| | ᠰᠤᠷᠪᠤᠯᠵᠢᠯᠠᠭᠰᠠᠨ ᠴᠠᠭ᠄ | 2020ᠤᠨ ᠤ12ᠰᠠᠷ᠎ᠠ ᠶᠢᠨ14 ᠤ ᠡᠳᠦᠷ | 2020ᠤᠨ ᠤ12ᠰᠠᠷ᠎ᠠ ᠶᠢᠨ15 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ | ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠪᠠᠭᠰᠢ᠂ ᠭᠡᠷ ᠤᠨ ᠠᠬᠠᠮᠠᠳ᠂ ᠰᠤᠷᠤᠭᠴᠢ | ᠰᠤᠷᠪᠤᠯᠵᠢᠯᠠᠭ᠎ᠠ ᠶᠢᠨ ᠠᠭᠤᠯᠭ᠎ᠠ᠄ | ᠡᠨᠡ ᠵᠢᠯ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠬᠢᠵᠢᠭ ᠡᠬᠦᠰᠦᠭᠰᠡᠨ ᠤ ᠲᠠᠷᠠᠭ᠎ᠠ᠂ ᠰᠤᠷᠭᠠᠨ ᠬᠦᠮᠤᠵᠢᠯ ᠳᠤ | ᠪᠠᠨ ᠰᠢᠨ᠎ᠠ ᠠᠷᠭ᠎ᠠ ᠭᠡᠮᠵᠢᠶ᠎ᠠ ᠠᠪᠴᠤ᠂ ᠰᠤᠷᠤᠭᠴᠢᠳ ᠤᠨ ᠰᠤᠷᠤᠯᠴᠠᠬᠤ ᠤᠷᠮ᠎ᠠ ᠵᠢᠴᠢ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠳᠤ ᠰᠡᠳᠬᠢᠯ ᠲᠠᠯᠪᠢᠵᠤ᠂ | ᠡᠯ᠎ᠡ ᠠᠩᠬᠢ ᠨᠢᠭᠡᠴᠡ ᠶᠢᠨ ᠬᠢᠨ ᠦᠪᠠᠷ ᠦᠪᠠᠷ ᠤᠨ ᠪᠠᠶᠢᠳᠠᠯ ᠢᠶᠠᠨ ᠦᠨᠳᠤᠰᠤᠯᠡᠨ᠂ ᠠᠩᠬᠢ ᠪᠠᠷ ᠨᠢᠭᠡᠴᠢ ᠪᠤᠯᠭᠠᠨ ᠰᠤᠶᠤᠯ᠂ ᠲᠠᠮᠢᠷ᠂ ᠤᠷᠠᠯᠢᠭ᠂ ᠵᠢᠷᠤᠭ ᠵᠡᠷᠭᠡ | ᠪᠠᠷ ᠠᠭᠤᠯᠭ᠎ᠠ ᠪᠤᠯᠭᠠᠨ ᠰᠤᠨᠢᠷᠬᠠᠯᠲᠤ ᠬᠦᠳᠡᠯᠭᠡᠭᠡᠨ ᠦᠷᠨᠢᠬᠦᠯᠵᠦ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠴᠢᠩᠭ᠎ᠠ ᠠᠳᠬᠤᠵᠤ ᠪᠠᠶᠢᠨ᠎ᠠ᠃ | ᠡᠭᠦᠨ ᠤ ᠲᠤᠬᠠᠢ ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠬᠤᠶᠠᠷ ᠠᠩᠬᠢ ᠶᠢᠨ | ᠦᠷᠨᠢᠬᠦᠯᠦᠭᠰᠡᠨ ᠰᠢᠯᠦᠭ ᠤᠨ ᠤᠷᠤᠯᠳᠤᠭᠠᠨ ᠪᠠ ᠵᠠᠩ ᠦᠢᠯᠡ ᠶᠢᠨ ᠭᠠᠷ ᠦᠢᠯᠡᠳᠦᠯᠭᠡ ᠶᠢᠨ ᠬᠢᠴᠢᠶᠡᠯ ᠤᠨ ᠠᠬᠤᠢ ᠲᠠᠯᠠᠪᠠᠢ ᠳᠤ ᠬᠦᠷᠴᠦ ᠨᠠᠷᠢᠨ ᠪᠠᠶᠢᠳᠠᠯ ᠢ | ᠣᠶᠢᠯᠠᠭᠠᠵᠤ ᠰᠤᠷᠪᠤᠯᠵᠢᠯᠠᠭ᠎ᠠ ᠠᠪᠤᠭᠰᠠᠨ ᠪᠠᠶᠢᠨ᠎ᠠ᠃ | ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ 1 | 12 ᠰᠠᠷ᠎ᠠ ᠶᠢᠨ14 ᠤ ᠡᠳᠦᠷ᠂ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠲᠦᠷᠪᠡᠳᠤᠭᠡᠷ ᠤᠨ ᠤ ᠠ | ᠠᠩᠬᠢ ︽ᠰᠤᠯᠤᠩᠭᠠᠨ ᠤᠶᠠᠩᠭ᠎ᠠ︾ ᠰᠢᠯᠦᠭ ᠤᠨ ᠤᠷᠤᠯᠳᠤᠭᠠᠨ ᠦᠷᠨᠢᠬᠦᠯᠵᠦ᠂ ᠰᠤᠷᠪᠤᠯᠵᠢᠯᠠᠭᠴᠢ ᠰᠢᠯᠦᠭ ᠤᠨ ᠤᠷᠤᠯᠳᠤᠭᠠᠨ ᠤ ᠠᠬᠤᠢ ᠲᠠᠯᠠᠪᠠᠢ ᠳᠤ | ᠬᠦᠷᠦᠭᠡᠳ ᠲᠤᠰ ᠤᠳᠠᠭᠠᠨ ᠤ ᠰᠢᠯᠦᠭ ᠤᠨ ᠤᠷᠤᠯᠳᠤᠭᠠᠨ ᠢ ᠰᠡᠳᠦᠨ ᠬᠢᠭᠰᠡᠨ ᠲᠤᠰ ᠠᠩᠭᠢ ᠶᠢᠨ ᠬᠡᠯᠡ ᠪᠢᠴᠢᠭ ᠤᠨ ᠪᠠᠭᠰᠢ ᠨᠠᠷᠠᠰᠤ ᠂ ᠭᠡᠷ ᠤᠨ ᠠᠬᠠᠮᠠᠳ | ᠰᠠᠷᠠᠨ᠎ᠠ ᠵᠢᠴᠢ ᠰᠤᠷᠤᠭᠴᠢ ᠠᠰᠤᠷᠤ ᠶᠢ ᠰᠤᠷᠪᠤᠯᠵᠢᠯᠠᠪᠠ᠃ | ᠰᠤᠷᠪᠤᠯᠵᠢᠯᠠᠭᠴᠢ᠄ ᠨᠠ᠊ ᠪᠠᠭᠰᠢ ᠪᠢᠳᠠᠨ ᠳᠤ ᠲᠤᠰ ᠤᠳᠠᠭᠠᠨ ᠤ ᠠᠩᠭᠢ ᠨᠢᠭᠡᠴᠡ ᠶᠢᠨ ᠰᠢᠯᠦᠭ ᠤᠨ ᠤᠷᠤᠯᠳᠤᠭᠠᠨ ᠢ ᠡᠷᠬᠢᠯᠡᠵᠤ ᠬᠢᠭᠰᠡᠨ ᠵᠣᠷᠢᠯᠭ᠎ᠠ ᠪᠠᠨ | ᠳᠦᠬᠦᠮ ᠲᠠᠨᠢᠯᠴᠠᠭᠤᠯᠤᠨ᠎ᠠ ᠤᠤ︖ | ᠨᠠᠷᠠᠰᠤ ᠪᠠᠭᠰᠢ᠄ | ︽ᠡᠨᠡ ᠤᠳᠠᠭᠠᠨ ᠤ ᠰᠢᠯᠦᠭ ᠤᠨ ᠤᠷᠤᠯᠳᠤᠭᠠᠨ ᠢ ᠪᠢ ᠰᠤᠷᠤᠭᠴᠢ ᠪᠤᠯᠭᠠᠨ ᠳᠤ ᠲᠠᠶᠢᠰᠠᠨ ᠲᠡᠭᠡᠷ᠎ᠠ ᠪᠡᠶ᠎ᠡ ᠪᠠᠨ ᠢᠯᠡᠷᠡᠬᠦᠯᠬᠦ ᠵᠠᠪᠰᠢᠶᠠᠨ ᠢ ᠤᠯᠭᠤᠶᠠ | ᠭᠡᠰᠡᠨ ᠶᠤᠮ᠃ ᠮᠠᠨ ᠤ ᠰᠤᠷᠭᠠᠭᠤᠯᠢ ᠠᠴᠠ ᠵᠢᠯ ᠪᠤᠯᠭᠠᠨ ᠡᠰᠡᠬᠦᠯ᠎ᠡ ᠬᠤᠭᠤᠴᠠᠭ᠎ᠠ ᠪᠤᠯᠭᠠᠨ ᠤᠯᠠᠨ ᠠᠷᠪᠢᠨ ᠵᠤᠶᠢᠯ ᠤᠨ ᠶᠠᠷᠢᠶᠠᠨ ᠤ ᠤᠷᠤᠯᠳᠤᠭᠠᠨ ᠢ ᠪᠠᠰᠠ | ᠶᠠᠪᠤᠭᠳᠠᠭᠤᠯᠳᠠᠭ᠃ ᠭᠡᠪᠡᠴᠤ ᠠᠩᠬᠢ ᠠᠷᠪᠢᠨ ᠤᠴᠢᠷ ᠠᠴᠠ ᠵᠦᠪᠭᠡᠨ ᠠᠩᠬᠢ ᠪᠦᠷᠢ ᠠᠴᠠ ᠨᠢᠭᠡ ᠰᠤᠷᠤᠭᠴᠢ ᠤᠷᠤᠯᠴᠠᠬᠤ ᠵᠠᠪᠰᠢᠶᠠᠨ ᠲᠠᠢ᠂ ᠲᠡᠶᠢᠮᠤ ᠠᠴᠠ ᠪᠢ | ᠲᠤᠰᠬᠠᠶᠢᠯᠠᠨ ᠦᠪᠡᠷ ᠤᠨ ᠰᠤᠷᠤᠭᠴᠢᠳ ᠤᠨ ᠶᠠᠷᠢᠵᠤ ᠢᠯᠡᠳᠭᠡᠬᠦ᠂ ᠤᠯᠠᠨ ᠤ ᠡᠮᠤᠨ᠎ᠠ ᠵᠤᠷᠢᠭ ᠲᠠᠢ ᠤᠶᠠᠩᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠡᠬᠦᠳᠡᠨ ᠠᠴᠠ | ᠲᠤᠰᠬᠠᠶᠢᠯᠠᠨ ᠡᠨᠡ ᠤᠳᠠᠭᠠᠨ ᠤ ᠰᠢᠯᠦᠭ ᠤᠨ ᠤᠷᠤᠯᠳᠤᠭᠠᠨ ᠢᠶᠠᠨ ᠡᠬᠦᠳᠴᠤ ᠵᠤᠬᠢᠶᠠᠨ ᠪᠠᠶᠢᠭᠤᠯᠤᠭᠰᠠᠨ ᠶᠤᠮ᠃ ᠮᠠᠨ ᠤ ᠠᠩᠬᠢ ᠶᠢᠨ ᠬᠢᠨ ᠭᠤᠷᠪᠠᠳᠤᠭᠠᠷ ᠤᠨ | ᠪᠠᠶᠢᠬᠤ ᠳᠤ᠂︽ᠰᠤᠯᠤᠩᠭᠠᠨ ᠤᠶᠠᠩᠭ᠎ᠠ︾ ᠠᠩᠬᠠᠳᠤᠭᠠᠷ ᠤᠳᠠᠭᠠᠨ ᠤ ᠰᠢᠯᠦᠭ ᠤᠨ ᠤᠷᠤᠯᠳᠤᠭᠠᠨ ᠢᠶᠠᠨ ᠬᠢᠭᠰᠡᠨ ᠶᠤᠮ᠂ ᠡᠨᠡ ᠵᠢᠯ ᠬᠤᠶᠠᠳᠠᠬᠢ ᠤᠳᠠᠭᠠᠨ ᠤ | ᠤᠷᠤᠯᠳᠤᠭᠠᠨ ᠢᠶᠠᠨ ᠬᠢᠵᠤ ᠪᠠᠶᠢᠭ᠎ᠠ ᠶᠤᠮ︾ ᠭᠡᠪᠡ᠃ | | | | ᠰᠤᠷᠪᠤᠯᠵᠢᠯᠠᠭᠴᠢ᠄ ᠰᠤᠷᠭᠠᠭᠤᠯᠢ ᠠᠴᠠ ᠡᠶᠢᠮᠦᠷᠬᠦ ᠮᠠᠶ᠋ᠢᠭ ᠤᠨ ᠰᠢᠯᠦᠭ ᠤᠨ ᠤᠷᠤᠯᠳᠤᠭᠠᠨ ᠢ ᠦᠷᠨᠢᠬᠦᠯᠦᠭᠰᠡᠨ ᠲᠤᠬᠠᠢ ᠲᠠ ᠭᠡᠷ ᠤᠨ ᠠᠬᠠᠮᠠᠳ ᠤᠨ | ᠬᠤᠪᠢ ᠠᠴᠠ ᠪᠤᠳᠤᠯ ᠢᠶᠠᠨ ᠬᠤᠪᠢᠶᠠᠯᠴᠠᠨ᠎ᠠ ᠤᠤ︖ | ᠰᠠᠷᠠᠨ᠎ᠠ᠄ | ︽ᠭᠡᠯᠡ ᠰᠤᠷᠬᠤ ᠳᠤ ᠠᠮᠠ ᠬᠦᠷᠤᠯᠴᠡᠵᠤ᠂ ᠨᠢᠳᠤ ᠬᠦᠷᠤᠯᠴᠡᠵᠤ᠂ ᠰᠡᠳᠬᠢᠯ ᠬᠦᠷᠤᠯᠴᠡᠳᠡᠭ᠃ ᠮᠠᠨ ᠤ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ | ᠨᠢ ᠤᠷᠠᠨ ᠤᠩᠰᠢᠯᠭ᠎ᠠ ᠪᠠᠷ ᠨᠡᠯᠢᠶᠡᠳ ᠲᠤᠳᠠᠮᠠᠭ᠂ ᠭᠡᠯᠡ ᠶᠢ ᠭᠡᠯᠡ ᠪᠠᠷ ᠶᠠᠷᠢᠵᠤ᠂ ᠰᠡᠳᠬᠢᠯ ᠢᠶᠠᠷ ᠤᠶᠠᠩᠭᠠᠯᠠᠳᠠᠭ᠃ ᠡᠨᠡ ᠤᠳᠠᠭᠠᠨ ᠤ ᠰᠢᠯᠦᠭ ᠤᠨ | ᠤᠷᠤᠯᠳᠤᠭᠠᠨ ᠮᠠᠨ ᠤ ᠭᠡᠤᠭᠡᠳ ᠤᠨ ᠤᠷᠠᠨ ᠤᠩᠰᠢᠯᠭ᠎ᠠ᠂ ᠮᠤᠩᠭᠤᠯ ᠬᠦᠮᠤᠨ ᠤ ᠬᠠᠶᠢᠷ᠎ᠠ ᠰᠡᠳᠬᠢᠯᠭᠡ ᠶᠢ ᠢᠯᠡᠷᠡᠬᠦᠯᠬᠦ ᠳᠤ ᠠᠰᠢᠭᠳᠠᠢ ᠪᠠᠶᠢᠨ᠎ᠠ ︾ ᠭᠡᠵᠦ ᠶᠠᠷᠢᠯ᠎ᠠ | ᠃ | | | | ᠰᠤᠷᠪᠤᠯᠵᠢᠯᠠᠭᠴᠢ᠄ ᠲᠤᠰ ᠤᠳᠠᠭᠠᠨ ᠤ ᠰᠢᠯᠦᠭ ᠤᠨ ᠤᠷᠤᠯᠳᠤᠭᠠᠨ ᠳᠤ ᠤᠷᠤᠯᠴᠠᠭᠠᠳ ᠪᠠᠰᠠ ᠰᠠᠶᠢᠨ ᠬᠢᠷᠢ ᠪᠦᠳᠦᠮᠵᠢ ᠤᠯᠤᠭᠰᠠᠨ ᠪᠠᠶᠢᠨ᠎ᠠ᠂ | ᠤᠯᠤᠯᠳᠠ ᠪᠠᠨ ᠶᠠᠷᠢᠵᠦ ᠦᠭᠬᠦᠨ᠎ᠡ ᠤᠤ︖ | ᠰᠤᠷᠤᠭᠴᠢ ᠠᠰᠤᠷᠤ᠄ | ︽ᠡᠨᠡ ᠤᠳᠠᠭᠠᠨ ᠤ ᠤᠷᠤᠯᠳᠤᠭᠠᠨ ᠢᠶᠠᠷ ᠲᠠᠮᠵᠢᠵᠤ᠂ ᠰᠢᠯᠦᠭ ᠢ ᠶᠠᠭᠠᠬᠢᠵᠤ ᠤᠩᠰᠢᠬᠤ ᠮᠡᠳᠡᠯᠭᠡ ᠶᠢ ᠰᠤᠷᠴᠦ ᠴᠢᠳᠠᠭᠰᠠᠨ᠂ ᠮᠢᠨᠦ ᠰᠠᠶᠢᠨ ᠬᠢᠷᠢ | ᠪᠦᠳᠦᠮᠵᠢ ᠠᠪᠤᠭᠰᠠᠨ ᠨᠢ ᠡᠳᠤᠷ ᠡᠳᠤᠷ ᠤᠨ ᠴᠢᠷᠮᠠᠶᠢᠯᠭ᠎ᠠ ᠪᠠ ᠠᠪᠤ ᠡᠵᠢ ᠮᠢᠨᠢ ᠨᠠᠳᠠ ᠶᠢ ᠬᠠᠪᠰᠤᠷᠴᠦ ᠰᠠᠶᠢᠬᠠᠨ ᠰᠢᠯᠦᠭ ᠤᠯᠵᠤ ᠦᠭᠬᠦᠭᠰᠡᠨ ᠲᠠᠢ ᠬᠠᠷᠢᠴᠠᠭ᠎ᠠ | ᠲᠠᠢ᠂ ᠪᠢ ᠪᠠᠰᠠ ᠠᠪᠤ ᠡᠵᠢ ᠲᠠᠢ ᠪᠠᠨ ᠡᠳᠤᠷ ᠡᠳᠤᠷ ᠤᠩᠰᠢᠵᠤ ᠪᠤᠯᠪᠠᠰᠤᠷᠠᠭᠰᠠᠨ ᠶᠤᠮ︾ ᠭᠡᠪᠡ᠃ | | | | ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠤᠷᠤᠯᠳᠤᠭᠠᠨ ᠳᠤ ᠤᠷᠤᠯᠴᠠᠬᠤ ᠰᠢᠯᠦᠭ ᠪᠠᠨ ᠰᠤᠩᠭᠤᠬᠤ ᠠᠴᠠ ᠪᠤᠯᠪᠠᠰᠤᠷᠠᠬᠤ᠂ ᠠᠶ᠎ᠠ ᠬᠠᠪᠰᠤᠷᠭᠠᠬᠤ᠂ | ᠠᠷᠤ ᠦᠵᠡᠭᠳᠡᠯ ᠲᠠᠭᠠᠷᠠᠭᠤᠯᠬᠤ ᠵᠡᠷᠭᠡ ᠶᠢ ᠪᠦᠬᠦᠨ ᠢ ᠰᠤᠷᠤᠭᠴᠢᠳ ᠦᠪᠡᠷ ᠢᠶᠠᠨ ᠪᠡᠶᠡᠯᠡᠬᠦᠯᠤᠨ᠂ ᠭᠡᠷ ᠤᠨ ᠠᠬᠠᠮᠠᠳ ᠠᠴᠠ ᠬᠠᠪᠰᠤᠷᠤᠮᠵᠢ ᠦᠵᠡᠬᠦᠯᠵᠦ᠂ | ᠪᠠᠭᠰᠢ ᠠᠴᠠ ᠲᠤᠬᠠᠢ ᠶᠢᠨ ᠲᠠᠯᠠᠪᠠᠢ ᠶᠢᠨ ᠪᠡᠯᠡᠳᠭᠡᠯ ᠠᠵᠢᠯ ᠢ ᠬᠦᠢᠴᠡᠳ ᠬᠢᠵᠤ᠂ ᠤᠷᠤᠯᠳᠤᠭᠠᠨ ᠤ ᠲᠤᠮᠳᠠ ᠤᠷᠠᠨ ᠰᠠᠶᠢᠬᠠᠨ ᠤ ᠲᠤᠭᠯᠠᠯᠳᠠ ᠶᠢ ᠬᠠᠪᠰᠤᠷᠭᠠᠵᠤ᠂ | ᠬᠦᠷ ᠬᠦᠭᠵᠢᠶᠡᠨ ᠨᠡᠮᠡᠷᠢᠯᠡᠨ᠂ ᠪᠦᠬᠦ ᠤᠷᠤᠯᠳᠤᠭᠠᠨ ᠦᠨᠳᠤᠷ ᠬᠢᠷᠢ ᠲᠦᠪᠰᠢᠨ ᠲᠠᠢ᠂ ᠠᠮᠵᠢᠯᠳᠠ ᠲᠠᠢ ᠶᠠᠪᠤᠭᠳᠠᠵᠤ ᠴᠢᠳᠠᠭᠰᠠᠨ ᠪᠠᠶᠢᠨ᠎ᠠ᠃ | | | | | | | | | ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ 2 | 12 ᠰᠠᠷ᠎ᠠ ᠶᠢᠨ15 ᠤ ᠡᠳᠦᠷ᠂ ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠲᠠᠪᠤᠳᠤᠭᠠᠷ | ᠤᠨ ᠤ ᠠ ᠠᠩᠬᠢ ᠶᠢᠨ ᠵᠠᠩ ᠦᠢᠯᠡ ᠶᠢᠨ ᠭᠠᠷ ᠦᠢᠯᠡᠳᠦᠯᠭᠡ ᠶᠢᠨ ᠬᠢᠴᠢᠶᠡᠯ ᠤᠨ ᠠᠬᠤᠢ ᠲᠠᠯᠠᠪᠠᠢ ᠳᠤ ᠬᠦᠷᠴᠦ᠂ ᠲᠤᠰ ᠰᠤᠷᠭᠠᠭᠤᠯᠢ ᠶᠢᠨ ᠦᠨᠳᠦᠰᠦᠳᠡᠨ ᠤ | ᠵᠠᠩ ᠦᠢᠯᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠪᠠᠶᠢᠳᠠᠯ ᠢ ᠦᠵᠡᠵᠦ ᠰᠤᠷᠪᠤᠯᠵᠢᠯᠠᠪᠠ᠃ ᠬᠢᠴᠢᠶᠡᠯ ᠲᠡᠭᠡᠷ᠎ᠡ ᠮᠠᠯᠴᠢᠨ ᠰᠤᠨᠢᠨᠪᠠᠶᠠᠷ ᠪᠠ ᠭᠡᠷᠡᠯ ᠢ ᠤᠷᠢᠵᠦ | ᠬᠡᠦᠬᠡᠳ ᠲᠤ ᠴᠢᠳᠤᠷ ᠲᠤᠱᠠ ᠮᠤᠰᠬᠢᠬᠤ ᠪᠠ ᠮᠣᠩᠭᠤᠯ ᠲᠠᠪᠡᠯ ᠤᠨ ᠲᠣᠪᠴᠢ ᠰᠢᠯᠪᠢ ᠵᠠᠩᠬᠢᠳᠬᠤ ᠭᠠᠷ ᠤᠷᠠᠯᠠᠯ ᠢ ᠵᠢᠭᠠᠪᠠ᠃ ᠬᠢᠴᠢᠶᠡᠯ ᠤᠨ ᠲᠠᠰᠢᠷᠠᠮ ᠢᠶᠠᠷ᠂ | ᠲᠤᠰ ᠰᠤᠷᠭᠠᠭᠤᠯᠢ ᠶᠢᠨ ᠪᠠᠭᠰᠢ ᠢᠷᠠᠭᠤᠭᠠᠬᠨ ᠢ ᠰᠤᠷᠪᠤᠯᠵᠢᠯᠠᠪᠠ᠃ | ᠰᠤᠷᠪᠤᠯᠵᠢᠯᠠᠭᠴᠢ᠄ ᠲᠠ ᠪᠢᠳᠠᠨ ᠳᠤ ᠡᠶᠢᠮᠦᠷᠬᠦ ᠮᠠᠶ᠋ᠢᠭ ᠤᠨ ᠦᠨᠳᠦᠰᠦᠳᠡᠨ ᠤ ᠵᠠᠩ ᠦᠢᠯᠡ ᠶᠢᠨ ᠬᠢᠴᠢᠶᠡᠯ ᠢ ᠰᠤᠷᠤᠭᠴᠢᠳ ᠲᠠᠭᠠᠨ ᠤᠷᠤᠵᠤ ᠪᠠᠶᠢᠬᠤ | ᠵᠤᠷᠢᠯᠳᠠ ᠪᠠᠨ ᠶᠠᠷᠢᠵᠦ ᠦᠭᠬᠦᠨ᠎ᠡ ᠤᠤ︖ | | | | ᠪᠠᠭᠰᠢ ᠢᠷᠠᠭᠤᠬᠠᠨ᠄ | ︽ᠮᠠᠨ ᠤ ᠰᠤᠷᠭᠠᠭᠤᠯᠢ ᠠᠴᠠ ᠰᠤᠷᠤᠭᠴᠢᠳ ᠲᠤ ᠭᠠᠷᠠᠭ ᠪᠦᠷᠢ1 - 2 ᠤᠳᠠᠭᠠᠨ ᠤ ᠵᠠᠩ ᠦᠢᠯᠡ ᠶᠢᠨ ᠬᠢᠴᠢᠶᠡᠯ ᠲᠤᠬᠢᠷᠠᠭᠤᠯᠵᠤ ᠪᠠᠶᠢᠳᠠᠭ᠂ ᠶᠡᠷᠦ ᠨᠢ | ᠬᠡᠦᠬᠡᠳ ᠲᠤ ᠶᠠᠷᠢᠵᠦ ᠦᠭᠬᠦ ᠠᠴᠠ ᠭᠠᠳᠠᠨ᠎ᠠ ᠦᠢᠯᠡᠳᠦᠯᠭᠡ ᠶᠢᠨ ᠳᠤᠮᠳᠠ ᠭᠠᠷ ᠬᠦᠳᠡᠯᠭᠡᠵᠦ ᠬᠢᠯᠭᠡᠵᠦ ᠦᠵᠡᠪᠡᠯ ᠨᠡᠩ ᠲᠡᠭᠡᠷ᠎ᠡ ᠶᠤᠮ ᠤᠤ ᠭᠡᠵᠦ ᠪᠤᠳᠤᠳᠠᠭ᠂ | ᠲᠤᠰ ᠤᠳᠠᠭᠠᠨ ᠤ ᠵᠠᠩ ᠦᠢᠯᠡ ᠶᠢᠨ ᠬᠢᠴᠢᠶᠡᠯ ᠢᠶᠠᠨ ᠠᠰᠢᠭᠯᠠᠵᠤ ᠬᠦᠦᠴᠤᠤᠯ ᠳᠤ ᠴᠢᠳᠦᠷ ᠲᠤᠱᠠ ᠮᠤᠰᠬᠢᠬᠤ ᠬᠡᠦᠬᠡᠴᠤᠳ ᠲᠤ ᠲᠤᠪᠴᠢ ᠰᠢᠯᠪᠢ ᠵᠠᠩᠬᠢᠳᠬᠤ ᠶᠢ | ᠵᠢᠭᠠᠨ ᠦᠭᠴᠦ᠂ ᠦᠪᠡᠷ ᠤᠨ ᠪᠡᠶ᠎ᠡ ᠪᠠᠷ ᠢᠶᠠᠨ ᠤᠷᠤᠯᠳᠤᠵᠤ ᠦᠢᠯᠡᠳᠦᠯᠭᠡ ᠶᠢᠨ ᠲᠤᠮᠳᠠ ᠠᠴᠠ ᠰᠤᠷᠤᠯᠴᠠᠭᠤᠯᠬᠤ ᠶᠢᠨ ᠡᠬᠦᠳᠡᠨ ᠠᠴᠠ ᠡᠶᠢᠮᠦᠷᠬᠦ ᠮᠠᠶ᠋ᠢᠭ ᠤᠨ | ᠬᠢᠴᠢᠶᠡᠯ ᠲᠤᠬᠢᠷᠠᠭᠤᠯᠤᠭᠰᠠᠨ ᠪᠠᠶᠢᠨ᠎ᠠ᠃ ᠨᠡᠶᠢᠬᠡᠮ ᠤᠨ ᠬᠦᠭᠵᠢᠯᠲᠡ ᠬᠤᠪᠢᠷᠠᠯᠲᠠ ᠠᠴᠠ ᠪᠤᠯᠤᠭᠠᠳ ᠶᠡᠭᠡ ᠠᠷᠪᠢᠨ ᠬᠦᠮᠦᠨ ᠡᠬᠦᠨ ᠢ ᠪᠦᠷ ᠮᠠᠷᠳᠠᠭᠰᠠᠨ ᠪᠦᠭᠡᠳ | ᠬᠢᠵᠦ ᠴᠢᠳᠠᠬᠤ ᠬᠦᠮᠦᠨ ᠴᠦ ᠤᠯᠠᠮ ᠠᠴᠠ ᠤᠯᠠᠮ ᠬᠤᠪᠤᠷᠳᠠᠵᠤ ᠪᠠᠶᠢᠨ᠎ᠠ᠂ ᠶᠠᠭ ᠡᠶᠢᠮᠦ ᠠᠴᠠ ᠪᠢᠳᠠ ᠬᠡᠦᠬᠡᠳ ᠨᠠᠷ ᠲᠠᠭᠠᠨ ᠡᠶᠢᠮᠦᠷᠬᠦ ᠶᠠᠭᠤᠮ᠎ᠠ ᠪᠠᠶᠢᠭᠰᠠᠨ ᠶᠤᠮ | ᠪᠠᠶᠢᠨ᠎ᠠ᠂ ᠪᠢᠳᠠᠨ ᠤ ᠡᠳᠦᠷ ᠲᠤᠲᠤᠮ ᠤᠨ ᠠᠮᠢᠳᠤᠷᠠᠯ ᠲᠤᠮᠳᠠ ᠬᠡᠷᠡᠭᠯᠡᠵᠦ ᠪᠠᠶᠢᠭᠰᠠᠨ ᠶᠤᠮ ᠪᠠᠶᠢᠨ᠎ᠠ ᠭᠡᠰᠡᠨ ᠢ ᠨᠡᠩ ᠰᠠᠶᠢᠬᠠᠨ ᠤᠶᠢᠯᠠᠭᠠᠭᠤᠯᠵᠤ ᠮᠡᠳᠡᠬᠦᠯᠵᠦ | ᠴᠢᠳᠠᠨ᠎ᠠ︾ ᠭᠡᠯᠡ᠃ | | | | | | | | | | | | | | | | | | | | | | | | | | | | | |