ᠡᠵᠡᠨ ᠬᠤᠷᠤᠭ᠎ᠠ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ ᠢᠶᠠᠷ ᠭᠠᠷᠳᠡᠴᠡ ᠪᠤᠯᠭᠠᠨ ︽ᠵᠢᠷᠭᠤᠭ᠎ᠠ ᠶᠢ ᠲᠤᠬᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾ ᠠᠵᠢᠯ ᠢ ᠰᠠᠶᠢᠳᠤᠷ ᠠᠳᠬᠤᠵᠤ ᠪᠠᠶᠢᠨ᠎ᠡ
ᠨᠡᠶᠢᠲᠡᠯᠡᠭᠰᠡᠨ ᠴᠠᠭ᠄
2020/8/22
     ᠤᠢᠢᠷ᠎ᠡ ᠶᠢᠨ ᠡᠳᠦᠷ᠂ ᠡᠵᠡᠨ ᠬᠤᠷᠤᠭ᠎ᠠ ᠬᠤᠰᠢᠭᠤ 2020 ᠤᠨ ᠤ ᠲᠤᠯᠤᠳᠤᠭᠠᠷ ᠤᠳᠠᠭ᠎ᠠ ᠶᠢᠨ ᠰᠤᠨᠢᠨ ᠮᠡᠳᠡᠭᠡ ᠨᠡᠶᠢᠳᠡᠯᠡᠭᠦ ᠬᠤᠷᠡᠯ ᠬᠤᠷᠡᠯᠳᠤᠭᠤᠯᠵᠤ᠂ ᠡᠵᠡᠨ ᠬᠤᠷᠤᠭ᠎ᠠ ᠬᠤᠰᠢᠭᠤᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡ ᠤᠷᠤᠭᠤᠯᠤᠯᠳᠡ ᠡᠷᠭᠢᠯᠳᠡ ᠶᠢᠨ ᠪᠠᠶᠢᠳᠡᠯ ᠵᠢᠴᠢ ︽ᠵᠢᠷᠭᠤᠭ᠎ᠠ ᠶᠢ ᠲᠤᠬᠳᠠᠪᠤᠷᠢᠵᠢᠭᠤᠯᠬᠤ︾᠂ ︽ᠵᠢᠷᠭᠤᠭ᠎ᠠ ᠶᠢ ᠪᠠᠳᠤᠯᠠᠬᠤ︾ ᠪᠡ ᠬᠤᠳᠠᠯᠳᠤᠭ᠎ᠠ ᠡᠷᠭᠢᠯᠡᠭᠦ ᠤᠷᠴᠢᠨ ᠲᠤᠭᠤᠷᠢᠨ ᠢ ᠰᠢᠯᠢᠳᠡᠭᠵᠢᠭᠦᠯᠭᠦ ᠠᠷᠭ᠎ᠠ ᠠᠪᠴᠡᠯ ᠢ ᠨᠡᠶᠢᠳᠡᠯᠡᠵᠡᠢ᠃      2020 ᠤᠨ ᠳᠤ᠂ ᠡᠵᠡᠨ ᠬᠤᠷᠤᠭ᠎ᠠ ᠬᠤᠰᠢᠭᠤ 500 ᠲᠦᠮᠡᠨ ᠲᠦᠭᠦᠷᠢᠭ ᠠᠴᠠ ᠲᠡᠭᠡᠭᠰᠢᠭᠢ ᠭᠤᠤᠯᠳᠠᠯᠭ᠎ᠠ ᠲᠠᠢ ᠲᠦᠷᠦᠯ ᠵᠦᠢᠯ ᠢ 252 ᠭᠡᠷᠡᠭᠵᠢᠭᠦᠯᠭᠦ ᠪᠠᠷ ᠲᠦᠯᠦᠪᠯᠡᠵᠤ᠂ ᠶᠠᠷᠦᠩᠭᠡᠢ ᠪᠡᠯᠡ ᠤᠷᠤᠭᠤᠯᠤᠯᠳᠡ ᠨᠢ 606 ᠳ᠋ᠦᠡᠭᠰᠢᠭᠤᠷ ᠲᠦᠭᠦᠷᠢᠭ᠂ 200.4 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠤᠯᠳᠡ ᠶᠢ ᠪᠠᠶᠠᠯᠡᠭᠦᠯᠭᠦ ᠪᠠᠷ ᠲᠦᠯᠦᠪᠯᠡᠵᠤ ᠪᠤᠢ᠃ ᠤᠳᠤᠬᠠᠨ ᠪᠤᠯᠳᠡᠯ᠎ᠡ᠂ 164᠎ ᠶᠢ ᠨᠢ ᠪᠠᠷᠢᠯᠭ᠎ᠠ ᠡᠭᠢᠯᠡᠭᠦᠯᠤᠨ ᠪᠠᠷᠢᠯᠭ᠎ᠠ ᠰᠡᠷᠭᠦᠭᠡᠵᠤ᠂ ᠪᠠᠷᠢᠯᠭ᠎ᠠ ᠡᠭᠢᠯᠡᠭᠦᠯᠵᠤ ᠪᠠᠷᠢᠯᠭ᠎ᠠ ᠰᠡᠷᠭᠦᠭᠡᠭᠰᠡᠨ ᠨᠤᠷᠮ᠎ᠡ 65%᠎ ᠳᠤ ᠭᠦᠷᠴᠤ ᠂ 68.42 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠤᠯᠳᠡ ᠶᠢ ᠪᠠᠶᠠᠯᠡᠭᠦᠯᠵᠡᠢ᠃      2020 ᠤᠨ ᠳᠤ᠂ ᠡᠵᠡᠨ ᠬᠤᠷᠤᠭ᠎ᠠ ᠬᠤᠰᠢᠭᠤᠨ ᠤ ᠬᠤᠳᠠ ᠪᠠᠯᠭᠠᠰᠤᠨ ᠤ ᠲᠠᠩᠰᠡᠯᠠᠭᠤᠯᠤᠬᠰᠡᠨ ᠠᠵᠢᠯ ᠠᠯᠳᠠᠬᠰᠡᠳ ᠤᠨ ᠨᠤᠷᠮ᠎ᠡ ᠶᠢ 2.7%᠎ ᠶᠢᠨ ᠲᠤᠳᠤᠷ᠎ᠡ ᠭᠢᠵᠠᠭᠠᠷᠯᠡᠵᠤ᠂ ᠤᠯᠤᠰ ᠤᠨ ᠭᠢᠵᠠᠭᠠᠷᠯᠠᠬᠤ ᠬᠠᠷᠡᠯᠳᠡ ᠠᠴᠠ 1.8% ᠲᠤᠤᠷ᠎ᠡ ᠪᠠᠶᠢᠯᠭᠠᠪᠠ᠃ ᠲᠡᠭᠡᠳᠤ ᠱᠠᠳᠤᠨ ᠤ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠭᠦ ᠲᠡᠯ᠎ᠡ ᠪᠠᠷ ᠨᠠᠶᠢᠳᠠᠪᠤᠷᠢᠵᠢᠭᠤᠯᠤᠨ᠂ ᠠᠵᠤ ᠠᠬᠤᠢᠢᠯᠡᠯ ᠵᠢᠴᠢ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠭᠡ ᠶᠢᠨ ᠡᠯ᠎ᠡ ᠲᠦᠷᠦᠯ ᠤᠨ ᠭᠠᠶᠢᠯᠢ ᠰᠦᠢᠳᠭᠡᠯ ᠢ 5.28 ᠳ᠋ᠦᠡᠭᠰᠢᠭᠤᠷ ᠲᠦᠭᠦᠷᠢᠭ ᠭᠡᠯᠳᠦᠷᠢᠭᠦᠯᠵᠡᠢ᠃      2020 ᠤᠨ ᠤ ᠲᠡᠭᠡᠷ ᠎ᠡ ᠬᠠᠭᠠᠰ ᠵᠢᠯ ᠳᠤ᠂ ᠡᠵᠡᠨ ᠬᠤᠷᠤᠭ᠎ᠠ ᠬᠤᠰᠢᠭᠤᠨ ᠤ ᠭᠡᠪᠴᠢᠶᠡᠵᠢᠯ ᠠᠴᠠ ᠲᠡᠭᠡᠭᠰᠢᠭᠢ ᠠᠵᠤ ᠦᠢᠯᠡᠳᠪᠤᠷᠢ ᠶᠢᠨ ᠠᠵᠤ ᠠᠬᠤᠢᠢᠯᠡᠯ 314.7 ᠳ᠋ᠦᠡᠭᠰᠢᠭᠤᠷ ᠲᠦᠭᠦᠷᠢᠭ ᠤᠨ ᠦᠢᠯᠡᠳᠪᠤᠷᠢᠯᠡᠯ ᠤᠨ ᠦᠷᠳᠡᠭ ᠢ ᠪᠠᠶᠠᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 13.2% ᠪᠠᠭᠤᠷᠡᠪᠡ᠃ ᠠᠵᠤ ᠦᠢᠯᠡᠳᠪᠤᠷᠢ ᠶᠢᠨ ᠠᠵᠤ ᠠᠬᠤᠢᠢᠯᠡᠯ ᠤᠨ ᠡᠵᠡᠩᠨᠡᠯᠳᠡ ᠶᠢᠨ ᠤᠷᠤᠯᠭ᠎ᠠ 339.8 ᠳ᠋ᠦᠡᠭᠰᠢᠭᠤᠷ ᠲᠦᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ ᠬᠢ ᠠᠴᠠ 13.9% ᠪᠠᠭᠤᠷᠡᠵᠤ᠂ ᠠᠰᠢᠭ ᠤᠯᠵᠡᠪᠤᠷᠢ ᠶᠢᠨ ᠶᠠᠷᠦᠩᠭᠡᠢ ᠲᠤᠭ᠎ᠠ 100.1 ᠳ᠋ᠦᠡᠭᠰᠢᠭᠤᠷ ᠲᠦᠭᠦᠷᠢᠭ᠂ 29%᠎ ᠪᠠᠷ ᠪᠠᠭᠤᠷᠡᠵᠡᠢ᠃ ᠭᠡᠪᠴᠢᠶᠡᠵᠢᠯ ᠠᠴᠠ ᠲᠡᠭᠡᠭᠰᠢᠭᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 14.4% ᠪᠠᠭᠤᠷᠡᠵᠡᠢ ᠃ ᠲᠡᠷᠡᠴᠢᠯᠡᠨ᠂ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠬᠰᠡᠨ ᠶᠠᠷᠦᠩᠭᠡᠢ ᠭᠡᠮᠵᠢᠶ᠎ᠡ 19 ᠳ᠋ᠦᠡᠭᠰᠢᠭᠤᠷ ᠲᠦᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ ᠬᠢ ᠠᠴᠠ 15.7% ᠪᠠᠭᠤᠷᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号