ᠡᠵᠡᠨ ᠬᠤᠷᠤᠭ᠎ᠠ ᠬᠤᠰᠢᠭᠤ ᠰᠠᠭᠠᠯᠢ ᠶᠢᠨ ᠦᠨᠢᠶᠡᠨ ᠤ ᠬᠤᠶᠠᠷ ᠡᠪᠡᠳᠴᠢᠨ ᠢ ᠪᠠᠶᠢᠴᠠᠭᠠᠨ ᠬᠡᠮᠵᠢᠵᠦ ᠴᠡᠪᠡᠷᠰᠢᠭᠦᠯᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020/8/22
    ᠰᠠᠭᠠᠯᠢ ᠶᠢᠨ ᠦᠨᠢᠶᠡᠨ ᠤ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠪᠠ ᠰᠦᠷᠢᠶ᠎ᠡ ᠡᠪᠡᠳᠴᠢᠨ ᠪᠣᠯ ᠬᠦᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠮᠥᠨ᠂ ᠶᠡᠷᠦ ᠳᠡᠭᠡᠨ ︽ᠬᠤᠶᠠᠷ ᠡᠪᠡᠳᠴᠢᠨ︾ ᠭᠡᠳᠡᠭ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠠᠷᠠᠳ ᠤᠯᠠᠨ ᠤ ᠪᠡᠶ᠎ᠡ ᠮᠠᠬᠠᠪᠣᠳ ᠤᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠵᠦ ᠪᠠᠶᠢᠨ᠎ᠠ᠃ ᠲᠣᠰ ᠡᠪᠡᠳᠴᠢᠨ ᠡᠭᠦᠰᠬᠦ ᠶᠢ ᠴᠠᠭ ᠲᠤᠬᠠᠶ ᠳᠤᠨᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ  ᠢ ᠪᠠᠲᠤᠯᠠᠵᠤ᠂ ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠨᠢ ᠲᠡᠭᠡᠳᠦ  ᠱᠠᠳᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ  ᠰᠡᠷᠭᠡᠶᠢᠯᠡᠨ ᠡᠵᠡᠮᠳᠡᠬᠦ ᠲᠤᠬᠠᠢ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠪᠤᠳᠠᠳᠤ  ᠪᠠᠶᠢᠳᠠᠯ ᠲᠠᠢ ᠤᠶᠠᠯᠳᠤᠭᠤᠯᠵᠤ᠂ ᠪᠦᠬᠦ ᠬᠤᠰᠢᠭᠤᠨ ᠤ ᠬᠡᠪᠴᠢᠶᠡᠨ ᠳᠤ ᠰᠠᠭᠠᠯᠢ ᠶᠢᠨ ᠦᠨᠢᠶᠡᠨ ᠤ ︽ᠬᠤᠶᠠᠷ ᠡᠪᠡᠳᠴᠢᠨ︾᠎ ᠢ ᠰᠢᠯᠭᠠᠨ ᠪᠠᠶᠢᠴᠠᠭᠠᠵᠤ ᠴᠡᠪᠡᠷᠰᠢᠭᠦᠯᠬᠦ ᠠᠵᠢᠯ ᠢ ᠥᠷᠨᠢᠭᠦᠯᠪᠡ᠃      ᠡᠵᠡᠨ ᠬᠤᠷᠤᠭ᠎ᠠ ᠬᠤᠰᠢᠭᠤᠨ ᠤ ᠬᠢᠵᠢᠭ ᠢ ᠬᠢᠵᠠᠭᠠᠷᠯᠠᠬᠤ ᠲᠥᠪ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠡᠭᠦᠨ ᠤ ᠬᠠᠮᠲᠤ ᠦᠯᠢᠭᠡᠷ ᠠᠪᠬᠤ᠂ ᠪᠠᠶᠢᠴᠠᠭᠠᠨ ᠰᠢᠯᠭᠠᠬᠤ ᠠᠵᠢᠯᠲᠠᠨ ᠳᠤ ᠴᠢᠩᠭ᠎ᠠ ᠮᠡᠷᠭᠡᠵᠢᠯ ᠤᠨ ᠪᠤᠯᠪᠠᠰᠤᠷᠠᠯ ᠬᠢᠵᠦ᠂ ᠠᠵᠢᠯ ᠤᠨ ᠳᠤᠮᠳᠠ ᠪᠠᠨ ᠲᠤᠰ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠠᠵᠢᠯᠯᠠᠬᠤ ᠳᠦᠷᠢᠮ ᠪᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯᠯᠠᠬᠤ ᠶᠢ ᠱᠠᠭᠠᠷᠳᠠᠪᠠ᠃ ᠲᠣᠰ ᠤᠳᠠᠭᠠᠨ ᠤ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠤ ᠬᠢᠨᠠᠨ ᠬᠡᠮᠵᠢᠯᠲᠡ ᠳᠤ ᠪᠥᠬᠦ ᠬᠤᠰᠢᠭᠤᠨ ᠤ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ᠂ ᠡᠭᠦᠯᠳᠡᠷ ᠤᠨ ᠮᠠᠯ ᠤᠨ ᠲᠠᠯᠠᠪᠠᠶ ᠵᠢᠴᠢ ᠲᠠᠷᠠᠬᠠᠶ ᠲᠡᠵᠢᠭᠡᠭᠰᠡᠨ ᠡᠬᠦᠯᠳᠡᠷ ᠤᠨ ᠮᠠᠯ ᠳᠤ 100%᠎ ᠶᠢᠨ ᠪᠠᠶᠢᠴᠠᠭᠠᠨ ᠬᠡᠮᠵᠢᠯᠲᠡ ᠬᠢᠨ᠎ᠡ᠃ ᠪᠷᠦ᠋ᠼᠧᠯ ᠡᠪᠡᠳᠴᠢᠨ  ᠢᠯᠡᠷᠡᠭᠰᠡᠨ ᠦᠭᠡᠢ ᠭᠠᠵᠠᠷ ᠣᠷᠣᠨ ᠤ ᠦᠬᠡᠷ᠂ ᠬᠤᠨᠢ ᠶᠢ ᠪᠦᠬᠦ ᠰᠦᠷᠦᠭ ᠤᠨ 6%᠎ ᠠᠴᠠ ᠲᠣᠣᠷ᠎ᠠ ᠦᠭᠡᠶ ᠬᠠᠷᠢᠴᠠᠯ ᠢᠶᠠᠷ ᠰᠤᠭᠤᠴᠢᠨ  ᠪᠠᠶᠢᠴᠠᠭᠠᠵᠤ ᠲᠡᠵᠢᠭᠡᠨ ᠦᠷᠡᠵᠢᠭᠦᠯᠬᠦ ᠡᠷᠦᠬᠡ ᠶᠢᠨ ᠡᠷᠦᠬᠡ ᠳᠤ ᠣᠷᠣᠬᠤ ᠨᠣᠷᠮ᠎ᠠ ᠶᠢ 100%᠎ ᠳᠤ  ᠬᠦᠷᠭᠡᠨ᠎ᠡ᠃ ᠦᠩᠭᠡᠷᠡᠭᠰᠡᠨ ᠳᠤ ᠡᠪᠡᠳᠴᠢᠨ ᠢᠯᠡᠷᠡᠭᠰᠡᠨ ᠮᠠᠯ ᠰᠦᠷᠦᠭ ᠪᠠ ᠡᠷ᠎ᠡ ᠮᠠᠯ ᠤᠨ ᠰᠦᠷᠦᠭ ᠲᠤ 100%᠎ ᠪᠠᠷ ᠪᠠᠶᠢᠴᠠᠭᠠᠯᠲᠠ ᠬᠢᠵᠦ᠂ ᠪᠠᠰᠠ ᠡᠷᠭᠢᠨ ᠲᠣᠭᠤᠷᠢᠨ ᠤ 3 ᠺᠢᠯᠣᠮᠧᠲᠷ ᠤᠨ ᠬᠡᠪᠴᠢᠶᠡᠨ ᠳᠠᠬᠢ ᠮᠠᠯ ᠰᠦᠷᠦᠭ ᠢ 100%᠎ ᠪᠠᠷ ᠰᠤᠭᠤᠴᠢᠨ ᠪᠠᠶᠢᠴᠠᠭᠠᠨ᠎ᠠ᠃      ᠡᠷᠲᠡ ᠲᠦᠯᠯᠡᠭᠰᠡᠨ᠂ ᠭᠡᠭᠡᠯᠢ ᠤᠨᠠᠭᠠᠭᠰᠠᠨ ᠵᠡᠷᠭᠡ ᠪᠷᠦ᠋ᠼᠧᠯ ᠡᠪᠡᠳᠴᠢᠨ ᠲᠠᠢ ᠮᠠᠯ ᠢᠶᠠᠷ ᠰᠡᠵᠢᠭᠯᠡᠭᠳᠡᠭᠰᠡᠨ ᠎ ᠢ ᠴᠠᠭ ᠲᠤᠬᠠᠶ ᠳᠤᠨᠢ ᠦᠯᠢᠭᠡᠷ ᠠᠪᠴᠤ ᠪᠷᠦ᠋ᠼᠧᠯ ᠡᠪᠡᠳᠴᠢᠨ ᠤ ᠪᠠᠶᠢᠴᠠᠭᠠᠨ ᠬᠡᠮᠵᠢᠯᠲᠡ ᠬᠢᠵᠦ᠂ ᠡᠶᠡᠷᠬᠦ ᠴᠢᠨᠠᠷᠳᠠᠢ ᠮᠠᠯ ᠢ ᠣᠯᠵᠤ ᠮᠡᠳᠡᠪᠡᠯ᠂ ᠮᠠᠯ ᠰᠦᠷᠦᠭ ᠢ ᠮᠥᠷᠳᠡᠨ ᠤᠬᠤᠴᠢᠯᠠᠬᠤ ᠶᠢᠨ ᠬᠠᠮᠲᠤ᠂ ᠨᠢᠭᠡ ᠨᠢᠭᠡ ᠪᠠᠷ ᠪᠠᠶᠢᠴᠠᠭᠠᠨ ᠰᠢᠯᠭᠠᠨ᠎ᠠ᠃ᠪᠥᠬᠦ ᠬᠤᠰᠢᠭᠤᠨ ᠤ ᠪᠣᠶ ᠪᠥᠬᠦᠶ ᠰᠠᠭᠠᠯᠢ ᠶᠢᠨ ᠦᠨᠢᠶ᠎ᠡ ᠵᠢᠴᠢ ᠡᠭᠦᠯᠳᠡᠷ ᠤᠨ ᠦᠬᠡᠷ ᠲᠤ 100%᠎ ᠶᠢᠨ ᠰᠦᠷᠢᠶ᠎ᠡ ᠡᠪᠡᠳᠴᠢᠨ ᠤ ᠪᠠᠶᠢᠴᠠᠭᠠᠯᠲᠠ ᠬᠢᠨ᠎ᠡ᠃ ᠪᠠᠶᠢᠴᠠᠭᠠᠨ ᠰᠢᠯᠭᠠᠬᠤ ᠠᠷᠭ᠎ᠠ᠂ ᠤᠯᠤᠰ ᠤᠨ ᠪᠠᠷᠢᠮᠵᠢᠶ᠎ᠠ ︵GB/T18645-2002︶ ᠶᠣᠰᠣᠭᠠᠷ᠂ ᠦᠬᠡᠷ ᠤᠨ ᠬᠡᠯᠪᠡᠷᠢᠲᠦ ᠰᠦᠷᠢᠶ᠎ᠡ ᠶᠢᠨ ᠰᠠᠯᠠᠭᠠ ᠤ ᠰᠠᠪᠬᠠᠨᠴᠢᠷ ᠪᠠᠺᠲ᠋ᠧᠷᠢ PPD ᠠᠷᠠᠰᠤᠨ ᠳᠣᠲᠣᠷᠠᠬᠢ ᠬᠤᠪᠢᠷᠠᠮᠠᠯ ᠤᠷᠪᠠᠯ ᠢᠶᠠᠷ ᠪᠠᠶᠢᠴᠠᠭᠠᠨ ᠰᠢᠯᠭᠠᠨ᠎ᠠ᠃ ᠡᠶᠡᠷᠬᠦ  ᠴᠢᠨᠠᠷᠳᠠᠢ ᠦᠬᠡᠷ ᠢ ᠪᠠᠶᠢᠴᠠᠭᠠᠵᠤ ᠭᠠᠷᠭᠠᠪᠠᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠤᠣᠷ ᠦᠭᠡᠶᠢᠳᠡᠬᠦᠯᠦᠨ ᠰᠢᠢᠳᠪᠦᠷᠢᠯᠡᠨ᠎ᠡ᠃      ᠰᠠᠭᠠᠯᠢ ᠶᠢᠨ ᠦᠨᠢᠶᠡᠨ ᠤ ︽ᠬᠤᠶᠠᠷ ᠡᠪᠡᠳᠴᠢᠨ︾᠎ ᠢ ᠪᠠᠶᠢᠴᠠᠭᠠᠨ ᠰᠢᠯᠭᠠᠬᠤ ᠠᠵᠢᠯ ᠢ ᠠᠰᠢᠭᠯᠠᠨ᠂ ᠡᠵᠡᠨ ᠬᠤᠷᠤᠭ᠎ᠠ ᠬᠤᠰᠢᠭᠤᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ ᠪᠦᠬᠦ ᠬᠤᠰᠢᠭᠤᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠎ ᠳᠤ ᠬᠢᠵᠢᠭ ᠰᠡᠷᠭᠡᠶᠢᠯᠡᠬᠦ ᠳᠠᠩᠰᠠ ᠡᠪᠬᠡᠮᠡᠯ  ᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠲᠤᠰ ᠤᠳᠠᠭᠠᠨ ᠤ ᠰᠠᠭᠠᠯᠢ ᠶᠢᠨ ᠦᠨᠢᠶ᠎ᠡ ᠶᠢᠨ ︽ᠬᠤᠶᠠᠷ ᠡᠪᠡᠳᠴᠢᠨ︾᠎ ᠢ ᠪᠠᠶᠢᠴᠠᠭᠠᠨ ᠰᠢᠯᠭᠠᠬᠤ ᠨᠢ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠤ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠵᠢᠭ ᠰᠡᠷᠭᠡᠶᠢᠯᠡᠬᠦ ᠪᠠ ᠠᠮᠢᠳᠤ ᠪᠣᠳᠠᠰ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ᠂ ᠰᠠᠭᠠᠯᠢ ᠶᠢᠨ ᠦᠨᠢᠶ᠎ᠡ ᠶᠢᠨ ᠲᠦᠭᠦᠬᠡᠶ ᠰᠦ ᠶᠢᠨ ᠶᠠᠰᠤ ᠴᠢᠨᠠᠷ ᠤᠨ ᠠᠶᠤᠯ ᠦᠭᠡᠶ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠦᠴᠦᠲᠡᠶ ᠪᠠᠳᠤᠯᠠᠵᠤ ᠴᠢᠳᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号