ᠪᠠᠲᠤᠵᠠᠶᠠᠭ᠎ᠠ  ︽ᠨᠠᠢᠮᠠᠨ ᠰᠠᠷ᠎ᠠ ᠶᠢᠨ ᠨᠢᠭᠡᠨ︾᠎ ᠤ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/8/22
   8 ᠰᠠᠷ᠎ᠠ ᠶᠢᠨ 3᠎ ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠵᠠᠶᠠᠭ᠎ᠠ ᠠᠯᠳᠠᠨᠰᠢᠷᠡᠭᠡ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢ ᠲᠣᠬᠤᠨᠢᠭᠤᠯᠵᠤ᠂ ᠥᠷᠭᠡᠨ ᠣᠯᠠᠨ ᠡᠷᠦᠬᠡ ᠶᠢᠨ ᠴᠡᠷᠢᠭ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠲᠡᠪᠰᠢᠬᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠵᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠣ ᠶᠦᠩ ᠯᠢᠶᠠᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠳᠠᠷᠤᠭ᠎ᠠ ᠮᠡᠨᠳᠦᠪᠠᠶᠠᠷ ᠬᠠᠮᠲᠤ ᠪᠠᠷ ᠲᠣᠬᠤᠨᠢᠭᠤᠯᠪᠠ᠃     ᠠᠯᠳᠠᠨᠰᠢᠷᠡᠭᠡ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠳᠤ᠂ ᠪᠠᠲᠤᠵᠠᠶᠠᠭ᠎ᠠ ᠳᠠᠶᠢᠨ ᠤ ᠪᠡᠯᠡᠳᠬᠡᠯ ᠡᠳ᠋ ᠪᠣᠳᠠᠰ ᠪᠠᠭᠠᠵᠢ ᠬᠡᠷᠡᠭᠰᠡᠯ ᠤᠨ ᠬᠥᠮᠥᠷᠭᠡ᠂ ᠠᠵᠢᠯᠯᠠᠭᠠᠨ ᠤ ᠲᠠᠰᠤᠭ ᠵᠡᠷᠭᠡ ᠭᠠᠵᠠᠷ ᠢ ᠲᠣᠭᠤᠷᠢᠨ ᠦᠵᠡᠵᠦ᠂ ᠡᠷᠦᠬᠡ ᠶᠢᠨ ᠴᠡᠷᠢᠭ ᠲᠠᠢ ᠳᠣᠲᠣᠨᠣ ᠪᠠᠷ ᠶᠠᠷᠢᠯᠴᠠᠵᠠᠶ᠃ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠲᠣᠨᠤᠭ ᠲᠥᠬᠦᠭᠡᠷᠦᠮᠵᠢ᠂  ᠡᠳ᠋ ᠪᠣᠳᠠᠰ ᠨᠥᠭᠡᠴᠡᠯᠡᠬᠦ ᠪᠠ ᠡᠷᠦᠬᠡ ᠶᠢᠨ ᠴᠡᠷᠢᠭ ᠤᠨ ᠠᠮᠢᠳᠤᠷᠠᠯ᠂ ᠪᠣᠯᠪᠠᠰᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠭᠠᠷᠭᠠᠭᠰᠠᠨ ᠴᠢᠬᠤᠯᠠ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃    ᠪᠠᠲᠤᠵᠠᠶᠠᠭ᠎ᠠ ᠴᠢᠬᠤᠯᠠᠴᠢᠯᠠᠭᠰᠠᠨ ᠨᠢ᠂ ᠮᠠᠨ ᠤ ᠬᠤᠰᠢᠭᠤ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠤᠯᠠᠮᠵᠢᠯᠠᠯ ᠲᠠᠢ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠦᠷᠭᠦᠯᠵᠢᠯᠡᠨ ᠰᠢᠯᠢᠳᠡᠭ ᠰᠤᠷᠲᠠᠯ ᠢᠶᠠᠨ ᠪᠠᠲᠤᠯᠠᠬᠤ ᠶᠢ ᠬᠦᠰᠡᠵᠦ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠴᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ᠂ ᠠᠮᠢᠳᠤᠷᠠᠯ  ᠤᠨ ᠨᠥᠬᠦᠴᠡᠯ ᠢ ᠰᠠᠶᠢᠵᠢᠷᠠᠭᠤᠯᠵᠤ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号