ᠬᠤᠸᠠ ᠷᠦᠢ ᠹᠧᠩ
ᠨᠡᠶᠢᠲᠡᠯᠡᠭᠰᠡᠨ ᠴᠠᠭ᠄
2020/4/3
ᠲᠤᠰᠢᠶᠠᠯ      ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠴᠢᠩᠭᠢᠰ ᠬᠠᠭᠠᠨ ᠤ ᠤᠩᠭᠤᠨ ᠤ ᠨᠠᠮ ᠤᠨ ᠠᠵᠢᠯ ᠤᠨ ᠬᠤᠷᠢᠶᠠᠨ ᠤ ᠱᠦᠵᠢ᠃ᠠᠵᠢᠯ ᠤᠨ ᠬᠤᠪᠢᠶᠠᠷᠯᠠᠯ      ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠬᠤᠪᠢ ᠬᠦᠮᠦᠨ ᠤ ᠲᠤᠪᠴᠢ ᠨᠠᠮᠳᠠᠷ᠄     ᠬᠤᠸᠠ ᠷᠦᠢ ᠹᠧᠩ᠂ ᠡᠷᠡᠭᠳᠠᠢ᠂ ᠮᠤᠩᠭᠤᠯ ᠦᠨᠳᠦᠰᠦᠳᠡᠨ᠂ 1969 ᠤᠨ ᠤ 8 ᠰᠠᠷ᠎ᠠ ᠳᠤ ᠲᠦᠷᠦᠵᠤ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ᠃      1991.07 ᠊᠊᠊᠊ 1993.07  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠲᠤᠯᠤᠳᠤᠭᠠᠷ ᠲᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      1993.07 ᠊᠊᠊᠊ 1999.07 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠰᠢᠤᠸᠠᠢ ᠵᠢᠶᠠ ᠸᠠᠨ ᠲᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ᠃      1999.07 ᠊᠊᠊᠊ 2002.10 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠤᠷᠳᠤ ᠶᠢᠨ ᠲᠤᠬᠤᠢ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ᠃      2002.10 ᠊᠊᠊᠊ 2005.07 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠯᠠᠪᠠᠢ ᠠᠭᠤᠯᠠ ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ      2005.07 ᠊᠊᠊᠊ 2007.12 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠤᠨ ᠲᠠᠷᠤᠭ᠎ᠠ᠃      2007.12 ᠊᠊᠊᠊ 2008.08 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠲᠤᠪᠴᠢᠶᠠᠨ ᠲᠠᠷᠤᠭ᠎ᠠ᠃      2008.08 ᠊᠊᠊᠊ 2009.10 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ᠃      2009.10 ᠊᠊᠊᠊ 2010.07 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨᠭᠠᠷ ᠬᠤᠰᠢᠭᠤᠨ ᠤ ᠰᠠᠭᠤᠷᠢ ᠪᠦᠳᠦᠬᠡᠨ ᠪᠠᠶᠢᠭᠤᠯᠤᠯᠳᠠ ᠶᠢᠨ ᠠᠯᠪᠠᠨ ᠬᠡᠷ ᠤᠨ ᠡᠷᠬᠢᠯᠡᠭᠴᠢ᠃      2010.07 ᠊᠊᠊᠊ 2012.11 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠎ ᠶᠢᠨ ᠳ᠋ᠠ ᠯᠤ᠋ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ ᠵᠦᠪᠯᠡᠯ ᠎ ᠤᠨ ᠡᠷᠬᠢᠯᠡᠭᠴᠢ᠃ ︵ᠲᠡᠳ᠋ ᠭᠠᠵᠠᠷ ᠤᠨ ᠲᠡᠰ︶      2012.11 ᠊᠊᠊᠊ 2013.04 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠎ ᠶᠢᠨ ᠳ᠋ᠠ ᠯᠤ᠋ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ ᠵᠦᠪᠯᠡᠯ ᠎ ᠤᠨ ᠡᠷᠬᠢᠯᠡᠭᠴᠢ᠂ 2012.11 ᠨᠠᠮ ᠤᠨ ᠠᠵᠢᠯ ᠤᠨ ᠵᠦᠪᠯᠡᠯ ᠤᠨ ᠲᠡᠳ᠋ ᠱᠦᠵᠢ  ︵ᠭᠠᠵᠠᠷ ᠤᠨ ᠲᠡᠰ︶      2013.04 ᠊᠊᠊᠊ 2016.06 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠎ ᠶᠢᠨ ᠠᠵᠤ ᠠᠬᠤᠢ ᠪᠠ ᠴᠢᠮᠡᠭᠡ ᠵᠠᠩᠭᠢᠵᠢᠯᠠᠯᠳᠠ ᠶᠢᠨ ᠵᠦᠪᠯᠡᠯ ᠤᠨ ᠨᠠᠮ ᠤᠨ ᠲᠤᠭᠤᠶᠢᠯᠠᠩ ᠤᠨ ᠱᠦᠵᠢ᠂ ᠡᠷᠬᠢᠯᠡᠭᠴᠢ᠃      2016.06 ᠊᠊᠊᠊ 2016.07 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠲᠠᠷᠤᠭ᠎ᠠ᠃      2016.07 ᠊᠊᠊᠊ 2017.01  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠲᠠᠷᠤᠭ᠎ᠠ᠃      2017.01 ᠊᠊᠊᠊ 2019.12 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠎ ᠤᠨ ᠲᠤᠭᠤᠶᠢᠯᠠᠩ ᠤᠨ ᠱᠦᠵᠢ᠂ ᠬᠤᠰᠢᠭᠤ ᠲᠠᠷᠤᠭ᠎ᠠ᠃      2019.12 ᠊᠊᠊᠊  2021.01 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ᠃      2021.01 ᠊᠊᠊᠊ 2021.08  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠨᠠᠮ ᠤᠨ ᠠᠵᠢᠯ ᠤᠨ ᠵᠦᠪᠯᠡᠯ ᠤᠨ ᠱᠦᠵᠢ᠂ ᠨᠢᠬᠡᠳᠦᠬᠡᠷ ᠲᠡᠰ ᠤᠨ ᠪᠠᠶᠢᠴᠠᠭᠠᠨ ᠰᠤᠳᠤᠯᠤᠭᠴᠢ᠃      2021.08 ᠊᠊᠊᠊᠊ ᠤᠳᠤ ᠪᠤᠯᠳᠠᠯ᠎ᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠨᠠᠮ ᠤᠨ ᠠᠵᠢᠯ ᠤᠨ ᠵᠦᠪᠯᠡᠯ ᠤᠨ ᠱᠦᠵᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号