12 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠡᠳ᠋ ᠤᠨ ᠵᠠᠰᠠᠭ ᠠᠵᠤ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ | ᠬᠦᠷᠢᠶᠡᠯᠡᠩ ᠠᠴᠠ ᠭᠤᠤᠯᠯᠠᠨ ᠡᠷᠬᠢᠯᠡᠭᠰᠡᠨ ︽ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠡᠳ᠋ ᠤᠨ ᠵᠠᠰᠠᠭ ᠠᠵᠤ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ | ᠦᠷ᠎ᠡ ᠪᠦᠲᠦᠭᠡᠯ ᠢ ᠨᠡᠶᠢᠲᠡᠯᠡᠬᠦ ᠬᠤᠷᠠᠯ᠄ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠶᠢᠨ ᠮᠡᠳᠡᠭᠦᠯᠦᠯᠲᠡ ︵2020︶︾ ᠵᠢᠴᠢ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ︵ | ᠲᠣᠭᠤᠷᠢᠭ︶ ᠤ ᠮᠡᠳᠡᠭᠦᠯᠦᠯᠲᠡ︾ ᠪᠡᠭᠡᠵᠢᠩ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ | ᠬᠤᠸᠠ ᠷᠦᠢ ᠹᠧᠩ ᠬᠤᠷᠠᠯ ᠳᠤ ᠤᠷᠤᠯᠴᠠᠨ ︽ᠬᠦᠬᠡ ᠠᠭᠤᠯᠠ ᠬᠥᠬᠡᠮᠳᠦᠭ ᠤᠰᠤ ᠪᠠᠷ ᠴᠢᠨᠡᠭᠡᠯᠢᠭ ᠨᠡᠶᠢᠭᠡᠮ ᠢ | ᠵᠠᠮᠴᠢᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠦᠨᠡᠨᠬᠦ ᠰᠠᠶᠢᠳᠤᠷ ᠵᠠᠮᠨᠠᠶ᠎ᠠ︾ ᠭᠡᠬᠦ ᠰᠡᠳᠦᠪ ᠢᠶᠠᠷ ᠰᠠᠨᠠᠯ ᠢᠶᠠᠨ ᠰᠣᠯᠢᠯᠴᠠᠪᠠ᠃ | | | | ᠬᠤᠷᠠᠯ ᠳᠡᠭᠡᠷ᠎ᠡ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ | ᠮᠡᠳᠡᠬᠦᠯᠦᠯᠳᠡ ︵2020︶︾ ᠶᠢ ᠨᠡᠶᠢᠲᠡᠯᠡᠵᠦ᠂ ᠡᠵᠡᠨ ᠬᠤᠷᠤᠭ᠎ᠠ ᠬᠤᠰᠢᠭᠤ ᠵᠠᠯᠭᠠᠭ᠎ᠠ ᠪᠠᠷ ᠪᠥᠬᠦ ᠤᠯᠤᠰ ᠤᠨ | ᠰᠢᠶᠠᠨ ᠤ ᠬᠡᠪᠴᠢᠶᠡᠨ ᠤ ᠠᠵᠤ ᠠᠬᠤᠶ ᠶᠢᠨ ᠥᠷᠢᠰᠥᠯᠳᠦᠬᠦ ᠬᠦᠴᠦᠨ ᠤ ᠵᠠᠭᠤᠨ ᠬᠦᠴᠦᠷᠬᠡᠭ ᠲᠤ ᠵᠢᠭᠰᠠᠭᠠᠭᠳᠠᠪᠠ᠃ | | | | | ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠶᠢᠨ ᠮᠡᠳᠡᠭᠦᠯᠦᠯᠲᠡ ︵2020︶︾ ᠨᠢ ᠠᠵᠤ ᠠᠬᠤᠶ ᠶᠢᠨ ᠬᠡᠪᠴᠢᠶ᠎ᠡ᠂ ᠣᠷᠣᠨ ᠨᠤᠲᠤᠭ ᠤᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ | ᠠᠬᠤᠶᠢᠯᠠᠯ ᠤᠨ ᠲᠤᠭ᠎ᠠ ᠪᠠ ᠣᠷᠣᠨ ᠪᠦᠰᠡ ᠶᠢᠨ ᠦᠷᠢᠰᠦᠯᠳᠦᠬᠡᠨ ᠤ ᠪᠠᠶᠢᠷᠢ ᠰᠠᠭᠤᠷᠢ ᠵᠡᠷᠭᠡ ᠡᠯᠧᠮᠧᠨ᠋ᠲ ᠢ | ᠦᠨᠳᠦᠰᠦᠯᠡᠨ ᠪᠥᠬᠦ ᠤᠯᠤᠰ ᠤᠨ ᠬᠤᠶᠠᠷ ᠮᠢᠩᠭ᠎ᠠ ᠤᠷᠴᠢᠮ ᠰᠢᠶᠠᠨ ᠤ ᠬᠡᠪᠴᠢᠶᠡᠨ ᠤ ᠠᠵᠤ ᠠᠬᠤᠶ ᠶᠢᠨ | ᠨᠢᠭᠡᠴᠢ ᠶᠢᠨ ᠳᠣᠲᠣᠷ᠎ᠠ ᠠᠴᠠ 400 ᠬᠦᠴᠦᠷᠬᠡᠭ ᠰᠢᠶᠠᠨ ︵ᠬᠤᠲᠠ︶ ᠢ ᠰᠢᠯᠢᠨ ᠰᠣᠩᠭᠤᠵᠤ᠂ ᠵᠠᠳᠠᠯᠤᠨ | ᠰᠤᠳᠤᠯᠵᠤ ᠠᠳᠠᠯᠢᠳᠬᠠᠬᠤ ᠰᠠᠭᠤᠷᠢ ᠪᠤᠯᠭᠠᠳᠠᠭ᠃ ᠮᠡᠳᠡᠭᠦᠯᠦᠯᠲᠡ ᠳᠤ ᠰᠢᠶᠠᠨ ᠤ ᠬᠡᠪᠴᠢᠶᠡᠨ ᠤ ᠠᠵᠤ ᠠᠬᠤᠶ ᠶᠢᠨ | ᠦᠷᠢᠰᠦᠯᠳᠦᠬᠡᠨ ᠪᠠ ᠪᠡᠯᠡ ᠣᠷᠣᠭᠤᠯᠤᠯᠲᠠ ᠶᠢᠨ ᠲᠠᠯᠳᠠ ᠬᠦᠴᠦᠨ ᠤ ᠬᠦᠢᠴᠡᠳᠬᠡᠯ ᠲᠤᠭᠠᠨ ᠤ ᠲᠤᠭᠳᠠᠯᠴᠠᠭ᠎ᠠ ᠶᠢ | ᠪᠠᠶᠢᠭᠤᠯᠵᠤ᠂ 2020 ᠣᠨ ᠤ 400 ᠰᠢᠶᠠᠨ ︵ᠬᠤᠳᠠ︶ ᠤ ᠠᠵᠤ ᠠᠬᠤᠶ ᠶᠢᠨ ᠥᠷᠢᠰᠥᠯᠳᠦᠬᠦ ᠬᠦᠴᠦᠨ ᠪᠠ | ᠪᠡᠯᠡ ᠣᠷᠣᠭᠤᠯᠤᠯᠲᠠ ᠶᠢᠨ ᠲᠠᠯᠳᠠ ᠬᠦᠴᠦᠨ ᠤ ᠵᠢᠭᠠᠯᠳᠠ ᠲᠤᠭ᠎ᠠ ᠳᠤ ᠭᠡᠷᠡᠴᠢᠯᠡᠯᠲᠡ ᠶᠢᠨ ᠰᠤᠳᠤᠯᠭᠠᠨ ᠬᠢᠪᠡ᠃ | | | | ᠬᠤᠸᠠ ᠷᠦᠢ ᠹᠧᠩ ᠰᠠᠨᠠᠯ ᠰᠣᠯᠢᠯᠴᠠᠬᠤ ᠶᠠᠷᠢᠶᠠᠨ ᠳᠠᠭᠠᠨ᠂ ᠣᠶᠢᠷ᠎ᠠ ᠶᠢᠨ ᠵᠢᠯ ᠳᠤ᠂ ᠡᠵᠡᠨ ᠬᠤᠷᠤᠭ᠎ᠠ | ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ︽ᠬᠦᠬᠡ ᠠᠭᠤᠯᠠ ᠬᠦᠬᠡᠮᠳᠦᠭ ᠤᠰᠤ ᠪᠣᠯ ᠠᠯᠲᠠ ᠮᠥᠩᠭᠦᠨ | ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠵᠤ᠂ ︽ᠠᠮᠢ ᠠᠬᠤᠶ ᠶᠢ | ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠤᠳᠤᠷᠢᠳᠤᠮᠵᠢ ᠶᠢ ᠡᠬᠦᠷᠢᠳᠡ ᠪᠠᠷᠢᠮᠲᠠᠯᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠶᠠᠪᠤᠴᠠ ᠳᠤ ᠠᠭᠤᠰᠤᠯᠴᠠᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠶᠠᠨ ᠢ ᠨᠡᠬᠡᠬᠡᠪᠡ᠃ ᠨᠢᠭᠡ ᠳᠤ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠬᠦᠯᠵᠦ᠂ ᠪᠦᠬᠦ | ᠤᠯᠤᠰ ᠤᠨ ᠠᠩᠬᠠᠳᠠᠭᠴᠢ ᠰᠢᠶᠠᠨ ᠤ ᠱᠠᠲᠤᠨ ᠤ ︽ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠳᠠ ᠪᠠ ᠪᠣᠬᠢᠷᠲᠤᠯ ᠦᠭᠡᠶ ᠬᠦᠭᠵᠢᠯᠳᠡ ᠶᠢᠨ ᠲᠦᠯᠦᠪᠵᠢᠬᠦᠯᠬᠡ︾ | ᠶᠢ ᠨᠠᠶᠢᠷᠠᠭᠤᠯᠵᠤ᠂ ᠲᠡᠭᠷᠢᠯᠢᠭ ᠪᠤᠬᠢᠷᠳᠤᠯ ᠦᠬᠡᠢ ᠡᠨᠧᠷᠭᠢ ᠶᠢᠨ 50 ᠲᠦᠮᠡᠨ ᠺᠢᠯᠣᠸᠠᠲ ᠤᠨ ︽ᠠᠮᠢ ᠠᠬᠤᠶ ᠶᠢᠨ | ᠵᠠᠰᠠᠯᠲᠠ + ᠭᠡᠷᠡᠯ ᠸᠣᠯᠲ︾ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠴᠡᠪᠡᠷᠴᠢ ᠡᠨᠧᠷᠭᠢ ᠶᠢ ᠨᠡᠭᠡᠭᠡᠨ | ᠠᠰᠢᠭᠯᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠪᠠ ᠰᠤᠯᠠ ᠭᠠᠵᠠᠷ ᠰᠢᠷᠣᠢ ᠶᠢ | ᠠᠰᠢᠭᠯᠠᠬᠤ ᠶᠢ ᠳᠠᠶᠢᠴᠢᠯᠠᠨ᠂ ︽ᠠᠭᠯᠠᠭ ᠠᠭᠤᠯᠠ ᠠᠲᠠᠷ ᠭᠠᠵᠠᠷ︾ ᠢ ᠦᠨᠡᠨᠬᠦ ︽ᠠᠯᠲᠠᠨ ᠮᠥᠩᠭᠦᠨ ᠠᠭᠤᠯᠠ︾ | ᠪᠣᠯᠭᠠᠨ᠎ᠠ᠃ ᠬᠤᠶᠠᠷ ᠲᠤ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠬᠦᠴᠦᠯᠡᠨ ᠲᠦᠷᠭᠡᠳᠬᠡᠵᠦ | ᠂ ᠨᠡᠭᠦᠷᠡᠰᠦᠨ ᠤ ᠠᠵᠤ ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠶ | ᠠᠬᠢᠭᠤᠯᠵᠤ᠂ ᠤᠶᠤᠨᠴᠢᠯᠠᠭᠰᠠᠨ ᠡᠨᠧᠷᠭᠢ ᠶᠢᠨ ᠰᠤᠯᠢᠯᠴᠠᠭᠠᠨ ᠤ ᠲᠠᠪᠴᠠᠩ ᠢ ᠪᠠᠶᠢᠭᠤᠯᠵᠤ᠂ ︽ᠠᠭᠤᠷᠬᠠᠢ︾ ᠠᠴᠠ | ︽ᠭᠠᠷᠠᠮ︾ ᠬᠦᠷᠲᠡᠯᠡᠬᠢ ᠡᠨᠧᠷᠭᠢ ᠶᠢ ᠭᠠᠳᠠᠭᠰᠢ ᠬᠦᠷᠭᠡᠬᠦ ᠵᠠᠮ ᠢ ᠨᠡᠪᠳᠡᠷᠡᠬᠦᠯᠵᠦ᠂ ︽ᠡᠵᠡᠨ ᠬᠤᠷᠤᠭ᠎ᠠ ᠶᠢᠨ | ᠴᠢᠨᠠᠷ ᠰᠠᠶᠢᠲᠠᠶ ᠨᠡᠭᠦᠷᠡᠰᠦ︾ ᠶᠢᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠ ᠦᠷᠢᠰᠦᠯᠳᠦᠬᠦ ᠬᠦᠴᠦᠨ ᠢᠯᠡᠳᠲᠡ | ᠳᠡᠭᠡᠭᠰᠢᠯᠡᠪᠡ︔ ᠤᠯᠤᠰ ᠤᠨ ︽ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ | ᠦᠵᠡᠭᠦᠯᠬᠦ ᠬᠤᠲᠠ ᠶᠢᠨ ᠰᠦᠷᠦᠭᠵᠢᠯ︾ ᠢ ᠭᠤᠶᠤᠴᠢᠯᠠᠨ ᠮᠡᠳᠡᠭᠦᠯᠬᠦ ᠶᠢ ᠳᠡᠮᠵᠢᠬᠦ ᠠᠵᠠ ᠲᠣᠬᠢᠶᠠᠯ ᠢ ᠠᠳᠬᠤᠵᠤ᠂ | ᠤᠰᠤᠲᠥ᠋ᠷᠥᠭᠴᠢ ᠦᠢᠯᠡᠳᠬᠦ ᠥᠪᠡᠷ ᠤᠨ ᠥᠷᠲᠡᠭ ᠳᠣᠣᠷ᠎ᠠ᠂ ᠬᠡᠷᠡᠭᠯᠡᠭᠡᠨ ᠤ ᠤᠷᠴᠢᠨ ᠥᠷᠭᠡᠨ ᠵᠡᠷᠭᠡ | ᠲᠠᠪᠠᠭᠤᠯᠢᠭ ᠲᠤ ᠰᠠᠭᠤᠷᠢᠯᠠᠨ᠂ ᠨᠢᠭᠡᠨᠲᠡ ᠭᠡᠷ᠎ᠡ ᠲᠣᠭᠲᠠᠭᠰᠠᠨ ᠶᠤᠸᠠᠨ ᠵᠢᠩ ᠡᠨᠧᠷᠭᠢ ᠱᠠᠩ ᠴᠢ ᠬᠤᠩ ᠶᠠᠨ᠂ | ᠰᠢᠨ ᠶᠤᠸᠠᠨ ᠬᠦᠳᠡᠯᠬᠡᠭᠴᠢ ᠬᠦᠴᠦᠨ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠬᠡᠨ ᠤᠷᠤᠨᠰᠢᠭᠤᠯᠬᠤ ᠶᠢ | ᠠᠬᠢᠭᠤᠯᠵᠤ᠂ ᠢᠵᠢ ᠲᠦᠬᠦᠷ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ | ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠤᠲᠠᠭᠤᠳᠠᠯ ᠳᠤ ᠠᠩᠬᠠᠷᠤᠯ ᠢᠶᠠᠨ | ᠲᠦᠪᠯᠡᠷᠡᠬᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠤᠨ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ | ᠭᠤᠶᠤᠮᠰᠤᠭ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠵᠤ᠂ ︽ᠠᠵᠤ ᠠᠬᠤᠶᠢᠯᠠᠯ ᠭᠠᠵᠠᠷ ᠣᠷᠣᠨ | ᠬᠦᠴᠦ ᠪᠠᠨ ᠬᠠᠮᠳᠤᠳᠬᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ︽ᠦᠢᠯᠡᠳᠪᠦᠷᠢᠯᠡᠯ ᠪᠠ ᠪᠣᠷᠣᠯᠠᠭᠤᠯᠭ᠎ᠠ︾ ᠶᠢᠨ ᠬᠤᠶᠠᠷ ᠵᠣᠬᠢᠶᠠᠨ ᠪᠠᠶᠢᠭᠤᠯᠤᠯᠳᠠ ᠶᠢᠨ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠤ᠂ ᠬᠥᠬᠡᠬᠤᠲᠠ᠂ ᠪᠡᠭᠡᠵᠢᠩ ᠵᠡᠷᠭᠡ ᠭᠠᠵᠠᠷ ᠣᠷᠣᠨ ᠢ ᠬᠠᠮᠤᠷᠤᠭᠰᠠᠨ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠳᠦᠬᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠰᠤᠯᠢᠯᠴᠠᠭᠠᠨ ᠤ | ᠲᠥᠪ ᠢ ᠪᠠᠶᠢᠭᠤᠯᠵᠤ᠂ 2020 ᠣᠨ ᠳᠤ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠦ ᠠᠵᠤ | ᠠᠬᠤᠶᠢᠯᠠᠯ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠮᠠᠯᠴᠢᠨ ᠲᠠᠷᠢᠶᠠᠴᠢᠳ ᠢ | ᠲᠠᠶᠢᠴᠢᠯᠠᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠪᠠ᠃ ᠳᠥᠷᠪᠡ ᠳᠤ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠯ᠎ᠡ ᠦᠨᠳᠦᠰᠦᠲᠡᠨ ᠤ | ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠬᠠᠩᠭᠠᠵᠤ᠂ ᠵᠢᠯ ᠪᠦᠷᠢ 80% ᠠᠴᠠ ᠳᠡᠭᠡᠭᠰᠢᠬᠢ | ᠬᠡᠷᠡᠭᠯᠡᠵᠦ ᠪᠣᠯᠬᠤ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠰᠠᠶᠢᠵᠢᠷᠠᠭᠤᠯᠬᠤ ᠳᠤ | ᠬᠡᠷᠡᠭᠯᠡᠵᠦ᠂ ᠨᠢᠯᠬ᠎ᠠ ᠪᠠᠯᠴᠢᠷ ᠳᠠᠭᠠᠨ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠬᠦ ᠠᠴᠠ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ | ᠰᠠᠭᠤᠬᠤ ᠠᠴᠠ ᠣᠷᠣᠨ ᠰᠠᠭᠤᠴᠠ ᠲᠠᠢ ᠣᠯᠠᠨ ᠨᠡᠶᠢᠲᠡ ᠶᠢᠨ ᠦᠢᠯᠡᠴᠢᠯᠡᠬᠡᠨ ᠤ ᠲᠤᠭᠳᠠᠯᠴᠠᠭ᠎ᠠ ᠶᠢ | ᠦᠨᠳᠦᠰᠦᠨ ᠳᠡᠭᠡᠨ ᠪᠠᠶᠢᠭᠤᠯᠵᠤ᠂ ᠡᠯ᠎ᠡ ᠦᠨᠳᠦᠰᠦᠲᠡᠨ ᠤ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ | ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠲᠦᠷᠦᠭᠳᠡᠯ ᠨᠡᠩ ᠲᠡᠭᠦᠯᠳᠡᠷ᠂ ᠪᠠᠲᠤᠯᠠᠭ᠎ᠠ ᠲᠠᠢ ᠪᠠᠶᠢᠬᠤ ᠪᠤᠯᠤᠨ᠎ᠠ | ᠬᠡᠪᠡ᠃ | ᠬᠤᠸᠠ ᠷᠦᠢ ᠹᠧᠩ ᠢᠯᠡᠷᠬᠡᠶᠢᠯᠡᠬᠦ ᠳᠡᠭᠡᠨ᠂ ᠬᠤᠶᠢᠰᠢᠳᠠ᠂ ᠡᠵᠡᠨ ᠬᠤᠷᠤᠭ᠎ᠠ ᠬᠤᠰᠢᠭᠤ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠨᠠᠮ ᠤᠨ ᠲᠥᠪ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠪᠡ ᠪᠠ 2035 ᠤᠨ ᠤ | ᠠᠯᠤᠰ ᠤᠨ ᠬᠠᠷᠠᠯᠲᠠ︾ ᠶᠢᠨ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ | ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠵᠤ᠂ ᠤᠳᠤᠬᠢᠴᠢᠯᠠᠭᠰᠠᠨ ᠡᠨᠧᠷᠭᠢ ᠶᠢᠨ | ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤᠴᠢ ᠣᠷᠣᠨ ᠢ ᠬᠦᠴᠦᠯᠡᠨ ᠴᠣᠭᠴᠠᠯᠠᠵᠤ᠂ ᠡᠬᠢ ᠪᠠᠶᠠᠯᠢᠭ ᠤᠨ | ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠤᠢᠭᠡᠢ | ᠨᠡᠬᠡᠬᠡᠵᠦ᠂ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢᠶᠠᠨ ᠴᠢᠷᠮᠠᠶᠢᠨ ᠡᠬᠢᠯᠡᠬᠦᠯᠦᠨ᠎ᠡ | ᠬᠡᠪᠡ᠃ | | | | | | | | | | | | |