ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤ ᠣᠷᠳᠣᠰ ᠤᠨ ᠵᠢᠶᠠᠩᠰᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠠᠵᠤ ᠠᠬᠤᠶ ᠶᠢᠨ ᠡᠷᠬᠢᠯᠳᠡ ᠪᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠦᠶᠡᠰ ᠴᠢᠬᠤᠯᠠᠴᠢᠯᠠᠭᠰᠠᠨ ᠨᠢ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ ᠬᠦᠴᠤᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠤᠨ ᠬᠥᠭᠵᠢᠯᠲᠡ ᠶᠢᠨ ᠠᠵᠠ ᠲᠣᠬᠢᠶᠠᠯ ᠢ ᠠᠳᠬᠤᠵᠦ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020/8/22
     ᠤᠢᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤ᠂ ᠣᠷᠳᠣᠰ ᠤᠨ ᠵᠢᠶᠠᠩᠰᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ᠂ ᠠᠵᠤ ᠠᠬᠤᠢ ᠶᠢᠨ ᠡᠷᠬᠢᠯᠳᠡ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠳ ᠢ ᠰᠤᠳᠤᠯᠤᠨ ᠪᠠᠶᠢᠷᠢᠯᠠᠭᠤᠯᠪᠠ᠃ ᠲᠡᠷᠡ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠷᠢᠨ ᠣᠯᠵᠤ᠂ ᠬᠦᠴᠤᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠬᠥᠭᠵᠢᠯᠲᠡ ᠶᠢᠨ ᠠᠵᠠ ᠲᠣᠬᠢᠶᠠᠯ ᠢ ᠠᠳᠬᠤᠨ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠶᠢᠨ ᠡᠤ᠂ ᠱᠢ ᠯᠢᠶᠠᠩ᠂ ᠭᠤᠤ ᡁᠢ ᠬᠤᠸᠠ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃      ᠨᠢᠤ ᠵᠢᠶᠦ᠋ᠨ ᠶᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢ ᠪᠠᠷᠢᠮᠳᠠᠯᠠᠬᠤ ᠪᠣᠯ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠲᠥᠷᠦᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠵᠠᠩᠭᠢᠯᠠᠭ᠎ᠠ ᠪᠣᠯᠤᠨ᠎ᠠ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠡᠷᠡᠰ ᠪᠠᠲᠤ ᠦᠢᠯᠡᠳᠦᠯᠭᠡᠵᠢᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ᠬᠦᠴᠤᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠤᠨ᠂ ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠤᠨ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠨᠢᠤ ᠵᠢᠶᠦ᠋ᠨ ᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠪᠦᠬᠦ ᠬᠦᠴᠤᠨ ᠵᠦᠢᠯ ᠤᠨ ᠪᠠᠲᠤᠯᠠᠭ᠎ᠠ᠂ ᠪᠦᠬᠦ ᠶᠠᠪᠤᠴᠠ ᠶᠢᠨ ᠬᠠᠮᠢᠶᠠᠷᠤᠯᠲᠠ᠂ ᠪᠦᠬᠦ ᠲᠠᠯ᠎ᠠ ᠶᠢᠨ ᠦᠢᠯᠡᠴᠢᠯᠡᠭᠡ ᠠᠴᠠ ᠪᠣᠳᠣᠯᠬᠢᠯᠠᠵᠤ᠂ ᠲᠥᠷᠥᠯ ᠵᠦᠢᠯ ᠤᠨ ᠬᠡᠷᠡᠭᠴᠡᠭᠡ ᠶᠢ ᠦᠨᠳᠦᠰᠦᠯᠡᠨ ︽ᠪᠡᠶ᠎ᠡ ᠶᠢᠨ ᠢᠶᠠᠨ ᠬᠢᠷᠢ ᠪᠠᠷ ᠬᠤᠪᠴᠠᠰᠤ ᠡᠰᠬᠡᠬᠦ︾᠂ ᠲᠥᠯᠥᠪᠵᠢᠬᠦᠯᠤᠨ ᠵᠢᠷᠤᠬᠯᠠᠬᠤ᠂ ᠭᠠᠵᠠᠷ ᠰᠢᠷᠣᠶ ᠶᠢ ᠬᠢᠨᠠᠨ ᠵᠥᠪᠰᠢᠶᠡᠷᠡᠬᠦ ᠵᠡᠷᠭᠡ ᠡᠮᠦᠨ᠎ᠡ ᠬᠤᠭᠤᠴᠠᠭᠠᠨ ᠤ ᠭᠠᠷᠳᠠᠮ ᠢ ᠰᠠᠶᠢᠲᠤᠷ ᠬᠢᠵᠦ᠂ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠨᠤᠳᠤᠭ ᠪᠡᠯᠴᠢᠭᠡᠷ᠂ ᠨᠡᠶᠢᠭᠡᠮ ᠵᠡᠷᠭᠡ ᠭᠠᠵᠠᠷ ᠰᠢᠷᠣᠶ ᠶᠢᠨ ᠬᠠᠩᠭᠠᠯᠭ᠎ᠠ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠤᠷᠢᠯᠡᠨ᠂ ᠲᠥᠷᠥᠯ  ᠵᠦᠢᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠂ ᠲᠥᠷᠥᠯ ᠵᠦᠶ᠋ᠯ ᠢ ︽ᠨᠤᠳᠤᠭᠰᠢᠬᠤ ᠳᠠᠷᠤᠢ ᠳᠤᠨᠢ ᠠᠵᠢᠯ ᠡᠬᠢᠯᠡᠭᠦᠯᠬᠦ︾ ᠪᠤᠯᠭᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠰᠢᠪᠲᠤᠯᠤᠯᠲᠠ ᠪᠣᠯᠭᠠᠵᠤ᠂ ᠬᠦᠷᠢᠶᠡᠯᠡᠩ ᠲᠣᠭᠤᠷᠢᠭ ᠤᠨ ᠵᠠᠮ᠂ ᠤᠰᠤ᠂ ᠴᠠᠬᠢᠯᠭᠠᠨ᠂ ᠢᠯᠴᠢ ᠬᠠᠩᠭᠠᠬᠤ᠂ ᠪᠣᠬᠢᠷ ᠤᠰᠤ ᠶᠢ ᠰᠢᠢᠳᠪᠤᠷᠢᠯᠡᠬᠦ ᠵᠡᠷᠭᠡ ᠬᠤᠭᠤᠯᠠᠶ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠬᠦᠴᠦᠨ ᠵᠦᠢᠯ ᠢ ᠬᠦᠴᠦᠯᠡᠨ  ᠰᠢᠢᠳᠪᠤᠷᠢᠯᠡᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠲᠥᠷᠥᠯ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠵᠡᠨ ᠬᠤᠷᠤᠭ᠎ᠠ ᠬᠤᠰᠢᠭᠤ ᠪᠠ ᠣᠷᠳᠣᠰ ᠤᠨ ᠵᠢᠶᠠᠩᠰᠦ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠣᠳᠣᠬᠠᠨ ᠤ ᠲᠣᠬᠢᠶᠠᠯ ᠢ ᠠᠳᠬᠤᠵᠦ᠂ ᠭᠤᠤᠯ ᠴᠣᠭᠴᠠ ᠶᠢᠨ ᠦᠢᠯᠡᠳᠤᠯ ᠢᠶᠠᠨ ᠪᠠᠳᠠᠷᠠᠭᠤᠯᠬᠤ ᠬᠡᠷᠡᠭᠲᠡᠶ᠃ ᠴᠢᠳᠠᠯ ᠲᠠᠢ ᠬᠦᠴᠦᠨ ᠢ ᠰᠤᠩᠭᠤᠨ ᠳᠤᠬᠢᠷᠠᠭᠤᠯᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠲᠥᠷᠥᠯ  ᠵᠦᠢᠯ ᠢ ᠲᠦᠷᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠢᠯᠣᠭᠤᠳᠤᠯᠭ᠎ᠠ ᠪᠠᠨ ᠴᠢᠩᠭᠠᠳᠬᠠᠨ᠂ ᠪᠦᠬᠦ ᠲᠠᠯ᠎ᠠ ᠪᠠᠷ ᠵᠣᠬᠢᠴᠠᠭᠤᠯᠵᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠠᠮᠲᠤ ᠪᠠᠷ ᠰᠢᠢᠳᠪᠤᠷᠢᠯᠡᠨ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠴᠤ ᠪᠠᠶᠢᠭᠠᠳ ᠠᠬᠢᠭᠤᠯᠵᠤ᠂ ᠬᠦᠷᠢᠶᠡᠯᠡᠩ ᠲᠣᠭᠤᠷᠢᠭ ᠤᠨ ᠭᠤᠣᠯ ᠥᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠵᠢᠯ ᠤᠨ ᠰᠢᠨ᠎ᠡ ᠦᠷ᠎ᠡ ᠪᠦᠲᠦᠮᠵᠢ ᠶᠢ ᠣᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠨᠢᠦ ᠵᠢᠶᠦ᠋ᠨ ᠶᠠᠨ ᠪᠠᠰᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠤᠭᠲᠠᠭᠠᠯ ᠠᠴᠠ ᠵᠦᠷᠢᠴᠡᠵᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号