ᠡᠵᠡᠨ ᠬᠤᠷᠤᠭ᠎ᠠ ᠬᠤᠰᠢᠭᠤᠨ ᠤ ᠭᠢᠨᠡᠨ ᠪᠤᠳᠤᠬᠤ ᠲᠤᠪᠴᠢᠶ᠎ᠡ ᠴᠢᠭᠡᠴᠢ ᠵᠠᠰᠠᠭ ᠤᠨ ᠪᠠᠶᠢᠭᠤᠯᠤᠯᠳᠡ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2020/8/22
       ᠤᠢᠢᠷ᠎ᠡ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠭᠢᠨᠡᠨ ᠪᠤᠳᠤᠬᠤ ᠲᠤᠪᠴᠢᠶ᠎ᠡ ᠶᠢᠨ ᠬᠢᠨ ᠴᠢᠭᠡᠴᠢ ᠵᠠᠰᠠᠭ ᠤᠨ ᠭᠦᠮᠦᠵᠢᠯ᠂ ᠴᠢᠭᠡᠴᠢ ᠵᠠᠰᠠᠭ ᠤᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠬᠤ᠂ ᠡᠳᠦᠷ ᠲᠤᠳᠤᠮ ᠤᠨ ᠭᠢᠨᠡᠯᠳᠡ ᠬᠠᠮᠢᠶᠠᠷᠤᠯᠳᠡ ᠶᠢ ᠡᠷᠴᠢᠮᠵᠢᠭᠦᠯᠭᠦ ᠵᠡᠷᠭᠡ ᠠᠷᠭ᠎ᠠ ᠪᠠᠷᠢᠯ ᠢᠶᠠᠷ ᠲᠡᠮᠵᠢᠭᠤᠯᠤᠨ᠂ ᠭᠢᠨᠡᠨ ᠪᠤᠳᠤᠬᠤ ᠲᠤᠪᠴᠢᠶᠡᠨ ᠤ ᠺᠠᠳ᠋ᠷ ᠤᠨ ᠡ᠊ᠡᠭᠨᠡᠭᠡᠨ ᠤ ᠪᠠᠶᠢᠭᠤᠯᠤᠯᠳᠡ ᠶᠢ ᠡᠷᠴᠢᠮᠵᠢᠭᠦᠯᠵᠤ ᠪᠠᠶᠢᠨ᠎ᠡ᠃      ᠦᠵᠡᠯ ᠰᠠᠨᠠᠭᠠᠨ ᠤ ᠰᠡᠷᠭᠡᠶᠢᠯᠡᠯᠳᠡ ᠶᠢᠨ ᠱᠤᠭᠤᠮ ᠢ ᠪᠠᠳᠤ ᠴᠤᠬᠴᠠᠯᠡᠨ᠂ ᠪᠠᠶ᠎ᠡ ᠪᠠᠨ ᠱᠠᠭᠠᠷᠳᠠᠬᠤ ᠤᠬᠠᠮᠰᠠᠷ ᠢ ᠨᠡᠮᠡᠭᠳᠡᠭᠦᠯᠪᠡ᠃ ᠰᠡᠷᠡᠮᠵᠢᠯᠡᠭᠦᠯᠭᠦ ᠭᠦᠮᠦᠵᠢᠯ ᠤᠨ ᠹᠢᠯᠢᠮ ᠦᠵᠡᠭᠦ᠂ ᠴᠢᠭᠡᠴᠢ ᠵᠠᠰᠠᠭ ᠤᠨ ᠭᠦᠮᠦᠵᠢᠯ ᠤᠨ ᠰᠠᠭᠤᠷᠢᠨ ᠭᠠᠵᠠᠷ ᠢᠶᠠᠷ ᠲᠤᠭᠤᠷᠢᠨ ᠦᠵᠡᠭᠦ ᠵᠡᠷᠭᠡ ᠭᠡᠯᠪᠡᠷᠢ ᠪᠠᠷ ᠰᠡᠷᠡᠮᠵᠢᠯᠡᠭᠦᠯᠭᠦ ᠭᠦᠮᠦᠵᠢᠯ ᠢ ᠭᠢᠵᠡᠢ᠃      ᠲᠦᠷᠢᠮ ᠤᠨ ᠪᠠᠶᠢᠭᠤᠯᠤᠯ ᠢ ᠴᠢᠩᠭᠠᠳᠬᠠᠨ᠂ ᠤᠷᠳᠤ ᠬᠤᠭᠤᠴᠠᠭᠠᠳᠤ ᠲᠤᠬᠳᠠᠴᠡ ᠶᠢ ᠪᠠᠶᠢᠭᠤᠯᠪᠡ᠃ ᠲᠦᠷᠢᠮ ᠢᠶᠠᠷ ᠭᠦᠮᠦᠨ ᠢ ᠬᠠᠮᠢᠶᠠᠷᠬᠤ᠂ ᠤᠴᠢᠷ ᠶᠠᠪᠤᠳᠡᠯ ᠢ ᠬᠠᠮᠢᠶᠠᠷᠬᠤ ᠶᠢ ᠪᠠᠷᠢᠮᠳᠡᠯᠡᠨ᠂ ︽ᠨᠠᠮ ᠤᠨ ᠰᠤᠷᠳᠡᠯ ᠴᠢᠭᠡᠴᠢ ᠵᠠᠰᠠᠭ ᠤᠨ ᠪᠠᠶᠢᠭᠤᠯᠤᠯᠳᠡ ᠶᠢᠨ ︿ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ﹀᠎ ᠶᠢ ᠭᠡᠷᠡᠭᠵᠢᠭᠦᠯᠭᠦ ᠠᠷᠭ᠎ᠠ︾ ᠪᠠ ︽ᠭᠢᠨᠡᠨ ᠪᠤᠳᠤᠬᠤ ᠲᠤᠬᠠᠢ ᠶᠢᠨ ᠲᠡᠯᠡᠪᠡᠢ ᠶᠢᠨ ᠬᠠᠮᠢᠶᠠᠷᠤᠯᠳᠡ ᠶᠢᠨ ᠠᠷᠭ᠎ᠠ︾ ᠵᠡᠷᠭᠡ ᠠᠯᠪᠡᠨ ᠪᠠᠶᠢᠭᠤᠯᠭ᠎ᠠ ᠶᠢᠨ ᠴᠢᠭᠡᠴᠢ ᠵᠠᠰᠠᠭ ᠤᠨ ᠪᠠᠶᠢᠭᠤᠯᠤᠯᠳᠡ ᠲᠠᠢ ᠬᠤᠯᠪᠤᠬᠳᠠᠬᠰᠡᠨ᠂ ᠭᠢᠨᠡᠨ ᠪᠤᠳᠤᠬᠤ ᠲᠤᠬᠠᠢᠢᠯᠠᠬᠰᠡᠨ ᠠᠵᠢᠯ ᠲᠠᠢ ᠬᠤᠯᠪᠤᠬᠳᠠᠬᠰᠡᠨ 20 ᠭᠠᠷᠤᠢ ᠲᠡᠯ᠎ᠡ ᠶᠢᠨ ᠲᠦᠷᠢᠮ ᠲᠤᠬᠳᠠᠭᠠᠯ ᠢ ᠵᠠᠰᠠᠪᠤᠷᠢᠯᠡᠨ ᠲᠡᠭᠦᠯᠳᠡᠷᠵᠢᠭᠦᠯᠵᠤ᠂ ᠤᠨᠴᠠᠭᠠᠢᠢᠯᠡᠨ ᠭᠤᠤᠯᠳᠠᠯᠭ᠎ᠠ ᠲᠠᠢ ᠠᠵᠢᠯ ᠤᠨ ᠪᠠᠶᠢᠷᠢ᠂ ᠴᠢᠬᠤᠯᠡ ᠭᠤᠬᠴᠤᠭ᠎ᠠ᠂ ᠭᠤᠤᠯᠳᠠᠯᠭ᠎ᠠ ᠲᠠᠢ ᠭᠦᠮᠦᠰ ᠤᠨ ᠬᠠᠮᠢᠶᠠᠷᠤᠯᠳᠡ ᠪᠡ ᠬᠠᠷᠢᠭᠤᠴᠠᠯᠭ᠎ᠠ ᠨᠡᠭᠡᠮᠵᠢᠯᠡᠭᠦ ᠭᠦᠴᠦᠯᠡᠴᠡ ᠪᠠᠨ ᠨᠡᠮᠡᠭᠳᠡᠭᠦᠯᠵᠡᠢ᠃ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠡ ᠵᠠᠩᠭᠢᠯᠠᠭ᠎ᠠ ᠶᠢᠨ ᠭᠤᠬᠴᠤᠭ᠎ᠠ ᠶᠢᠨ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠶᠢ ᠲᠠᠰᠤᠷᠡᠯᠳᠡ ᠦᠭᠡᠢ ᠭᠦᠨᠵᠡᠭᠡᠶᠢᠷᠡᠭᠦᠯᠦᠨ᠂ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠠᠷᠭ᠎ᠠ ᠠᠪᠴᠡᠯ ᠢ ᠪᠠᠶᠢᠭᠤᠯᠤᠨ ᠪᠦᠷᠢᠨᠰᠢᠭᠦᠯᠵᠤ᠂ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠲᠦᠷᠢᠮ ᠤᠨ ᠲᠤᠬᠳᠠᠯᠴᠠᠭ᠎ᠠ ᠶᠢ ᠭᠦᠴᠦᠯᠡᠨ ᠪᠠᠶᠢᠭᠤᠯᠪᠡ᠃      ᠡᠳᠦᠷ ᠲᠤᠳᠤᠮ ᠤᠨ ᠭᠢᠨᠡᠯᠳᠡ ᠬᠠᠮᠢᠶᠠᠷᠤᠯᠳᠡ ᠶᠢ ᠴᠢᠩᠭᠠᠳᠬᠠᠪᠡ᠃ ᠪᠠᠶᠢᠭᠤᠯᠭ᠎ᠠ ᠶᠢᠨ ᠰᠠᠭᠢᠯᠭ᠎ᠠ ᠪᠠᠳᠤ ᠭᠢᠨᠠᠯᠳᠡ ᠲᠡᠯᠪᠢᠬᠤ ᠲᠤᠭᠤᠢᠢᠯᠠᠩ ᠢ ᠪᠠᠶᠢᠭᠤᠯᠵᠤ᠂ ᠲᠤᠬᠳᠠᠮᠠᠯ ᠪᠤᠰᠤ ᠬᠤᠭᠤᠴᠠᠭ᠎ᠠ ᠲᠠᠢ ᠪᠠᠷ ᠢᠯᠡ ᠪᠠᠷ ᠪᠠᠶᠢᠴᠠᠭᠠᠨ ᠲᠡᠯᠳᠡ ᠰᠤᠷᠪᠤᠯᠵᠢᠯᠠᠵᠤ᠂ ᠲᠦᠷᠢᠮ ᠲᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠨᠡᠶᠢᠳᠡᠯᠡᠪᠡ᠃ ᠡᠳᠦᠷ ᠲᠤᠳᠤᠮ ᠤᠨ ᠭᠢᠨᠠᠯᠳᠡ ᠲᠡᠯᠪᠢᠬᠤ ᠪᠡ ᠲᠤᠬᠳᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠂ ᠲᠤᠬᠠᠢ ᠶᠢᠨ ᠲᠡᠯᠡᠪᠡᠢ ᠳᠤ ᠭᠢᠨᠡᠯᠳᠡ ᠲᠡᠯᠪᠢᠬᠤ ᠪᠡ ᠡᠷᠭᠢᠵᠤ ᠠᠰᠠᠭᠤᠨ ᠰᠤᠷᠪᠤᠯᠵᠢᠯᠠᠬᠤ ᠶᠢ ᠤᠶᠠᠯᠳᠤᠭᠤᠯᠤᠨ ᠠᠰᠠᠭᠤᠳᠡᠯ ᠢ ᠡᠷᠳᠡᠭᠡᠨ ᠠᠴᠠ ᠨᠢ ᠰᠢᠢᠳᠪᠤᠷᠢᠯᠡᠭᠦ ᠶᠢ ᠪᠠᠳᠤᠯᠡᠵᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号