ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ 2020 ᠤᠨ ᠤ ︽ᠴᠦᠭᠡᠨ ᠲᠤᠭᠠᠲᠤ ᠦᠨᠳᠦᠰᠦᠲᠡᠨ ᠤ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠎ ᠤᠨ ᠲᠠᠮ ᠬᠦᠤ ᠲᠠᠢ ᠵᠢᠭᠡᠯᠡᠯᠭᠡ︾᠎ ᠶᠢᠨ ᠲᠦᠷᠦᠯ ᠵᠦᠢᠯ ᠤᠨ ᠲᠤᠬᠠᠢ ᠮᠡᠳᠡᠭᠲᠡᠯ
ᠨᠡᠶᠢᠲᠡᠯᠡᠭᠰᠡᠨ ᠴᠠᠭ᠄
2020-05-09
    ᠨᠢᠭᠡ᠂ ᠵᠢᠭᠡᠯᠡᠯᠭᠡ ᠦᠭᠬᠦ ᠨᠦᠬᠦᠴᠡᠯ     ᠴᠦᠭᠡᠨ ᠲᠤᠭᠠᠲᠤ ᠦᠨᠳᠦᠰᠦᠲᠡᠨ ᠤ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠤᠨ ᠲᠠᠮ ᠬᠦᠤ ᠲᠠᠢ ᠵᠢᠭᠡᠯᠡᠯᠭᠡ ᠶᠢᠨ ᠭᠤᠤᠯ ᠵᠤᠷᠢᠯᠭ᠎ᠠ ᠪᠤᠯ ᠴᠦᠭᠡᠨ ᠲᠤᠭᠠᠲᠤ ᠦᠨᠳᠦᠰᠦᠲᠡᠨ ᠤ ᠤᠯᠠᠨ ᠲᠦᠮᠡᠨ ᠤ ᠦᠪᠡᠷᠲᠡᠭᠡᠨ ᠦᠢᠯᠡᠰ ᠪᠤᠰᠬᠠᠬᠤ ᠶᠢ ᠲᠠᠶᠢᠴᠢᠯᠠᠨ ᠲᠠᠭᠠᠭᠤᠯᠵᠤ᠂ ᠨᠡᠬᠦᠯᠭᠡᠬᠦ᠂ ᠠᠵᠢᠯ ᠤᠯᠭᠤᠬᠤ᠂ ᠤᠷᠤᠯᠭ᠎ᠠ ᠶᠢ ᠨᠡᠮᠡᠭᠳᠡᠬᠦᠯᠵᠤ ᠴᠢᠨᠡᠭᠡᠯᠢᠭᠵᠢᠬᠦᠯᠬᠦ ᠶᠢ ᠰᠢᠢᠳᠪᠦᠷᠢᠯᠡᠬᠦ ᠪᠤᠯᠤᠨ᠎ᠠ᠃ ᠵᠢᠭᠡᠯᠡᠯᠭᠡ ᠶᠢ ᠭᠤᠤᠯᠳᠠᠭᠤ ᠢᠳᠡᠪᠬᠢᠲᠠᠢ ᠮᠦᠷᠲᠡᠭᠡᠨ ᠨᠦᠬᠦᠴᠡᠯ ᠲᠠᠢ ᠦᠨᠳᠦᠰᠦᠲᠡᠨ ᠤ ᠤᠨᠴᠠ ᠬᠡᠷᠡᠭᠴᠡᠭᠡᠲᠤ ᠲᠠᠸᠠᠷ ᠦᠢᠯᠡᠳᠪᠦᠷᠢᠯᠡᠵᠤ ᠪᠤᠷᠤᠯᠠᠭᠤᠯᠬᠤ ᠦᠢᠯᠡᠳᠪᠦᠷᠢᠯᠡᠯ ᠤᠨ ᠠᠵᠤ ᠠᠬᠤᠶᠢᠯᠠᠯ ᠪᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠴᠦᠭᠡᠨ ᠲᠤᠭᠠᠲᠤ ᠦᠨᠳᠦᠰᠦᠲᠡᠨ ᠤ ᠮᠠᠯᠴᠢᠨ ᠲᠠᠷᠢᠶᠠᠴᠢᠨ᠂ ᠦᠢᠯᠡᠰ ᠪᠤᠰᠬᠠᠬᠤ ᠮᠠᠩᠯᠠᠶᠢᠯᠠᠭᠴᠢ᠂ ᠬᠦᠳᠡᠭᠡ ᠲᠤᠰᠬᠤᠨ ᠮᠠᠯᠵᠢᠬᠤ ᠤᠷᠤᠨ ᠪᠠ ᠬᠤᠲᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠬᠦᠮᠦᠰ ᠤᠨ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠢ ᠬᠦᠭᠵᠢᠬᠦᠯᠬᠦ ᠳᠤ ᠬᠡᠷᠡᠭᠯᠡᠵᠤ᠂ ᠴᠦᠭᠡᠨ ᠲᠤᠭᠠᠲᠤ ᠦᠨᠳᠦᠰᠦᠲᠡᠨ ᠤ ᠮᠠᠯᠴᠢᠨ ᠲᠠᠷᠢᠶᠠᠴᠢᠳ ᠪᠠ ᠬᠤᠲᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠰᠠᠭᠤᠭᠠᠯᠢ ᠠᠷᠠᠳ ᠤᠨ ᠦᠪᠡᠷᠲᠡᠭᠡᠨ ᠦᠢᠯᠡᠰ ᠪᠤᠰᠬᠠᠬᠤ᠂ ᠦᠪᠡᠷ ᠢ ᠪᠠᠨ ᠬᠦᠭᠵᠢᠬᠦᠯᠬᠦ ᠴᠢᠳᠠᠪᠤᠷᠢ ᠶᠢ ᠲᠡᠭᠡᠭᠰᠢᠯᠡᠬᠦᠯᠦᠨ᠂ ᠠᠵᠤ ᠠᠬᠤᠢ ᠶᠢᠨ ᠤᠷᠤᠯᠭ᠎ᠠ ᠎ ᠶᠢ ᠨᠡᠮᠡᠭᠳᠡᠬᠦᠯᠵᠤ᠂ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭ ᠪᠤᠯᠬᠤ ᠶᠢ ᠪᠡᠶᠡᠯᠡᠭᠦᠯᠦᠨ᠎ᠡ᠃     ᠬᠤᠶᠠᠷ᠂ ᠵᠢᠭᠡᠯᠡᠯᠭᠡ ᠠᠪᠬᠤ ᠶᠠᠪᠤᠴᠠ    ︵ᠨᠢᠭᠡ︶ ᠵᠢᠭᠡᠯᠡᠯᠭᠡ ᠶᠢᠨ ᠮᠦᠩᠬᠦᠨ ᠤ ᠳᠤᠭ᠎ᠠ᠃ ᠦᠨᠳᠣᠰᠣᠲᠡᠨ ᠤ ᠣᠨᠴᠠ ᠬᠡᠷᠡᠭᠴᠡᠬᠡᠲᠣ ᠳᠠᠸᠠᠷ ᠢ ᠦᠢᠯᠡᠳᠪᠦᠷᠢᠯᠡᠵᠤ ᠪᠣᠷᠣᠯᠭᠤᠯᠬᠤ ᠣᠶᠢᠯᠡᠳᠪᠣᠷᠢᠯᠡᠯ ᠤᠨ ᠠᠵᠣ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠣᠬᠡ  ᠎ ᠳᠤ 3 —30 ᠳᠦᠮᠠᠨ ᠲᠦᠬᠦᠷᠢᠭ᠂ ᠳᠣᠰᠬᠤᠨ ᠤ ᠬᠠᠮᠳᠣ ᠨᠡᠶᠢᠳᠡ ᠳᠤ 5 —30 ᠳᠦᠮᠠᠨ ᠲᠦᠬᠦᠷᠢᠭ᠂ ᠬᠤᠪᠢ ᠬᠦᠮᠣᠨ ᠳᠤ 3 —10 ᠳᠦᠮᠠᠨ ᠲᠦᠬᠦᠷᠢᠭ᠃    ︵ᠬᠤᠶᠠᠷ︶ ᠮᠠᠲᠡᠬᠦᠯᠬᠦ ᠶᠠᠪᠣᠴᠠ᠃ ᠳᠣᠰᠬᠤᠨ᠂ ᠭᠠᠴᠠᠭ᠎ᠠ᠂ ᠨᠡᠶᠢᠬᠡᠮ ᠳᠣᠭᠤᠷᠢᠭ ᠠᠴᠠ ᠮᠠᠲᠡᠬᠦᠯᠬᠦ ᠬᠦᠮᠣᠨ ᠎ ᠤ ᠦᠨᠳᠣᠰᠣᠲᠡᠨ ᠤ ᠪᠦᠷᠢᠯᠳᠣᠬᠦᠨ᠂ ᠭᠡᠷ ᠪᠦᠯᠢ ᠶᠢᠨ ᠠᠵᠣ ᠠᠬᠤᠢ ᠶᠢᠨ ᠣᠷᠣᠯᠭ᠎ᠠ ᠶᠢᠨ ᠪᠠᠶᠢᠲᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠦᠬᠦᠴᠠᠯ ᠳᠤ ᠨᠠᠶᠢᠴᠡᠭᠰᠠᠨ ᠮᠠᠲᠡᠬᠦᠯᠬᠦ ᠬᠦᠮᠣᠨ ᠢ ᠪᠠᠯᠭᠠᠰᠣᠨ ᠤ ᠠᠷᠠᠳ ᠤᠨ ᠵᠠᠰᠠᠭ ᠤᠨ ᠣᠷᠲᠣᠨ ᠳᠤ ᠮᠡᠳᠡᠭᠦᠯᠦᠨ᠂ ᠪᠠᠯᠭᠠᠰᠣᠨ ᠤ ᠠᠷᠠᠳ ᠤᠨ ᠵᠠᠰᠠᠭ ᠤᠨ ᠣᠷᠲᠣᠨ ᠠᠴᠠ ᠬᠢᠨᠠᠨ ᠭᠤᠶᠤᠴᠢᠯᠠᠭᠰᠠᠨ ᠬᠦᠮᠦᠨ ᠤ ᠵᠢᠭᠡᠯᠡᠯᠭᠡ ᠪᠤᠴᠠᠭᠠᠬᠤ ᠴᠢᠳᠠᠪᠤᠷᠢ ᠶᠢ ᠬᠤᠶᠠᠳᠤᠭᠠᠷ ᠤᠳᠠᠭ᠎ᠠ ᠬᠢᠨᠠᠨ ᠬᠠᠷᠭᠤᠭᠤᠯᠬᠤ ᠎ ᠶᠢᠨ ᠬᠠᠮᠲᠤ ᠬᠤᠯᠪᠤᠭᠳᠠᠯᠲᠤ ᠬᠠᠷᠢᠭᠤᠴᠠᠯᠭ᠎ᠠ ᠡᠭᠦᠷᠭᠡᠯᠡᠨ᠎ᠡ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠎ ᠠᠴᠠ ᠨᠦᠬᠦᠴᠡᠯ ᠳᠤ ᠨᠡᠶᠢᠴᠡᠬᠦ ᠮᠡᠳᠡᠭᠦᠯᠬᠦ ᠬᠦᠮᠦᠰ ᠢᠶᠠᠨ ᠨᠢᠭᠡᠲᠦᠯᠲᠠᠢ ᠪᠠᠷ ︽ᠴᠦᠭᠡᠨ ᠲᠤᠭᠠᠲᠤ ᠦᠨᠳᠦᠰᠦᠲᠡᠨ ᠤ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠤᠨ ᠲᠠᠮ ᠬᠦᠤ ᠲᠠᠢ ᠵᠢᠭᠡᠯᠡᠯᠭᠡ ᠶᠢᠨ ᠬᠦᠮᠦᠰ ᠎ ᠤᠨ ᠪᠦᠷᠢᠳᠬᠡᠯ ᠤᠨ ᠬᠦᠰᠦᠨᠦᠭ︾᠎ ᠢ ᠲᠠᠭᠯᠠᠭᠤᠯᠵᠤ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠠᠷ ᠭᠠᠷ ᠤᠨ ᠦᠰᠦᠭ ᠵᠢᠷᠤᠭᠤᠯᠵᠤ ᠲᠠᠮᠠᠭ᠎ᠠ ᠲᠠᠷᠤᠭᠰᠠᠨ ᠬᠤᠶᠢᠨ᠎ᠠ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠤ ᠠᠬᠤᠢ ᠶᠢᠨ ᠬᠦᠭᠵᠢᠬᠦᠯᠦᠯᠲᠡ ᠶᠢᠨ ᠲᠠᠰᠤᠭ ᠲᠤ ᠮᠡᠳᠡᠭᠦᠯᠵᠤ ᠠᠪᠴᠢᠷᠠᠨ᠎ᠠ᠃     ᠭᠤᠷᠪᠠ᠂ ᠵᠢᠭᠡᠯᠡᠯᠭᠡ ᠶᠢᠨ ᠬᠤᠭᠤᠴᠠᠭ᠎ᠠ     ᠵᠢᠭᠡᠯᠡᠯᠭᠡ ᠶᠢᠨ ᠪᠤᠲᠠᠲᠠᠢ ᠴᠠᠭ ᠬᠤᠭᠤᠴᠠᠭ᠎ᠠ ᠨᠢ ᠨᠢᠭᠡ ᠵᠢᠯ ᠠᠴᠠ ᠬᠡᠳᠦᠷᠡᠬᠦ ᠦᠭᠡᠢ᠃    ᠡᠯ᠎ᠡ ᠪᠠᠯᠭᠠᠰᠤ ᠡᠯ᠎ᠡ ᠰᠠᠯᠠᠭ᠎ᠠ ᠮᠦᠴᠢᠷ ᠤᠨ ᠬᠢᠨ 2020 ᠣᠨ ᠤ 6 ᠰᠠᠷᠠᠶᠢᠨ 7᠎ ᠠᠴᠠ ᠡᠮᠦᠨ᠎ᠡ ᠴᠦᠭᠡᠨ ᠲᠤᠭᠠᠲᠤ ᠦᠨᠳᠦᠰᠦᠲᠡᠨ ᠤ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠤᠨ ᠲᠠᠮ ᠬᠦᠤ ᠲᠠᠢ ᠵᠢᠭᠡᠯᠡᠯᠭᠡ ᠶᠢᠨ ᠬᠦᠮᠦᠰ ᠤᠨ ᠪᠦᠷᠢᠳᠬᠡᠯ ᠤᠨ ᠬᠦᠰᠦᠨᠦᠭ ︵ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠶᠢᠨ ᠭᠠᠷ ᠎ ᠤᠨ ᠦᠰᠦᠭ ᠪᠠ ᠪᠠᠶᠢᠭᠤᠯᠭ᠎ᠠ ᠶᠢᠨ ᠲᠠᠮᠠᠭ᠎ᠠ ᠪᠠᠶᠢᠬᠤ︶ ᠪᠠ ᠲᠤᠰᠬᠤᠨ᠂ ᠪᠠᠯᠭᠠᠰᠤᠨ ᠤ ᠬᠤᠶᠠᠷ ᠱᠠᠲᠤᠨ ᠤ ᠬᠤᠷᠠᠯ ᠤᠨ ᠲᠡᠮᠳᠡᠭᠯᠡᠯ᠂ ᠨᠡᠶᠢᠳᠡᠯᠡᠭᠰᠡᠨ ᠨᠡᠷᠡᠰ ᠢ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠤ ᠠᠬᠤᠢ ᠶᠢᠨ ᠬᠦᠭᠵᠢᠬᠦᠯᠦᠯᠲᠡ ᠶᠢᠨ ᠲᠠᠰᠤᠭ ᠲᠤ ᠮᠡᠳᠡᠭᠦᠯᠵᠤ ᠠᠪᠴᠢᠷᠠᠨ᠎ᠠ᠂ ᠢᠮᠧᠯ᠄ 154812795@qq.com     ᠬᠠᠷᠢᠯᠴᠠᠬᠤ ᠬᠦᠮᠦᠨ᠄ ᠠᠯᠲᠠᠢ             ᠬᠠᠷᠢᠯᠴᠠᠬᠤ ᠤᠳᠠᠰᠤ᠄ 0477 — 8969107   13948377556                                                      ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ                           2020 ᠤᠨ ᠤ 5 ᠰᠠᠷᠠᠶᠢᠨ 7  ᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号