ᠡᠵᠡᠨ ᠬᠤᠷᠤᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ ᠎ᠠ ᠬᠠᠷ᠎ᠡ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠢ ᠢᠳᠡᠪᠭᠢᠳᠡᠢ ᠦᠷᠨᠢᠭᠦᠯᠵᠤ ᠪᠠᠶᠢᠨ᠎ᠡ
ᠨᠡᠶᠢᠲᠡᠯᠡᠭᠰᠡᠨ ᠴᠠᠭ᠄
2020/8/22
     ᠡᠵᠡᠨ ᠬᠤᠷᠤᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠤᠭᠤᠷᠢᠨ ᠴᠠᠬᠳᠠᠬᠤ ᠤᠨᠴᠡ ᠴᠠᠬᠳᠠᠭ᠋ ᠎ᠠ ᠶᠢᠨ ᠶᠡᠭᠡ ᠠᠩᠭᠢ ᠬᠠᠷ᠎ᠡ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢ ᠨᠡᠶᠢᠭᠡᠮ ᠲᠤᠭᠤᠷᠢᠭ ᠲᠤ ᠤᠷᠤᠭᠤᠯᠬᠤ ᠠᠵᠢᠯᠯᠠᠭ᠎ᠠ ᠶᠢ ᠦᠷᠨᠢᠭᠦᠯᠪᠡ᠃      ᠠᠵᠢᠯᠯᠠᠭᠠᠨ ᠲᠤᠮᠳᠡ᠂ ᠠᠷᠠᠳ ᠤᠨ ᠴᠠᠬᠳᠠᠭ᠎ᠠ ᠠᠴᠠ ᠠᠮᠢᠳᠤᠯᠢᠭ ᠪᠤᠳᠠᠳᠡᠢ ᠭᠡᠷᠡᠭ ᠤᠨ ᠵᠢᠱᠢᠶ᠎ᠡ ᠪᠠᠷ ᠬᠠᠷ ᠎ᠡ ᠪᠦᠯᠦᠭᠳᠡᠨ ᠬᠠᠷᠭᠢᠰ ᠭᠦᠴᠦᠨ ᠤ ᠨᠡᠶᠢᠭᠡᠮ ᠨᠡᠶᠢᠳᠡ ᠳᠤ ᠦᠵᠡᠭᠦᠯᠦᠭᠰᠡᠨ ᠬᠤᠤᠷ ᠨᠦᠯᠦᠭᠡ ᠶᠢ ᠲᠠᠶᠢᠯᠪᠤᠷᠢᠯᠠᠬᠤ ᠶᠢᠨ ᠲᠠᠭᠠᠤ ᠬᠠᠷ᠎ᠡ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭ᠎ᠠ ᠦᠷᠨᠢᠭᠦᠯᠭᠦ ᠴᠢᠬᠤᠯᠡ ᠶᠡᠭᠡ ᠠᠴᠢ ᠬᠤᠯᠪᠤᠬᠳᠡᠯ ᠵᠢᠴᠢ ᠬᠠᠷ᠎ᠡ ᠪᠦᠯᠦᠭᠳᠡᠨ ᠬᠠᠷᠭᠢᠰ ᠭᠦᠴᠦᠨ ᠲᠠᠢ ᠭᠡᠷᠭᠢᠨ ᠲᠡᠮᠡᠴᠡᠯ ᠭᠢᠵᠤ ᠬᠠᠤᠯᠢ ᠴᠠᠭᠠᠵᠡ ᠶᠢᠨ ᠠᠷᠭ᠎ᠠ ᠪᠠᠷᠢᠯ ᠢᠶᠠᠷ ᠪᠠᠶ᠎ᠡ ᠪᠠᠨ ᠬᠠᠮᠠᠭᠠᠯᠠᠬᠤ ᠵᠡᠷᠭᠡ ᠶᠢ ᠤᠬᠠᠭᠤᠯᠵᠤ᠂ ᠤᠯᠡᠨ ᠲᠦᠮᠡᠨ ᠢ ᠤᠬᠠᠭᠤᠯᠤᠨ ᠵᠢᠯᠤᠭᠤᠳᠴᠤ ᠬᠠᠷ ᠎ᠡ ᠪᠦᠯᠦᠭᠳᠡᠨ ᠬᠠᠷᠭᠢᠰ ᠭᠦᠴᠦᠨ ᠲᠠᠢ ᠬᠤᠯᠪᠤᠬᠳᠠᠬᠰᠡᠨ ᠭᠡᠷᠡᠭ ᠤᠨ ᠰᠦᠪᠡᠭᠴᠢ ᠶᠢ ᠤᠬᠠᠮᠰᠠᠷ ᠠᠴᠠ ᠪᠠᠨ ᠮᠡᠳᠡᠭᠦᠯᠵᠤ᠂ ᠡᠯ᠎ᠡ ᠲᠦᠷᠦᠯ ᠤᠨ ᠬᠠᠷ᠎ᠡ ᠪᠦᠯᠦᠭᠳᠡᠨ ᠬᠠᠷᠭᠢᠰ ᠭᠦᠴᠦᠨ ᠤ ᠶᠠᠯᠠᠳᠤ ᠠᠵᠢᠯᠯᠠᠭ᠎ᠠ ᠶᠢ ᠢᠯᠡᠴᠢᠯᠡᠭᠦ ᠶᠢ ᠵᠤᠷᠢᠬᠵᠢᠭᠤᠯᠵᠡᠢ᠃ ᠲᠤᠬᠠᠢ ᠶᠢᠨ ᠲᠡᠯᠡᠪᠡᠢ ᠳᠤ ᠠᠰᠠᠭᠤᠨ ᠯᠠᠪᠯᠠᠭ᠎ᠠ ᠭᠢᠭᠦ᠂ ᠤᠯᠡᠨ ᠲᠦᠮᠡᠨ ᠤ ᠡᠭᠡᠳᠡᠷᠡᠭᠡᠨ ᠲᠠᠢ ᠠᠰᠠᠭᠤᠳᠡᠯ ᠢ ᠲᠡᠶᠢᠯᠪᠤᠷᠢᠯᠠᠬᠤ ᠪᠠᠷ ᠲᠠᠮᠵᠢᠨ᠂ ᠨᠡᠶᠢᠭᠡᠮ ᠲᠤᠭᠤᠷᠢᠭ ᠤᠨ ᠠᠵᠢᠯᠳᠡᠳ ᠵᠢᠴᠢ ᠤᠯᠡᠨ ᠲᠦᠮᠡᠨ ᠢ ᠭᠦᠳᠦᠯᠦᠨ ᠵᠢᠯᠤᠭᠤᠳᠴᠤ ᠬᠠᠤᠯᠢ ᠴᠠᠭᠠᠵᠡ ᠶᠢᠨ ᠤᠬᠠᠮᠰᠠᠷ ᠢᠶᠠᠨ ᠲᠡᠭᠡᠭᠰᠢᠯᠡᠭᠦᠯᠵᠤ᠂ ᠬᠠᠷ᠎ᠡ ᠪᠦᠯᠦᠭᠳᠡᠨ ᠬᠠᠷᠭᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠤᠷᠤᠯᠴᠠᠬᠤ ᠢᠳᠡᠪᠭᠢᠳᠤ ᠴᠢᠨᠡᠷ ᠢ ᠴᠢᠨᠠᠬᠰᠢᠳᠡ ᠲᠡᠭᠡᠭᠰᠢᠯᠡᠭᠦᠯᠪᠡ᠃  
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号