ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠠᠵᠢᠯᠲᠠᠨ ᠰᠣᠩᠭᠤᠨ ᠰᠢᠯᠵᠢᠭᠦᠯᠬᠦ ᠠᠯᠪᠠᠨ
ᠨᠡᠶᠢᠲᠡᠯᠡᠭᠰᠡᠨ ᠴᠠᠭ᠄
2020-07-01
     ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠰᠣᠩᠭᠤᠨ ᠰᠢᠯᠵᠢᠭᠦᠯᠬᠦ ᠠᠷᠭ᠎ᠠ ᠮᠠᠶ᠋ᠢᠭ ᠢ ᠠᠪᠴᠤ᠂ ᠡᠵᠡᠨ ᠮᠡᠳᠡᠬᠦ᠂ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠨ᠂ ᠡᠯ᠎ᠡ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠦᠢᠯᠡᠰ ᠤᠨ ᠨᠢᠬᠡᠴᠢ ᠶᠢᠨ ᠳᠣᠲᠣᠷ᠎ᠠ ᠠᠴᠠ ᠬᠡᠰᠡᠭ ᠠᠵᠢᠯᠲᠠᠨ ᠢ ᠰᠣᠩᠭᠤᠨ ᠰᠢᠯᠵᠢᠭᠦᠯᠵᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠢ ᠳᠤ ᠠᠵᠢᠯᠯᠠᠭᠤᠯᠬᠤ ᠪᠠᠷ ᠪᠣᠢ᠃ ᠡᠳᠦᠭᠡ ᠬᠤᠯᠪᠣᠭᠳᠠᠯ ᠪᠦᠬᠦᠢ ᠤᠴᠢᠷ ᠢ ᠮᠡᠳᠡᠭᠳᠡᠶ᠎ᠡ᠄      ᠨᠢᠭᠡ᠂ ᠰᠣᠩᠭᠤᠨ ᠰᠢᠯᠵᠢᠭᠦᠯᠬᠦ ᠠᠵᠢᠯ ᠤᠨ ᠪᠠᠶᠢᠷᠢ ᠵᠢᠴᠢ ᠬᠥᠮᠦᠨ ᠤ ᠲᠤᠭ᠎ᠠ      ᠲᠣᠰ ᠤᠳᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠨᠠᠷᠢᠨ ᠪᠢᠴᠢᠭᠡᠴᠢ ᠶᠢᠨ ᠠᠵᠢᠯ ᠤᠨ ᠪᠠᠶᠢᠷᠢ ᠳᠤ 8 ᠠᠵᠢᠯᠲᠠᠨ ᠢ ᠰᠣᠩᠭᠤᠨ ᠰᠢᠯᠵᠢᠭᠦᠯᠬᠦ ᠪᠠᠷ ᠪᠣᠶ᠃      ᠬᠤᠶᠠᠷ᠂ ᠰᠣᠩᠭᠤᠨ ᠰᠢᠯᠵᠢᠭᠦᠯᠬᠦ ᠬᠡᠪᠴᠢᠶ᠎ᠡ      ᠡᠯ᠎ᠡ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠠ ᠠᠵᠢᠯ ᠦᠢᠯᠡᠰ ᠤᠨ ᠨᠢᠬᠡᠴᠢ ︵ᠰᠤᠷᠭᠠᠭᠤᠯᠢ ᠪᠠᠭᠲᠠᠨ᠎ᠠ︶᠎ ᠳᠤ ᠠᠵᠢᠯᠯᠠᠵᠤ ᠪᠠᠶᠢᠭ᠎ᠠ ᠺᠠᠳ᠋ᠷ ᠠᠵᠢᠯᠲᠠᠨ ︵ᠨᠡᠶᠢᠭᠡᠮ ᠤᠨ ᠠᠵᠢᠯᠲᠠᠨ᠂ ᠵᠠᠰᠠᠭ ᠤᠨ ᠤᠷᠳᠤᠨ ᠤ ᠬᠤᠳᠠᠯᠳᠤᠨ ᠠᠪᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ  ᠎ ᠶᠢᠨ ᠠᠵᠢᠯᠲᠠᠨ ᠲᠣᠰ ᠤᠳᠠᠭᠠᠨ ᠤ ᠰᠤᠩᠭᠤᠨ ᠰᠢᠯᠵᠢᠭᠦᠯᠬᠦ ᠬᠡᠪᠴᠢᠶᠡᠨ ᠳᠤ ᠪᠠᠭᠲᠠᠬᠤ ᠥᠬᠡᠶ︶᠃     ᠭᠤᠷᠪᠠ᠂ ᠰᠣᠩᠭᠤᠨ ᠰᠢᠯᠵᠢᠭᠦᠯᠬᠦ ᠨᠥᠬᠦᠴᠡᠯ     ︵ᠨᠢᠭᠡ︶ ᠨᠡᠷ᠎ᠡ ᠮᠡᠳᠡᠭᠦᠯᠦᠭᠰᠡᠳ ᠤᠨ ᠪᠦᠷᠢᠯᠳᠦᠬᠦᠯᠬᠦ ᠵᠤᠬᠢᠬᠤ ᠬᠢᠷᠢ ᠬᠡᠮ      1᠂ ᠤᠯᠤᠰ ᠲᠦᠷᠦ ᠶᠢᠨ ᠬᠡᠪ ᠴᠢᠨᠠᠷ ᠰᠠᠶᠢᠨ᠂ ᠶᠣᠰᠣ ᠮᠣᠷᠠᠯ ᠤᠨ ᠪᠣᠯᠪᠠᠰᠤᠷᠠᠯ ᠲᠠᠢ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠵᠤ᠂ ᠵᠠᠩ ᠰᠤᠷᠲᠠᠯ ᠲᠥᠪ ᠴᠢᠬᠡᠴᠢ ᠪᠠᠶᠢᠬᠤ᠃      2᠂ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠨᠠᠷᠢᠨ ᠪᠢᠴᠢᠭᠡᠴᠢ ᠶᠢᠨ ᠠᠵᠢᠯ ᠬᠢᠬᠦ ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠪᠦᠷᠢᠯᠳᠦᠭᠦᠯᠦᠭᠰᠡᠨ ᠪᠠᠶᠢᠪᠠᠯ ᠤᠷᠢᠳ ᠢᠶᠠᠷ ᠪᠣᠳᠣᠯᠬᠢᠯᠠᠨ᠎ᠠ︔ ᠣᠳᠣᠬᠠᠨ ᠳᠤ ᠨᠠᠷᠢᠨ ᠪᠢᠴᠢᠭᠡᠴᠢ ᠶᠢᠨ ᠠᠵᠢᠯ ᠪᠤᠶᠤ ᠨᠠᠷᠢᠨ ᠪᠢᠴᠢᠭᠡᠴᠢ ᠶᠢᠨ ᠠᠵᠢᠯ ᠤᠨ ᠲᠤᠷᠰᠢᠯᠭ᠎ᠠ ᠲᠠᠢ ᠬᠥᠮᠦᠰ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠪᠠᠶᠢᠵᠤ ᠪᠣᠯᠤᠨ᠎ᠠ᠃      3᠂ ᠪᠦᠬᠦᠯᠢ 34 ᠨᠠᠰᠤᠨ ᠠᠴᠠ ᠳᠣᠷᠣᠭᠰᠢᠬᠢ ︵1986 ᠣᠨ ᠤ 7 ᠰᠠᠷ᠎ᠠ ᠶᠢᠨ 1᠎ ᠤ ᠡᠳᠦᠷ ᠠᠴᠠ ᠬᠤᠶᠢᠰᠢ ᠲᠦᠷᠦᠭᠰᠡᠨ︶ ᠪᠠᠶᠢᠬᠤ᠃      4᠂ ᠣᠨ ᠤ ᠬᠢᠨᠠᠨ ᠰᠢᠯᠭᠠᠷᠠᠭᠤᠯᠤᠯᠳᠠ ᠳᠤ ᠴᠥᠮ ᠲᠤᠰᠢᠶᠠᠯ ᠳᠠᠭᠠᠨ ᠲᠡᠩᠴᠡᠭᠰᠡᠨ ︵ᠬᠢᠷᠢ ᠲᠡᠩᠴᠡᠭᠰᠡᠨ︶᠎ ᠠᠴᠠ ᠳᠡᠭᠡᠭᠰᠢ ᠪᠠᠶᠢᠬᠤ᠃      5. ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ᠃      ︵ᠬᠤᠶᠠᠷ︶ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠰᠣᠩᠭᠤᠨ ᠰᠢᠯᠵᠢᠭᠦᠯᠬᠦ ᠳᠤ ᠣᠷᠣᠯᠴᠠᠵᠤ ᠪᠣᠯᠬᠤ ᠦᠭᠡᠢ      1᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠨᠳᠤᠯᠭ᠎ᠠ ᠲᠠᠢ ᠨᠢᠬᠡᠴᠢ ᠳᠤ ᠣᠴᠢᠵᠤ ᠠᠵᠢᠯᠯᠠᠭᠠᠳ ᠦᠢᠯᠡᠴᠢᠯᠡᠭᠡᠨ ᠤ ᠵᠢᠯ ᠬᠤᠭᠤᠴᠠᠭ᠎ᠠ ᠨᠢ ᠬᠦᠷᠦᠭᠰᠡᠨ ᠦᠬᠡᠢ ᠪᠤᠶᠤ ᠰᠣᠩᠭᠤᠨ ᠰᠢᠯᠵᠢᠬᠦᠯᠬᠦ ᠲᠤᠬᠠᠶ ᠪᠤᠰᠤᠳ ᠬᠢᠵᠠᠭᠠᠷᠯᠠᠬᠤ ᠴᠢᠨᠠᠷᠲᠠᠶ ᠲᠣᠭᠲᠠᠭᠠᠯ ᠲᠠᠢ᠃      2᠂ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠭ᠎ᠠ ᠠᠵᠢᠯᠲᠠᠨ᠃      3᠂ ᠰᠢᠢᠳᠬᠡᠭᠳᠡᠭᠰᠡᠨ ᠬᠤᠭᠤᠴᠠᠭ᠎ᠠ ᠪᠤᠶᠤ ᠨᠥᠯᠥᠭᠡᠯᠡᠭᠳᠡᠭᠰᠡᠨ ᠬᠤᠭᠤᠴᠠᠭ᠎ᠠ ᠨᠢ ᠲᠠᠭᠤᠰᠤᠭᠰᠠᠨ ᠦᠬᠡᠢ᠃      4᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠢᠶᠠᠷ ᠰᠡᠵᠢᠭᠯᠡᠭᠳᠡᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠶᠢ ᠬᠦᠯᠢᠶᠡᠵᠦ ᠳ᠋ᠦᠩᠨᠡᠯᠲᠡ ᠭᠠᠷᠭᠠᠭᠰᠠᠨ ᠦᠬᠡᠢ᠃      5᠂ ᠡᠯ᠎ᠡ ᠲᠥᠷᠥᠯ ᠤᠨ ᠡᠯᠰᠡᠬᠦ ᠰᠢᠯᠭᠠᠯᠲᠠ ᠳᠤ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ  ᠎ ᠪᠠᠷ ᠮᠠᠭᠠᠳᠯᠠᠨ ᠲᠣᠭᠲᠠᠭᠠᠭᠳᠠᠭᠰᠠᠨ ᠬᠥᠮᠦᠰ᠃      6᠂ ᠠᠵᠢᠯ ᠤᠨ ᠪᠠᠶᠢᠷᠢ ᠳᠤ ᠰᠣᠩᠭᠤᠨ ᠰᠢᠯᠵᠢᠭᠦᠯᠦᠭᠰᠡᠨ ᠤ ᠳᠠᠷᠠᠭ᠎ᠠ ᠵᠠᠶᠢᠯᠠᠰᠬᠢᠬᠦ ᠬᠠᠷᠢᠴᠠᠭ᠎ᠠ ᠪᠦᠷᠢᠯᠳᠦᠭᠰᠡᠨ ᠬᠥᠮᠦᠰ᠃      7. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃      ᠳᠥᠷᠪᠡ᠂ ᠰᠣᠩᠭᠤᠨ ᠰᠢᠯᠵᠢᠭᠦᠯᠬᠦ ᠶᠠᠪᠤᠴᠠ     ︵ᠨᠢᠭᠡ︶ ᠨᠡᠷ᠎ᠡ ᠮᠡᠳᠡᠬᠦᠯᠬᠦ᠃ ᠨᠡᠷ᠎ᠡ ᠮᠡᠳᠡᠬᠦᠯᠦᠭᠰᠡᠳ 2020 ᠣᠨ ᠤ 6 ᠰᠠᠷ᠎ᠠ ᠶᠢᠨ 29᠎ ᠤ ᠡᠳᠦᠷ ᠠᠴᠠ 7 ᠰᠠᠷ᠎ᠠ ᠶᠢᠨ 15᠎ ᠤ ᠡᠳᠦᠷ ᠪᠣᠯᠲᠠᠯ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯᠲᠠᠨ ᠤ ᠶᠠᠪᠤᠳᠠᠯ ᠤᠨ ᠲᠠᠰᠤᠭ ︵ᠡᠵᠡᠨ ᠬᠤᠷᠤᠭ᠎ᠠ ᠬᠤᠰᠢᠭᠤᠨ ᠤ ᠶᠢᠨ ᠬᠤᠢ ᠲᠤᠮᠤ ᠠᠰᠠᠷ ᠤᠨ 522 ᠲᠠᠰᠤᠭ︶᠎ ᠲᠤ ᠨᠡᠷ᠎ᠡ ᠮᠡᠳᠡᠭᠦᠯᠵᠦ᠂ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄      1᠂ ︽2020 ᠣᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠲᠠᠨ  ᠰᠤᠩᠭᠤᠨ ᠰᠢᠯᠵᠢᠭᠦᠯᠬᠦ ᠨᠡᠷ᠎ᠡ ᠮᠡᠳᠡᠭᠦᠯᠬᠦ ᠲᠠᠩᠰᠠᠯᠠᠯᠳᠠ ᠶᠢᠨ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ︵ᠨᠢᠭᠡ ᠬᠡᠯᠪᠡᠷᠢ ᠠᠴᠠ ᠬᠤᠶᠠᠷ ᠬᠤᠪᠢ︶ ︵ᠡᠯᠧᠺᠲᠷᠣᠨ ᠬᠡᠪᠯᠡᠯ ᠢᠶᠠᠨ ᠢᠯᠡᠬᠡᠬᠦ ᠰᠢᠤᠳᠠᠨ ᠬᠠᠶᠢᠷᠴᠠᠭ᠄ 644828076@qq. com︶︔      2᠂ ᠲᠣᠰ ᠬᠥᠮᠦᠨ ᠤ ᠤᠷᠴᠢᠮ ᠤᠨ ᠬᠤᠭᠤᠴᠠᠭᠠᠨ ᠤ ᠨᠢᠭᠡ ᠢᠮᠠᠬᠤ ᠶᠢᠨ ᠬᠥᠬᠡ ᠲᠡᠪᠢᠰᠬᠡᠷᠳᠦ ᠵᠢᠷᠤᠭ ᠬᠤᠶᠠᠷ ᠬᠠᠭᠤᠳᠠᠰᠤ ︵ᠣᠪᠣᠭ ᠨᠡᠷ᠎ᠡ ᠨᠢᠭᠡᠴᠢ ᠪᠠᠨ ᠲᠤᠳᠤᠷᠬᠠᠶᠢᠯᠠᠨ᠎ᠠ︶︔      3᠂ ᠲᠣᠰ ᠬᠥᠮᠦᠨ ᠤ ᠬᠦᠴᠦᠨ ᠪᠥᠬᠦᠶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠤᠨ ᠡᠬᠡ ᠪᠢᠴᠢᠭ ᠵᠢᠴᠢ ᠬᠠᠭᠤᠯᠪᠤᠷᠢ ᠨᠢᠭᠡ ᠬᠤᠪᠢ︔      4᠂ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ ᠮᠡᠳᠡᠬᠦᠯᠦᠯᠳᠡ ︵ᠳᠤᠮᠳᠠᠳᠤ ᠤᠯᠤᠰ ᠤᠨ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ http://www.chsi.com.cn/ ᠰᠠᠨᠠᠭᠤᠯᠤᠮᠵᠢ ᠪᠠᠷ ᠪᠣᠶ ᠪᠣᠯᠤᠨ᠎ᠠ︶᠂ ᠰᠢᠯᠭᠠᠨ ᠪᠠᠲᠤᠯᠠᠬᠤ ᠬᠤᠭᠤᠴᠠᠭ᠎ᠠ ᠨᠢ ᠠᠬᠤᠢ ᠲᠠᠯᠠᠪᠠᠢ ᠳᠤ ᠬᠢᠨᠠᠨ ᠬᠠᠷᠭᠤᠭᠤᠯᠵᠤ ᠲᠤᠭᠳᠠᠭᠠᠨ ᠳᠠᠭᠤᠰᠬᠤ ᠠᠴᠠ ᠡᠮᠦᠨ᠎ᠡ ᠬᠦᠴᠦᠨ ᠲᠠᠢ ᠪᠠᠶᠢᠬᠤ ᠬᠡᠷᠡᠭᠲᠡᠶ      5᠂ ᠣᠶᠢᠷ᠎ᠠ ᠶᠢᠨ 3 ᠵᠢᠯ ᠤᠨ ᠣᠨ ᠤ ᠬᠢᠨᠠᠨ ᠰᠢᠯᠭᠠᠬᠤ ᠬᠦᠰᠦᠨᠦᠭᠲᠦ ︵ᠬᠢᠨᠠᠨ ᠰᠢᠯᠭᠠᠷᠠᠭᠤᠯᠤᠯᠳᠠ ᠶᠢᠨ ᠳ᠋ᠦᠩᠨᠡᠯᠲᠡ ᠶᠢᠨ ᠪᠢᠴᠢᠭ ᠮᠠᠲ᠋ᠧᠷᠢᠶᠠᠯ︶᠎ ᠶᠢᠨ ᠬᠠᠭᠤᠯᠪᠤᠷᠢ᠃      6᠂ ᠠᠯᠪᠠᠲᠠᠨ ᠪᠤᠶᠤ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠵᠤ ᠬᠠᠮᠢᠶᠠᠷᠬᠤ ᠪᠠᠶᠢᠭᠤᠯᠭ᠎ᠠ ︵ᠨᠢᠬᠡᠴᠢ︶᠎ ᠶᠢᠨ ᠠᠵᠢᠯᠲᠠᠨ ᠠᠯᠪᠠᠲᠠᠨ ᠤ ᠳᠡᠩᠰᠡᠯᠡᠯᠲᠡ ᠶᠢᠨ ᠬᠦᠰᠦᠨᠦᠭᠲᠦ ᠪᠤᠶᠤ ᠠᠯᠪᠠᠲᠠᠨ ᠤ ᠬᠠᠤᠯᠢ ᠪᠠᠷ ᠯᠠᠪᠯᠠᠯᠳᠠ ᠪᠤᠯᠭᠠᠵᠤ ᠬᠠᠮᠢᠶᠠᠷᠬᠤ ᠪᠠᠶᠢᠭᠤᠯᠭ᠎ᠠ ︵ᠨᠢᠬᠡᠴᠢ︶᠎ ᠶᠢᠨ ᠠᠵᠢᠯᠲᠠᠨ ᠤ ᠳᠡᠩᠰᠡᠯᠡᠯᠲᠡ ᠶᠢᠨ ᠬᠦᠰᠦᠨᠦᠭᠲᠦ ᠶᠢᠨ ᠬᠠᠭᠤᠯᠪᠤᠷᠢ ᠪᠠᠨ ᠬᠠᠩᠭᠠᠵᠤ᠂ ᠪᠤᠰᠤᠳ ᠨᠢᠬᠡᠴᠢ ᠶᠢᠨ ᠠᠵᠢᠯᠲᠠᠨ ᠤᠷᠢᠨ ᠬᠡᠷᠡᠭᠯᠡᠬᠦ ᠪᠢᠴᠢᠭ ᠮᠠᠲ᠋ᠧᠷᠢᠶᠠᠯ ᠤᠨ ᠬᠠᠭᠤᠯᠪᠤᠷᠢ ᠶᠢ ᠬᠠᠩᠭᠠᠨ᠎ᠠ᠃     ︵ᠬᠤᠶᠠᠷ︶ ᠬᠢᠨᠠᠨ ᠬᠠᠷᠭᠤᠭᠤᠯᠬᠤ᠃ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠨᠠᠶᠢᠳᠠᠵᠤ ᠨᠡᠷ᠎ᠡ ᠮᠡᠳᠡᠭᠦᠯᠦᠭᠴᠢ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠰᠣᠩᠭᠤᠨ ᠰᠢᠯᠵᠢᠬᠦᠯᠬᠦ ᠳᠤ ᠣᠷᠣᠯᠴᠠᠬᠤ ᠬᠥᠮᠦᠰ ︵ᠬᠢᠷᠢ ᠬᠡᠮ ᠤᠨ ᠬᠢᠨᠠᠨ ᠪᠠᠶᠢᠴᠠᠭᠠᠯᠲᠠ ᠪᠠ ᠨᠡᠷ᠎ᠡ ᠮᠡᠳᠡᠭᠦᠯᠦᠭᠴᠢ ᠶᠢᠨ ᠬᠠᠩᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠢᠯᠭᠠᠨ ᠲᠣᠳᠣᠯᠠᠬᠤ ᠳᠤ ᠰᠣᠩᠭᠤᠨ ᠰᠢᠯᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠬᠤ ᠶᠢ ᠲᠣᠭᠲᠠᠭᠠᠪᠠ᠃ ᠨᠡᠷ᠎ᠡ ᠮᠡᠳᠡᠭᠦᠯᠦᠭᠰᠡᠳ ᠤᠨ ᠦᠨᠡᠨ ᠪᠣᠳᠠᠲᠠᠶ ᠪᠤᠰᠤ ᠮᠡᠳᠡᠭᠡ ᠵᠠᠩᠭᠢ ᠬᠠᠩᠭᠠᠭᠰᠠᠨ ᠢ ᠢᠯᠡᠷᠡᠬᠦᠯᠪᠡᠯ᠂ ᠲᠡᠬᠦᠨ ᠤ ᠰᠤᠩᠭᠤᠨ ᠰᠢᠯᠵᠢᠬᠦᠯᠬᠦ ᠬᠢᠷᠢ ᠬᠡᠮ ᠢ ᠬᠦᠴᠦᠨ ᠦᠬᠡᠢ ᠪᠤᠯᠭᠠᠵᠤ᠂ ᠬᠠᠷᠢᠭᠤᠴᠠᠯᠭ᠎ᠠ ᠪᠠᠨ ᠦᠪᠡᠷᠳᠡᠬᠡᠨ ᠡᠬᠦᠷᠬᠡᠯᠡᠨ᠎ᠡ︶᠃      ︵ᠭᠤᠷᠪᠠ︶ ᠪᠢᠷ ᠤᠨ ᠰᠢᠯᠭᠠᠯᠲᠠ ᠶᠢᠨ ᠡᠬᠢᠯᠡᠵᠦ ᠰᠢᠯᠭᠠᠬᠤ ᠬᠠᠷᠢᠴᠠᠯ᠃ ᠪᠣᠳᠠᠲᠠᠶ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠪᠣᠯᠤᠨ ᠰᠣᠩᠭᠤᠨ ᠰᠢᠯᠵᠢᠭᠦᠯᠬᠦ ᠲᠥᠯᠥᠪᠯᠡᠭᠡ ᠶᠢᠨ ᠲᠤᠭ᠎ᠠ ᠶᠢᠨ ᠬᠠᠷᠢᠴᠠᠯ 3᠄ 1᠎ ᠳᠤ ᠬᠦᠷᠪᠡᠯ ᠰᠢᠯᠭᠠᠯᠲᠠ ᠬᠢᠵᠦ᠂ ᠲᠣᠭᠲᠠᠭᠠᠭᠰᠠᠨ ᠰᠢᠯᠭᠠᠯᠲᠠ ᠡᠬᠢᠯᠡᠬᠦ ᠬᠠᠷᠢᠴᠠᠯ ᠳᠤ ᠬᠦᠷᠴᠦ ᠳᠡᠶᠢᠯᠬᠦ ᠥᠬᠡᠶ ᠪᠣᠯ᠂ ᠲᠥᠯᠥᠪᠯᠡᠭᠡ ᠶᠣᠰᠣᠭᠠᠷ ᠰᠤᠩᠭᠤᠨ ᠰᠢᠯᠵᠢᠭᠦᠯᠬᠦ ᠬᠥᠮᠦᠨ ᠤ ᠲᠤᠭ᠎ᠠ ᠶᠢ ᠵᠣᠬᠢᠴᠠᠩᠭᠤᠶ ᠪᠠᠷ ᠬᠢᠨᠠᠨ ᠬᠠᠰᠤᠨ᠎ᠠ᠃      ︵ᠳᠥᠷᠪᠡ︶ ᠪᠢᠷ ᠤᠨ ᠰᠢᠯᠭᠠᠯᠲᠠ᠃      1᠂ ᠪᠢᠷ ᠤᠨ ᠰᠢᠯᠭᠠᠯᠲᠠ ᠶᠢᠨ ᠠᠭᠤᠯᠭ᠎ᠠ᠃ ᠪᠢᠷ ᠤᠨ ᠰᠢᠯᠭᠠᠯᠲᠠ ᠶᠢ ᠲᠤᠰᠬᠠᠶ ᠪᠠᠶᠢᠭᠤᠯᠤᠮᠵᠢ ᠳᠤ ᠨᠠᠶᠢᠳᠠᠵᠤ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠪᠢᠷ ᠤᠨ ᠰᠢᠯᠭᠠᠯᠲᠠ ᠨᠢ ᠭᠤᠤᠯᠳᠠᠭᠤ ᠰᠢᠯᠭᠠᠯᠲᠠ ᠳᠤ ᠨᠡᠷ᠎ᠡ ᠮᠡᠳᠡᠬᠦᠯᠦᠭᠰᠡᠳ ᠤᠨ ᠲᠥᠷᠥ ᠶᠢᠨ ᠪᠣᠳᠣᠯᠭ᠎ᠠ ᠣᠨᠣᠯ ᠤᠨ ᠬᠢᠷᠢ ᠲᠦᠪᠰᠢᠨ᠂ ᠥᠰᠥᠭ ᠪᠢᠴᠢᠭ ᠤᠨ ᠰᠠᠭᠤᠷᠢ ᠵᠡᠷᠭᠡ ᠶᠡᠷᠦᠩᠬᠡᠶᠢᠯᠡᠭᠰᠡᠨ ᠬᠡᠪ ᠴᠢᠨᠠᠷ ᠢ ᠰᠢᠯᠭᠠᠨ᠎ᠠ᠃ ᠨᠡᠶᠢᠳᠡ 100 ᠬᠤᠪᠢ᠃ ᠪᠢᠷ ᠤᠨ ᠰᠢᠯᠭᠠᠯᠲᠠ ᠶᠢ ᠪᠢᠲᠡᠭᠦᠮᠵᠢᠯᠡᠭᠰᠡᠨ ᠬᠡᠯᠪᠡᠷᠢ ᠪᠠᠷ ᠶᠠᠪᠤᠭᠳᠠᠭᠤᠯᠵᠤ᠂ ᠰᠢᠯᠭᠠᠯᠲᠠ ᠶᠢᠨ ᠬᠠᠭᠤᠳᠠᠰᠤ ᠶᠢ ᠬᠢᠲᠠᠳ ᠬᠡᠯᠡ ᠪᠠᠷ ᠭᠠᠷᠭᠠᠵᠤ᠂ ᠡᠷᠬᠡᠪᠰᠢ ᠬᠢᠲᠠᠳ ᠬᠡᠯᠡ ᠪᠠᠷ ᠰᠡᠳᠦᠪ ᠬᠠᠷᠢᠭᠤᠯᠬᠤ ᠬᠡᠷᠡᠭᠲᠡᠶ᠂ ᠲᠤᠭᠳᠠᠭᠠᠯ ᠶᠤᠰᠤᠨ ᠤ ᠦᠭᠡ ᠬᠡᠯᠡ ᠦᠰᠦᠭ ᠪᠢᠴᠢᠭ ᠢᠶᠠᠷ ᠬᠠᠷᠢᠭᠤᠯᠬᠤ ᠦᠭᠡᠢ ᠪᠣᠯ ᠳᠠᠩ ᠬᠤᠪᠢ ᠪᠠᠷ ᠰᠢᠢᠳᠪᠦᠷᠢᠯᠡᠨ᠎ᠡ᠃      2᠂ ᠴᠠᠭ ᠪᠠ ᠭᠠᠵᠠᠷ᠃ ᠪᠢᠷ ᠤᠨ ᠰᠢᠯᠭᠠᠯᠲᠠ ᠶᠢᠨ ᠴᠠᠭ ᠪᠠ ᠭᠠᠵᠠᠷ ᠢ ᠰᠢᠯᠭᠠᠭᠤᠯᠬᠤ ᠦᠨᠡᠮᠯᠡᠯ ᠳᠤ ᠨᠠᠷᠢᠨ ᠦᠵᠡᠭᠡᠷᠡᠶ᠃ ᠰᠢᠯᠭᠠᠭᠤᠯᠬᠤ ᠦᠨᠡᠮᠯᠡᠯ ᠠᠪᠬᠤ ᠴᠠᠭ ᠢ ᠠᠰᠳᠠᠭᠠᠨ ᠮᠡᠳᠡᠭᠳᠡᠨ᠎ᠡ᠃ ᠨᠡᠷ᠎ᠡ ᠮᠡᠳᠡᠭᠦᠯᠦᠭᠰᠡᠳ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠮᠡᠳᠡᠭᠳᠡᠯ ᠤᠨ ᠠᠯᠪᠠᠨ ᠵᠠᠷ︾ ᠳᠡᠭᠡᠷ᠎ᠡ ᠨᠡᠶᠢᠲᠡᠯᠡᠭᠰᠡᠨ ᠮᠡᠳᠡᠭᠳᠡᠯ ᠢ ᠡᠷᠬᠡᠪᠰᠢ ᠦᠷᠭᠦᠯᠵᠢᠯᠡᠨ ᠠᠩᠬᠠᠷᠬᠤ ᠬᠡᠷᠡᠭᠲᠡᠶ᠃ ᠨᠡᠷ᠎ᠡ ᠮᠡᠳᠡᠭᠦᠯᠦᠭᠰᠡᠳ ᠥᠪᠡᠷ ᠤᠨ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠰᠢᠯᠭᠠᠭᠤᠯᠬᠤ ᠦᠨᠡᠮᠯᠡᠯ ᠢᠶᠠᠨ ᠠᠪᠴᠤ ᠪᠢᠷ ᠤᠨ ᠰᠢᠯᠭᠠᠯᠲᠠ ᠳᠤ ᠣᠷᠣᠯᠴᠠᠬᠤ ᠬᠡᠷᠡᠭᠲᠡᠶ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠨᠡᠷ᠎ᠡ ᠮᠡᠳᠡᠭᠦᠯᠦᠭᠰᠡᠳ ᠰᠢᠯᠭᠠᠯᠳᠠ ᠠᠴᠠ ᠡᠮᠦᠨ᠎ᠡ 14 ᠡᠳᠦᠷ ᠲᠤ ᠬᠢᠵᠢᠭ ᠤᠨ ᠪᠠᠶᠢᠳᠠᠯ ᠳᠤᠮᠳᠠ᠂ ᠦᠨᠳᠦᠷ ᠠᠶᠤᠯ ᠲᠦᠭᠰᠢᠬᠦᠷᠢ ᠶᠡᠬᠡᠲᠡᠶ ᠭᠠᠵᠠᠷ ᠣᠷᠣᠨ ᠳᠤ ᠬᠦᠷᠴᠦ ᠪᠣᠯᠬᠤ ᠥᠬᠡᠶ᠂ ᠨᠡᠷ᠎ᠡ ᠮᠡᠳᠡᠭᠦᠯᠦᠭᠰᠡᠳ ᠰᠢᠯᠭᠠᠯᠳᠠ ᠶᠢᠨ ᠲᠣᠰ ᠡᠳᠦᠷ ᠲᠤ ᠡᠷᠬᠡᠪᠰᠢ ᠨᠤᠭᠤᠭᠠᠨ ᠦᠩᠬᠡᠳᠦ ᠡᠷᠡᠭᠦᠯ ᠮᠡᠨᠳᠦ ᠶᠢᠨ ᠨᠣᠮᠧᠷ  ᠂ ᠠᠮᠠᠪᠴᠢ ᠪᠠᠨ ᠠᠪᠴᠤ ᠰᠢᠯᠭᠠᠯᠲᠠ ᠶᠢᠨ ᠲᠠᠯᠠᠪᠤᠷ ᠲᠤ ᠣᠷᠣᠵᠤ᠂ ᠬᠠᠯᠠᠭᠤᠷᠠᠭᠰᠠᠨ ᠰᠢᠯᠭᠠᠭᠤᠯᠤᠭᠴᠢ ᠰᠢᠯᠭᠠᠯᠲᠠ ᠳᠤ ᠤᠷᠤᠯᠴᠠᠵᠤ ᠪᠣᠯᠬᠤ ᠥᠬᠡᠶ᠃      3᠂ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠬᠤ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠳ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠠᠴᠠ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠨ ᠠᠰᠠᠭᠤᠨ ᠯᠠᠪᠯᠠ᠃      ︵ᠲᠠᠪᠤ︶ ᠪᠠᠶᠢᠴᠠᠭᠠᠨ ᠦᠵᠡᠬᠦ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠪᠣᠯᠬᠤ ᠲᠠᠰ ᠳᠠᠷᠠᠭᠠᠯᠠᠯ ᠢ ᠦᠨᠳᠦᠰᠦᠯᠡᠨ᠂ ᠰᠣᠩᠭᠤᠨ ᠰᠢᠯᠵᠢᠭᠦᠯᠬᠦ ᠬᠥᠮᠦᠨ ᠤ ᠲᠤᠭ᠎ᠠ ᠶᠢᠨ 2᠄ 1᠎ ᠶᠢᠨ ᠬᠠᠷᠢᠴᠠᠯ ᠢᠶᠠᠷ ᠪᠠᠶᠢᠴᠠᠭᠠᠨ ᠦᠵᠡᠬᠦ ᠬᠡᠪᠴᠢᠶᠡᠨ ᠳᠤ ᠤᠷᠤᠬᠤ ᠬᠥᠮᠦᠰ ᠢ ᠲᠣᠭᠲᠠᠭᠠᠨ᠎ᠠ᠃ ᠬᠡᠷᠪᠡ ᠡᠴᠦᠰ ᠤᠨ ᠬᠢᠷᠢ ᠪᠦᠲᠦᠮᠵᠢ ᠨᠢ ᠵᠡᠷᠭᠡᠴᠡᠵᠦ᠂ ᠵᠡᠷᠭᠡᠴᠡᠭᠰᠡᠨ ᠬᠥᠮᠦᠰ ᠎ ᠢ ᠴᠥᠮ ᠪᠠᠶᠢᠴᠠᠭᠠᠨ ᠦᠵᠡᠬᠦ ᠬᠡᠪᠴᠢᠶᠡᠨ ᠳᠤ ᠤᠷᠤᠭᠤᠯᠤᠨ᠎ᠠ᠃ ᠪᠠᠶᠢᠴᠠᠭᠠᠨ ᠦᠵᠡᠬᠦ ᠠᠵᠢᠯ ᠢ ᠰᠣᠩᠭᠤᠨ ᠰᠢᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠲᠤᠰᠬᠠᠶ ᠠᠵᠢᠯᠳᠠᠨ ᠢ ᠰᠢᠯᠵᠢᠭᠦᠯᠦᠨ ᠠᠪᠴᠢᠷᠠᠵᠤ ᠪᠠᠶᠢᠴᠠᠭᠠᠨ ᠦᠵᠡᠬᠦ ᠳᠤᠭᠤᠶᠢᠯᠠᠩ ᠪᠠᠶᠢᠭᠤᠯᠵᠤ  ᠪᠠᠶᠢᠴᠠᠭᠠᠨ ᠦᠵᠡᠬᠦ ᠡᠲᠡᠭᠡᠳ ᠤᠨ ᠨᠢᠭᠡᠴᠢ ᠳᠤ ᠬᠦᠷᠴᠦ ᠪᠠᠶᠢᠴᠠᠭᠠᠨ ᠦᠵᠡᠨ᠎ᠡ᠃ ᠪᠠᠶᠢᠴᠠᠭᠠᠨ ᠦᠵᠡᠬᠦ ᠡᠲᠡᠭᠡᠳ ᠤᠨ ᠶᠣᠰᠣ ᠮᠣᠷᠠᠯ᠂ ᠴᠢᠳᠠᠪᠤᠷᠢ᠂ ᠠᠵᠢᠯᠴᠢ᠂ ᠠᠮᠵᠢᠯᠲᠠ ᠪᠦᠲᠦᠮᠵᠢ᠂ ᠠᠷᠢᠭᠤᠨ ᠴᠢᠬᠡᠴᠢ ᠪᠠᠶᠢᠳᠠᠯ ᠵᠢᠴᠢ ᠲᠡᠭᠦᠨ ᠤ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠦᠬᠦ ᠲᠠᠯ᠎ᠠ ᠪᠠᠷ ᠪᠠᠶᠢᠴᠠᠭᠠᠨ ᠦᠵᠡᠨ᠎ᠡ᠃ ᠨᠡᠶᠢᠳᠡ 100 ᠬᠤᠪᠢ᠃      ︵ᠵᠢᠷᠭᠤᠭ᠎ᠠ︶ ᠶᠡᠷᠦᠩᠬᠡᠶ ᠬᠢᠷᠢ ᠪᠦᠲᠦᠮᠵᠢ ᠶᠢ ᠪᠤᠳᠤᠬᠤ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ 60%᠎ ᠶᠢ ᠡᠵᠡᠯᠡᠵᠦ᠂ ᠬᠢᠨᠠᠨ ᠪᠠᠶᠢᠴᠠᠭᠠᠭᠰᠠᠨ ᠬᠢᠷᠢ ᠪᠦᠲᠦᠮᠵᠢ 40%᠎ ᠶᠢ ᠡᠵᠡᠯᠡᠬᠦ ᠬᠠᠷᠢᠴᠠᠯ ᠢᠶᠠᠷ ᠶᠡᠷᠦᠩᠬᠡᠶ ᠬᠢᠷᠢ ᠪᠦᠲᠦᠮᠵᠢ ᠶᠢ ᠪᠤᠳᠤᠨ᠎ᠠ᠃ ᠶᠡᠷᠦᠩᠬᠡᠶ ᠬᠢᠷᠢ ᠪᠦᠲᠦᠮᠵᠢ = ︵ᠪᠢᠷ ᠤᠨ ᠰᠢᠯᠭᠠᠯᠲᠠ ᠶᠢᠨ ᠬᠢᠷᠢ ᠪᠦᠲᠦᠮᠵᠢ × 60%︶ + ︵ᠪᠠᠶᠢᠴᠠᠭᠠᠨ ᠦᠵᠡᠭᠰᠡᠨ ᠬᠢᠷᠢ ᠪᠦᠲᠦᠮᠵᠢ × 40%︶᠂ ᠨᠤᠭᠤᠯᠤᠨ ᠪᠤᠳᠤᠭᠰᠠᠨ ᠶᠡᠷᠦᠩᠬᠡᠶ ᠬᠤᠪᠢ ᠨᠢ 100 ᠬᠤᠪᠢ ᠪᠣᠯᠤᠨ᠎ᠠ᠃      ︵ᠳᠣᠯᠤᠭ᠎ᠠ︶ ᠢᠯᠡ ᠨᠡᠶᠢᠲᠡᠯᠡᠬᠦ ᠪᠠ ᠰᠢᠯᠵᠢᠭᠦᠯᠦᠨ ᠣᠷᠣᠭᠤᠯᠬᠤ᠃ ᠶᠡᠷᠦᠩᠬᠡᠶ ᠬᠢᠷᠢ ᠪᠦᠲᠦᠮᠵᠢ ᠶᠢ ᠦᠨᠳᠦᠰᠦᠯᠡᠨ ᠰᠣᠩᠭᠤᠨ ᠰᠢᠯᠵᠢᠭᠦᠯᠬᠦ ᠭᠡᠵᠦ ᠪᠠᠶᠢᠭ᠎ᠠ ᠬᠥᠮᠦᠰ ᠤᠨ ᠨᠡᠷᠡᠰ ᠢ ᠲᠤᠭᠳᠠᠭᠠᠵᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠢᠯᠡ ᠨᠡᠶᠢᠳᠡᠯᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠠᠰᠠᠭᠤᠳᠠᠯ ᠢ ᠲᠤᠰᠬᠠᠭᠰᠠᠨ ᠪᠥᠭᠡᠳ ᠪᠠᠶᠢᠴᠠᠭᠠᠭᠰᠠᠨ ᠪᠣᠳᠠᠲᠤ ᠪᠠᠷᠢᠮᠳᠠ ᠲᠠᠢ ᠪᠠᠶᠢᠪᠠᠯ᠂ ᠰᠣᠩᠭᠤᠨ ᠰᠢᠯᠵᠢᠭᠦᠯᠬᠦ ᠬᠢᠷᠢ ᠬᠡᠮ ᠢ ᠨᠢ ᠬᠠᠰᠤᠵᠤ᠂ ᠶᠡᠷᠦᠩᠬᠡᠶ ᠬᠢᠷᠢ ᠪᠦᠲᠦᠮᠵᠢ ᠪᠠᠷ ᠨᠢ ᠳᠡᠰ ᠳᠠᠷᠠᠭᠠᠯᠠᠨ ᠨᠦᠬᠦᠪᠦᠷᠢᠯᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ ᠲᠠᠭᠤᠰᠤᠭᠠᠳ ᠣᠨᠳᠣᠤ ᠰᠠᠨᠠᠯ ᠦᠭᠡᠢ ᠪᠠᠶᠢᠪᠠᠯ᠂ ᠠᠵᠢᠯ ᠤᠨ ᠪᠠᠶᠢᠷᠢ ᠶᠢᠨ ᠲᠤᠷᠰᠢᠨ ᠬᠡᠷᠡᠭᠯᠡᠬᠦ ᠬᠤᠭᠤᠴᠠᠭᠠᠨ ᠳᠤ ᠣᠷᠣᠨ᠎ᠠ᠃ ᠠᠵᠢᠯ ᠤᠨ ᠪᠠᠶᠢᠷᠢ ᠶᠢᠨ ᠲᠤᠷᠰᠢᠨ ᠬᠡᠷᠡᠭᠯᠡᠬᠦ ᠬᠤᠭᠤᠴᠠᠭ᠎ᠠ ᠨᠢ 3 ᠰᠠᠷ᠎ᠠ ᠪᠣᠯᠤᠨ᠎ᠠ᠃ ᠲᠤᠷᠰᠢᠨ ᠬᠡᠷᠡᠭᠯᠡᠬᠦ ᠬᠤᠭᠤᠴᠠᠭᠠᠨ ᠳᠤ ᠤᠤᠯ ᠨᠢᠭᠡᠴᠢ ᠨᠢ ᠠᠵᠢᠯ ᠤᠨ ᠬᠠᠷᠢᠴᠠᠭ᠎ᠠ ᠪᠠᠨ ᠬᠦᠴᠦᠨ ᠦᠭᠡᠢ ᠪᠣᠯᠭᠠᠬᠤ ᠪᠠ ᠲᠡᠭᠦᠨ ᠤ ᠲᠤᠰᠢᠶᠠᠯ᠂ ᠲᠤᠰᠢᠶᠠᠯ ᠤᠨ ᠲᠡᠰ ᠢ ᠨᠢ ᠲᠣᠬᠢᠷᠠᠭᠤᠯᠵᠤ ᠪᠣᠯᠬᠤ ᠦᠭᠡᠢ᠃ ᠲᠤᠷᠰᠢᠨ ᠬᠡᠷᠡᠭᠯᠡᠬᠦ ᠬᠤᠭᠤᠴᠠᠭᠠᠨ ᠳᠤ ᠬᠢᠷᠢ ᠲᠡᠩᠴᠡᠬᠦ ᠦᠭᠡᠢ ᠪᠠᠶᠢᠪᠠᠯ᠂ ᠰᠣᠩᠭᠤᠨ ᠰᠢᠯᠵᠢᠭᠦᠯᠬᠦ ᠬᠢᠷᠢ ᠬᠡᠮ ᠢ ᠨᠢ ᠬᠠᠰᠤᠵᠤ᠂ ᠤᠤᠯ ᠤᠨ ᠨᠢᠭᠡᠴᠢ ᠳᠤ ᠪᠤᠴᠠᠭᠠᠨ ᠠᠵᠢᠯᠯᠠᠭᠤᠯᠤᠨ᠎ᠠ᠃ ᠬᠤᠭᠤᠰᠣᠨ ᠠᠵᠢᠯ ᠤᠨ ᠪᠠᠶᠢᠷᠢ ᠶᠢ ᠳᠠᠬᠢᠨ ᠨᠥᠬᠦᠪᠥᠷᠢᠯᠡᠬᠦ ᠦᠭᠡᠢ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠲᠠᠭᠤᠰᠤᠭᠠᠳ ᠬᠢᠷᠢ ᠲᠡᠩᠴᠡᠪᠡᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠰᠢᠯᠵᠢᠭᠦᠯᠬᠦ ᠭᠠᠷ ᠬᠦᠢᠴᠡᠳᠬᠡᠯ ᠬᠢᠨ᠎ᠡ᠃     ᠲᠠᠪᠤ᠂ ᠰᠠᠬᠢᠯᠭ᠎ᠠ ᠪᠠᠲᠤ ᠪᠠ ᠬᠢᠨᠠᠯᠲᠠ      ᠰᠣᠩᠭᠤᠨ ᠰᠢᠯᠵᠢᠭᠦᠯᠬᠦ ᠠᠵᠢᠯ ᠳᠤ ᠵᠠᠶᠢᠯᠠᠰᠬᠢᠬᠦ ᠳᠦᠷᠢᠮ ᠢ ᠬᠡᠷᠡᠭᠵᠢᠭᠦᠯᠦᠨ᠎ᠡ᠃ ᠰᠣᠩᠭᠤᠨ ᠰᠢᠯᠵᠢᠭᠦᠯᠬᠦ ᠠᠵᠢᠯᠲᠠᠨ ᠪᠠ ᠨᠡᠷ᠎ᠡ ᠮᠡᠳᠡᠭᠦᠯᠬᠦ ᠠᠵᠢᠯᠲᠠᠨ ᠲᠤᠰ ᠤᠳᠠᠭᠠᠨ ᠤ ᠰᠣᠩᠭᠤᠨ ᠰᠢᠯᠵᠢᠭᠦᠯᠬᠦ ᠠᠵᠢᠯ ᠤᠨ ᠳᠤᠮᠳᠠ ᠰᠠᠬᠢᠯᠭ᠎ᠠ ᠪᠠᠲᠤ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠠᠭᠠᠳᠯᠠᠨ ᠰᠢᠢᠳᠪᠦᠷᠢᠯᠡᠵᠦ᠂ ︽ᠠᠯᠪᠠᠲᠠᠨ ᠡᠯᠰᠡᠬᠦ ᠰᠢᠯᠭᠠᠯᠲᠠ ᠶᠢᠨ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ  ᠦᠢᠯᠡ ᠠᠵᠢᠯᠯᠠᠭ᠎ᠠ ᠎ ᠶᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠨᠡᠷ᠎ᠡ ᠮᠡᠳᠡᠬᠦᠯᠬᠦ ᠠᠰᠠᠭᠤᠨ ᠯᠠᠪᠯᠠᠯᠳᠠ ᠶᠢᠨ ᠤᠲᠠᠰᠤ᠄ 0477 — 8691081᠂ 8691793      ᠬᠢᠨᠠᠯᠳᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0477 — 8691180 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠵᠠᠰᠠᠭ ᠤᠨ ᠣᠷᠳᠣᠨ ᠤ ᠠᠯᠪᠠᠨ ᠬᠡᠷ ᠎ ᠲᠤ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠨ ᠢ ᠰᠣᠩᠭᠤᠨ ᠰᠢᠯᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠲᠤᠬᠢᠷᠠᠭᠤᠯᠤᠨ᠎ᠠ᠃ ᠲᠤᠰ ᠲᠣᠪᠴᠢ ᠳᠦᠷᠢᠮ ᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ  ᠠᠵᠢᠯᠳᠠᠨ ᠰᠣᠩᠭᠤᠨ ᠰᠢᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃     ᠵᠢᠷᠭᠤᠭ᠎ᠠ᠂ ᠪᠤᠰᠤᠳ ᠵᠦᠢᠯ      ᠲᠣᠰ ᠤᠳᠠᠭᠠᠨ ᠤ ᠰᠣᠩᠭᠤᠨ ᠰᠢᠯᠵᠢᠭᠦᠯᠬᠦ ᠳᠤ ᠳᠠᠪᠲᠠᠬᠤ ᠬᠡᠪᠴᠢᠶ᠎ᠡ ᠪᠠ ᠰᠢᠯᠭᠠᠯᠲᠠ ᠶᠢᠨ ᠯᠠᠪᠯᠠᠯᠲᠠ ᠶᠢᠨ ᠪᠢᠴᠢᠭ ᠢ ᠵᠢᠭᠠᠨ ᠲᠣᠭᠲᠠᠭᠠᠬᠤ ᠥᠬᠡᠶ᠂ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠤᠭᠤᠳᠬᠤ ᠪᠣᠯᠪᠠᠰᠤᠷᠠᠯ ᠤᠨ ᠠᠩᠭᠢ ᠡᠷᠬᠢᠯᠡᠬᠦ ᠥᠬᠡᠶ᠃ ᠨᠡᠶᠢᠭᠡᠮ ᠳᠡᠭᠡᠷ᠎ᠡ ᠢᠯᠡᠷᠡᠭᠰᠡᠨ ᠲᠣᠰ ᠤᠳᠠᠭᠠᠨ ᠤ ᠰᠣᠩᠭᠤᠨ ᠰᠢᠯᠵᠢᠭᠦᠯᠬᠦ ᠰᠢᠯᠭᠠᠯᠲᠠ ᠶᠢᠨ ᠰᠡᠳᠦᠪ ᠭᠠᠷᠭᠠᠬᠤ ᠲᠤᠭᠤᠶᠢᠯᠠᠩ᠂ ᠲᠤᠰᠬᠠᠶ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠨᠡᠷ᠎ᠡ ᠪᠠᠷ ᠡᠷᠭᠢᠯᠡᠭᠰᠡᠨ ᠬᠠᠪᠰᠤᠷᠤᠨ ᠵᠢᠯᠤᠭᠤᠳᠬᠤ ᠠᠩᠭᠢ᠂ ᠬᠠᠪᠰᠤᠷᠤᠨ ᠵᠢᠯᠣᠭᠤᠳᠬᠤ ᠰᠦᠯᠵᠢᠶ᠎ᠡ ᠪᠤᠶᠤ ᠲᠠᠷᠬᠠᠭᠠᠭᠰᠠᠨ ᠬᠡᠪᠯᠡᠭᠳᠡᠬᠦᠨ ᠵᠡᠷᠭᠡ᠃ ᠴᠥᠮ ᠲᠣᠰ ᠤᠳᠠᠭᠠᠨ ᠤ ᠰᠣᠩᠭᠤᠨ ᠰᠢᠯᠵᠢᠭᠦᠯᠬᠦ ᠠᠵᠢᠯ ᠲᠠᠢ ᠬᠤᠯᠪᠣᠭᠳᠠᠯ ᠥᠬᠡᠶ᠃      ᠳᠠᠭᠠᠯᠳᠤᠭᠤᠯᠤᠯ᠄ 2020 ᠤᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠠᠵᠢᠯᠲᠠᠨ ᠢ ᠰᠣᠩᠭᠤᠨ ᠰᠢᠯᠵᠢᠭᠦᠯᠬᠦ ᠨᠡᠷ᠎ᠡ ᠮᠡᠳᠡᠭᠦᠯᠬᠦ ᠲᠠᠩᠰᠠᠯᠠᠯᠳᠠ ᠶᠢᠨ ᠬᠦᠰᠦᠨᠦᠭᠲᠦ           ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                      2020 ᠣᠨ ᠤ 6 ᠳ᠋ᠤᠭᠠᠷ ᠰᠠᠷ᠎ᠠ ᠶᠢᠨ 29᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号