠢᠶᠠᠨ ᠤ ᠤᠷᠤᠯᠳᠤᠭᠠᠨ ᠢ ᠪᠠᠰᠠ ᠶᠠᠪᠤᠭᠳᠠᠭᠤᠯᠳᠠᠭ᠃ ᠭᠡᠪᠡᠴᠤ ᠠᠩᠬᠢ ᠠᠷᠪᠢᠨ ᠤᠴᠢᠷ ᠠᠴᠠ ᠵᠦᠪᠭᠡᠨ ᠠᠩᠬᠢ ᠪᠦᠷᠢ ᠠᠴᠠ ᠨᠢᠭᠡ ᠰᠤᠷᠤᠭᠴᠢ ᠤᠷᠤᠯᠴᠠᠬᠤ ᠵᠠᠪᠰᠢᠶᠠᠨ ᠲᠠᠢ᠂ ᠲᠡᠶᠢᠮᠤ ᠠᠴᠠ ᠪᠢ ᠲᠤᠰᠬᠠᠶᠢᠯᠠᠨ ᠦᠪᠡᠷ ᠤᠨ ᠰᠤᠷᠤᠭᠴᠢᠳ ᠤᠨ ᠶᠠᠷᠢᠵᠤ ᠢᠯᠡᠳᠭᠡᠬᠦ᠂ ᠤᠯᠠᠨ ᠤ ᠡᠮᠤᠨ᠎ᠠ ᠵᠤᠷᠢᠭ ᠎ ᠲᠠᠢ ᠤᠶᠠᠩᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠡᠬᠦᠳᠡᠨ ᠠᠴᠠ ᠲᠤᠰᠬᠠᠶᠢᠯᠠᠨ ᠡᠨᠡ ᠤᠳᠠᠭᠠᠨ ᠤ ᠰᠢᠯᠦᠭ ᠤᠨ ᠤᠷᠤᠯᠳᠤᠭᠠᠨ ᠢᠶᠠᠨ ᠡᠬᠦᠳᠴᠤ ᠵᠤᠬᠢᠶᠠᠨ ᠪᠠᠶᠢᠭᠤᠯᠤᠭᠰᠠᠨ ᠶᠤᠮ᠃ ᠮᠠᠨ ᠤ ᠠᠩᠬᠢ ᠶᠢᠨ ᠬᠢᠨ ᠭᠤᠷᠪᠠᠳᠤᠭᠠᠷ ᠤᠨ ᠪᠠᠶᠢᠬᠤ ᠳᠤ᠂︽ᠰᠤᠯᠤᠩᠭᠠᠨ ᠤᠶᠠᠩᠭ᠎ᠠ︾ ᠠᠩᠬᠠᠳᠤᠭᠠᠷ ᠤᠳᠠᠭᠠᠨ ᠤ ᠰᠢᠯᠦᠭ ᠤᠨ ᠤᠷᠤᠯᠳᠤᠭᠠᠨ ᠢᠶᠠᠨ ᠬᠢᠭᠰᠡᠨ ᠶᠤᠮ᠂ ᠡᠨᠡ ᠵᠢᠯ ᠬᠤᠶᠠᠳᠠᠬᠢ ᠤᠳᠠᠭᠠᠨ ᠤ ᠤᠷᠤᠯᠳᠤᠭᠠᠨ ᠢᠶᠠᠨ ᠬᠢᠵᠤ ᠪᠠᠶᠢᠭ᠎ᠠ ᠶᠤᠮ︾  ᠭᠡᠪᠡ᠃
     ᠰᠤᠷᠪᠤᠯᠵᠢᠯᠠᠭᠴᠢ᠄ ᠰᠤᠷᠭᠠᠭᠤᠯᠢ ᠠᠴᠠ ᠡᠶᠢᠮᠦᠷᠬᠦ ᠮᠠᠶ᠋ᠢᠭ ᠤᠨ ᠰᠢᠯᠦᠭ ᠤᠨ ᠤᠷᠤᠯᠳᠤᠭᠠᠨ ᠢ ᠦᠷᠨᠢᠬᠦᠯᠦᠭᠰᠡᠨ ᠲᠤᠬᠠᠢ ᠲᠠ ᠭᠡᠷ ᠤᠨ ᠠᠬᠠᠮᠠᠳ ᠤᠨ ᠬᠤᠪᠢ ᠠᠴᠠ ᠪᠤᠳᠤᠯ ᠢᠶᠠᠨ ᠬᠤᠪᠢᠶᠠᠯᠴᠠᠨ᠎ᠠ ᠤᠤ︖      ᠰᠠᠷᠠᠨ᠎ᠠ᠄      ︽ᠭᠡᠯᠡ ᠰᠤᠷᠬᠤ ᠳᠤ ᠠᠮᠠ ᠬᠦᠷᠤᠯᠴᠡᠵᠤ᠂ ᠨᠢᠳᠤ ᠬᠦᠷᠤᠯᠴᠡᠵᠤ᠂ ᠰᠡᠳᠬᠢᠯ ᠬᠦᠷᠤᠯᠴᠡᠳᠡᠭ᠃ ᠮᠠᠨ ᠤ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠨᠢ ᠤᠷᠠᠨ ᠤᠩᠰᠢᠯᠭ᠎ᠠ ᠪᠠᠷ ᠨᠡᠯᠢᠶᠡᠳ ᠲᠤᠳᠠᠮᠠᠭ᠂ ᠭᠡᠯᠡ ᠶᠢ ᠭᠡᠯᠡ ᠪᠠᠷ ᠶᠠᠷᠢᠵᠤ᠂ ᠰᠡᠳᠬᠢᠯ ᠢᠶᠠᠷ ᠤᠶᠠᠩᠭᠠᠯᠠᠳᠠᠭ᠃ ᠡᠨᠡ ᠤᠳᠠᠭᠠᠨ ᠤ ᠰᠢᠯᠦᠭ ᠤᠨ ᠤᠷᠤᠯᠳᠤᠭᠠᠨ ᠮᠠᠨ ᠤ ᠭᠡᠤᠭᠡᠳ ᠤᠨ ᠤᠷᠠᠨ ᠤᠩᠰᠢᠯᠭ᠎ᠠ᠂ ᠮᠤᠩᠭᠤᠯ ᠬᠦᠮᠤᠨ ᠤ ᠬᠠᠶᠢᠷ᠎ᠠ ᠰᠡᠳᠬᠢᠯᠭᠡ ᠶᠢ ᠢᠯᠡᠷᠡᠬᠦᠯᠬᠦ ᠳᠤ ᠠᠰᠢᠭᠳᠠᠢ ᠪᠠᠶᠢᠨ᠎ᠠ  ︾  ᠭᠡᠵᠦ ᠶᠠᠷᠢᠯ᠎ᠠ᠃
     ᠰᠤᠷᠪᠤᠯᠵᠢᠯᠠᠭᠴᠢ᠄ ᠲᠤᠰ ᠤᠳᠠᠭᠠᠨ ᠤ ᠰᠢᠯᠦᠭ ᠤᠨ ᠤᠷᠤᠯᠳᠤᠭᠠᠨ ᠳᠤ ᠤᠷᠤᠯᠴᠠᠭᠠᠳ ᠪᠠᠰᠠ ᠰᠠᠶᠢᠨ ᠬᠢᠷᠢ ᠪᠦᠳᠦᠮᠵᠢ ᠤᠯᠤᠭᠰᠠᠨ ᠪᠠᠶᠢᠨ᠎ᠠ᠂ ᠤᠯᠤᠯᠳᠠ ᠪᠠᠨ ᠶᠠᠷᠢᠵᠦ ᠦᠭᠬᠦᠨ᠎ᠡ ᠤᠤ︖      ᠰᠤᠷᠤᠭᠴᠢ ᠠᠰᠤᠷᠤ᠄      ︽ᠡᠨᠡ ᠤᠳᠠᠭᠠᠨ ᠤ ᠤᠷᠤᠯᠳᠤᠭᠠᠨ ᠢᠶᠠᠷ ᠲᠠᠮᠵᠢᠵᠤ᠂ ᠰᠢᠯᠦᠭ ᠢ ᠶᠠᠭᠠᠬᠢᠵᠤ ᠤᠩᠰᠢᠬᠤ ᠮᠡᠳᠡᠯᠭᠡ ᠶᠢ  ᠰᠤᠷᠴᠦ ᠴᠢᠳᠠᠭᠰᠠᠨ᠂ ᠮᠢᠨᠦ ᠰᠠᠶᠢᠨ ᠬᠢᠷᠢ ᠪᠦᠳᠦᠮᠵᠢ ᠠᠪᠤᠭᠰᠠᠨ ᠨᠢ ᠡᠳᠤᠷ ᠡᠳᠤᠷ ᠤᠨ ᠴᠢᠷᠮᠠᠶᠢᠯᠭ᠎ᠠ ᠪᠠ ᠠᠪᠤ ᠡᠵᠢ ᠮᠢᠨᠢ ᠨᠠᠳᠠ ᠶᠢ ᠬᠠᠪᠰᠤᠷᠴᠦ ᠰᠠᠶᠢᠬᠠᠨ ᠰᠢᠯᠦᠭ ᠤᠯᠵᠤ ᠦᠭᠬᠦᠭᠰᠡᠨ ᠲᠠᠢ ᠬᠠᠷᠢᠴᠠᠭ᠎ᠠ ᠲᠠᠢ᠂ ᠪᠢ ᠪᠠᠰᠠ ᠠᠪᠤ ᠡᠵᠢ ᠲᠠᠢ ᠪᠠᠨ ᠡᠳᠤᠷ ᠡᠳᠤᠷ ᠤᠩᠰᠢᠵᠤ ᠪᠤᠯᠪᠠᠰᠤᠷᠠᠭᠰᠠᠨ ᠶᠤᠮ︾  ᠭᠡᠪᠡ᠃
     ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠤᠷᠤᠯᠳᠤᠭᠠᠨ ᠳᠤ ᠤᠷᠤᠯᠴᠠᠬᠤ ᠰᠢᠯᠦᠭ ᠪᠠᠨ ᠰᠤᠩᠭᠤᠬᠤ ᠠᠴᠠ ᠪᠤᠯᠪᠠᠰᠤᠷᠠᠬᠤ᠂ ᠠᠶ᠎ᠠ ᠬᠠᠪᠰᠤᠷᠭᠠᠬᠤ᠂ ᠠᠷᠤ ᠦᠵᠡᠭᠳᠡᠯ ᠲᠠᠭᠠᠷᠠᠭᠤᠯᠬᠤ ᠵᠡᠷᠭᠡ ᠶᠢ ᠪᠦᠬᠦᠨ ᠢ ᠰᠤᠷᠤᠭᠴᠢᠳ ᠦᠪᠡᠷ ᠢᠶᠠᠨ ᠪᠡᠶᠡᠯᠡᠬᠦᠯᠤᠨ᠂ ᠭᠡᠷ ᠤᠨ ᠠᠬᠠᠮᠠᠳ ᠠᠴᠠ ᠬᠠᠪᠰᠤᠷᠤᠮᠵᠢ ᠦᠵᠡᠬᠦᠯᠵᠦ᠂ ᠪᠠᠭᠰᠢ ᠠᠴᠠ ᠲᠤᠬᠠᠢ ᠶᠢᠨ ᠲᠠᠯᠠᠪᠠᠢ ᠶᠢᠨ ᠪᠡᠯᠡᠳᠭᠡᠯ ᠠᠵᠢᠯ ᠢ ᠬᠦᠢᠴᠡᠳ ᠬᠢᠵᠤ᠂ ᠤᠷᠤᠯᠳᠤᠭᠠᠨ ᠤ ᠲᠤᠮᠳᠠ ᠤᠷᠠᠨ ᠰᠠᠶᠢᠬᠠᠨ ᠤ ᠲᠤᠭᠯᠠᠯᠳᠠ ᠶᠢ ᠬᠠᠪᠰᠤᠷᠭᠠᠵᠤ᠂ ᠬᠦᠷ ᠬᠦᠭᠵᠢᠶᠡᠨ ᠨᠡᠮᠡᠷᠢᠯᠡᠨ᠂ ᠪᠦᠬᠦ ᠤᠷᠤᠯᠳᠤᠭᠠᠨ ᠦᠨᠳᠤᠷ ᠬᠢᠷᠢ ᠲᠦᠪᠰᠢᠨ ᠎ ᠲᠠᠢ᠂ ᠠᠮᠵᠢᠯᠳᠠ ᠲᠠᠢ ᠶᠠᠪᠤᠭᠳᠠᠵᠤ ᠴᠢᠳᠠᠭᠰᠠᠨ ᠪᠠᠶᠢᠨ᠎ᠠ᠃
     ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ 2      12 ᠰᠠᠷ᠎ᠠ ᠶᠢᠨ15᠎ ᠤ ᠡᠳᠦᠷ᠂ ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ  ᠲᠠᠪᠤᠳᠤᠭᠠᠷ ᠤᠨ ᠤ ᠠ ᠠᠩᠬᠢ ᠶᠢᠨ ᠵᠠᠩ ᠦᠢᠯᠡ ᠶᠢᠨ ᠭᠠᠷ ᠦᠢᠯᠡᠳᠦᠯᠭᠡ ᠶᠢᠨ ᠬᠢᠴᠢᠶᠡᠯ ᠤᠨ ᠠᠬᠤᠢ ᠲᠠᠯᠠᠪᠠᠢ ᠳᠤ ᠬᠦᠷᠴᠦ᠂ ᠲᠤᠰ ᠰᠤᠷᠭᠠᠭᠤᠯᠢ ᠶᠢᠨ  ᠦᠨᠳᠦᠰᠦᠳᠡᠨ ᠤ ᠵᠠᠩ ᠦᠢᠯᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠪᠠᠶᠢᠳᠠᠯ ᠢ ᠦᠵᠡᠵᠦ ᠰᠤᠷᠪᠤᠯᠵᠢᠯᠠᠪᠠ᠃  ᠬᠢᠴᠢᠶᠡᠯ ᠲᠡᠭᠡᠷ᠎ᠡ ᠮᠠᠯᠴᠢᠨ ᠰᠤᠨᠢᠨᠪᠠᠶᠠᠷ ᠪᠠ ᠭᠡᠷᠡᠯ ᠢ ᠤᠷᠢᠵᠦ ᠬᠡᠦᠬᠡᠳ ᠲᠤ ᠴᠢᠳᠤᠷ ᠲᠤᠱᠠ ᠮᠤᠰᠬᠢᠬᠤ ᠪᠠ ᠮᠣᠩᠭᠤᠯ ᠲᠠᠪᠡᠯ ᠤᠨ ᠲᠣᠪᠴᠢ ᠰᠢᠯᠪᠢ ᠵᠠᠩᠬᠢᠳᠬᠤ ᠭᠠᠷ ᠤᠷᠠᠯᠠᠯ ᠢ ᠵᠢᠭᠠᠪᠠ᠃ ᠬᠢᠴᠢᠶᠡᠯ ᠤᠨ ᠲᠠᠰᠢᠷᠠᠮ ᠢᠶᠠᠷ᠂ ᠲᠤᠰ ᠰᠤᠷᠭᠠᠭᠤᠯᠢ ᠶᠢᠨ ᠪᠠᠭᠰᠢ ᠢᠷᠠᠭᠤᠭᠠᠬᠨ ᠢ ᠰᠤᠷᠪᠤᠯᠵᠢᠯᠠᠪᠠ᠃      ᠰᠤᠷᠪᠤᠯᠵᠢᠯᠠᠭᠴᠢ᠄ ᠲᠠ ᠪᠢᠳᠠᠨ ᠳᠤ ᠡᠶᠢᠮᠦᠷᠬᠦ ᠮᠠᠶ᠋ᠢᠭ ᠤᠨ ᠦᠨᠳᠦᠰᠦᠳᠡᠨ ᠤ ᠵᠠᠩ ᠦᠢᠯᠡ ᠶᠢᠨ ᠬᠢᠴᠢᠶᠡᠯ ᠢ ᠰᠤᠷᠤᠭᠴᠢᠳ ᠲᠠᠭᠠᠨ ᠤᠷᠤᠵᠤ ᠪᠠᠶᠢᠬᠤ ᠵᠤᠷᠢᠯᠳᠠ ᠪᠠᠨ ᠶᠠᠷᠢᠵᠦ ᠦᠭᠬᠦᠨ᠎ᠡ ᠤᠤ︖
     ᠪᠠᠭᠰᠢ ᠢᠷᠠᠭᠤᠬᠠᠨ᠄      ︽ᠮᠠᠨ ᠤ ᠰᠤᠷᠭᠠᠭᠤᠯᠢ ᠠᠴᠠ ᠰᠤᠷᠤᠭᠴᠢᠳ ᠲᠤ ᠭᠠᠷᠠᠭ ᠪᠦᠷᠢ1 - 2 ᠤᠳᠠᠭᠠᠨ ᠤ ᠵᠠᠩ ᠦᠢᠯᠡ ᠶᠢᠨ ᠬᠢᠴᠢᠶᠡᠯ ᠲᠤᠬᠢᠷᠠᠭᠤᠯᠵᠤ ᠪᠠᠶᠢᠳᠠᠭ᠂ ᠶᠡᠷᠦ ᠨᠢ ᠬᠡᠦᠬᠡᠳ ᠲᠤ ᠶᠠᠷᠢᠵᠦ ᠦᠭᠬᠦ ᠠᠴᠠ ᠭᠠᠳᠠᠨ᠎ᠠ ᠦᠢᠯᠡᠳᠦᠯᠭᠡ ᠶᠢᠨ ᠳᠤᠮᠳᠠ ᠭᠠᠷ ᠬᠦᠳᠡᠯᠭᠡᠵᠦ ᠬᠢᠯᠭᠡᠵᠦ ᠦᠵᠡᠪᠡᠯ ᠨᠡᠩ ᠲᠡᠭᠡᠷ᠎ᠡ ᠶᠤᠮ ᠤᠤ ᠭᠡᠵᠦ  ᠪᠤᠳᠤᠳᠠᠭ᠂ ᠲᠤᠰ ᠤᠳᠠᠭᠠᠨ ᠤ ᠵᠠᠩ ᠦᠢᠯᠡ ᠶᠢᠨ ᠬᠢᠴᠢᠶᠡᠯ ᠢᠶᠠᠨ ᠠᠰᠢᠭᠯᠠᠵᠤ ᠬᠦᠦᠴᠤᠤᠯ ᠳᠤ ᠴᠢᠳᠦᠷ ᠲᠤᠱᠠ ᠮᠤᠰᠬᠢᠬᠤ ᠬᠡᠦᠬᠡᠴᠤᠳ ᠲᠤ ᠲᠤᠪᠴᠢ ᠰᠢᠯᠪᠢ ᠵᠠᠩᠬᠢᠳᠬᠤ ᠶᠢ ᠵᠢᠭᠠᠨ ᠦᠭᠴᠦ᠂ ᠦᠪᠡᠷ ᠤᠨ ᠪᠡᠶ᠎ᠡ ᠪᠠᠷ ᠢᠶᠠᠨ ᠤᠷᠤᠯᠳᠤᠵᠤ ᠦᠢᠯᠡᠳᠦᠯᠭᠡ ᠶᠢᠨ ᠲᠤᠮᠳᠠ ᠠᠴᠠ ᠰᠤᠷᠤᠯᠴᠠᠭᠤᠯᠬᠤ ᠶᠢᠨ ᠡᠬᠦᠳᠡᠨ ᠠᠴᠠ ᠡᠶᠢᠮᠦᠷᠬᠦ ᠮᠠᠶ᠋ᠢᠭ ᠤᠨ ᠬᠢᠴᠢᠶᠡᠯ ᠲᠤᠬᠢᠷᠠᠭᠤᠯᠤᠭᠰᠠᠨ ᠪᠠᠶᠢᠨ᠎ᠠ᠃ ᠨᠡᠶᠢᠬᠡᠮ ᠤᠨ ᠬᠦᠭᠵᠢᠯᠲᠡ ᠬᠤᠪᠢᠷᠠᠯᠲᠠ ᠠᠴᠠ ᠪᠤᠯᠤᠭᠠᠳ ᠶᠡᠭᠡ ᠠᠷᠪᠢᠨ ᠬᠦᠮᠦᠨ ᠡᠬᠦᠨ  ᠢ ᠪᠦᠷ ᠮᠠᠷᠳᠠᠭᠰᠠᠨ  ᠪᠦᠭᠡᠳ ᠬᠢᠵᠦ ᠴᠢᠳᠠᠬᠤ ᠬᠦᠮᠦᠨ ᠴᠦ ᠤᠯᠠᠮ ᠠᠴᠠ ᠤᠯᠠᠮ ᠬᠤᠪᠤᠷᠳᠠᠵᠤ ᠪᠠᠶᠢᠨ᠎ᠠ᠂ ᠶᠠᠭ ᠡᠶᠢᠮᠦ ᠠᠴᠠ ᠪᠢᠳᠠ ᠬᠡᠦᠬᠡᠳ ᠨᠠᠷ ᠲᠠᠭᠠᠨ ᠡᠶᠢᠮᠦᠷᠬᠦ ᠶᠠᠭᠤᠮ᠎ᠠ ᠪᠠᠶᠢᠭᠰᠠᠨ ᠶᠤᠮ ᠪᠠᠶᠢᠨ᠎ᠠ᠂ ᠪᠢᠳᠠᠨ ᠤ ᠡᠳᠦᠷ ᠲᠤᠲᠤᠮ ᠤᠨ ᠠᠮᠢᠳᠤᠷᠠᠯ ᠲᠤᠮᠳᠠ ᠬᠡᠷᠡᠭᠯᠡᠵᠦ ᠪᠠᠶᠢᠭᠰᠠᠨ ᠶᠤᠮ ᠪᠠᠶᠢᠨ᠎ᠠ ᠭᠡᠰᠡᠨ ᠢ ᠨᠡᠩ  ᠰᠠᠶᠢᠬᠠᠨ ᠤᠶᠢᠯᠠᠭᠠᠭᠤᠯᠵᠤ  ᠮᠡᠳᠡᠬᠦᠯᠵᠦ ᠴᠢᠳᠠᠨ᠎ᠠ︾ ᠭᠡᠯ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号