ᠬᠤᠸᠠ ᠷᠦᠢ ᠹᠧᠩ 2020 ᠣᠨ ᠤ 12 ᠳ᠋ᠤᠭᠠᠷ ᠤᠳᠠᠭ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ‌ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/22
         8 ᠰᠠᠷ᠎ᠠ ᠶᠢᠨ 11᠎ ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ 2020 ᠣᠨ ᠤ 12 ᠳ᠋ᠤᠭᠠᠷ ᠤᠳᠠᠭᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠰᠦ᠋ ᠰᠢᠨ ᠶᠠ᠂ ᠭᠦᠸᠧ ᠫᠢᠩ ᠵᠡᠷᠭᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠪᠠ᠃
     ᠬᠤᠷᠠᠯ ᠠᠴᠠ ᠤᠷᠳᠤᠰ ᠤᠨ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠠᠭᠤᠨ ᠬᠡᠰᠡᠭ ᠲᠣᠭᠤᠷᠢᠭ ᠤᠨ ︽ᠪᠠᠷᠢᠮᠵᠢᠶᠠᠲᠤ ᠭᠠᠵᠠᠷ︾᠎ ᠢ ᠪᠠᠶᠢᠭᠤᠯᠤᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠸᠠ ᠷᠦᠢ ᠹᠧᠩ  ᠱᠠᠭᠠᠷᠳᠠᠬᠤ ᠳᠠᠭᠠᠨ᠂ ᠣᠷᠳᠣᠰ ᠤᠨ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠠᠭᠤᠨ ᠬᠡᠰᠡᠭ ᠲᠣᠭᠤᠷᠢᠭ ᠤᠨ ᠪᠠᠷᠢᠮᠵᠢᠶᠠᠲᠤ ᠭᠠᠵᠠᠷ ᠢ ᠪᠠᠶᠢᠭᠤᠯᠬᠤ ᠨᠢ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠣᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠡᠭᠡ ᠲᠠᠯ᠎ᠠ ᠳᠤ ᠬᠤᠯᠪᠣᠭᠳᠠᠵᠤ ᠪᠠᠶᠢᠭ᠎ᠠ ᠪᠣᠯᠬᠤᠷ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠲᠡᠭᠡᠭᠰᠢᠯᠡᠬᠦᠯᠬᠦ ᠬᠡᠷᠡᠭᠲᠡᠶ᠃ ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠭᠠᠵᠠᠷ ᠰᠢᠷᠣᠶ ᠶᠢᠨ ᠡᠬᠢ ᠪᠠᠶᠠᠯᠢᠭ᠂ ᠰᠠᠭᠤᠷᠢ ᠲᠥᠬᠦᠭᠡᠷᠦᠮᠵᠢ᠂ ᠪᠠᠯᠠ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠳᠠᠭᠠᠭᠠᠨ ᠠᠪᠬᠤ᠂ ᠣᠷᠳᠣᠰ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠎ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠪᠡ᠃
     ᠬᠤᠸᠠ ᠷᠦᠢ ᠹᠧᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠰᠢᠯᠢᠳᠡᠭᠵᠢᠭᠦᠯᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠭᠳᠠᠬᠤ ᠶᠢ ᠨᠥᠯᠥᠭᠡᠯᠡᠬᠦ ᠪᠣᠳᠠᠲᠠᠶ ᠠᠰᠠᠭᠤᠳᠠᠯ ᠢ ᠦᠨᠡᠨᠬᠦ ᠬᠠᠪᠰᠤᠷᠤᠨ ᠰᠢᠢᠳᠪᠦᠷᠢᠯᠡᠵᠦ᠂ ᠲᠥᠷᠥᠯ  ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠢ ᠪᠣᠶ ᠪᠣᠯᠭᠠᠬᠤ ᠬᠡᠷᠡᠭᠲᠡᠶ︔ ᠤᠳᠤᠷᠢᠳᠬᠤ ᠳᠤᠭᠤᠶᠢᠯᠠᠩ ᠪᠣᠯᠤᠨ ᠡᠯ᠎ᠡ ᠠᠵᠢᠯᠯᠠᠬᠤ ᠳᠤᠭᠤᠶᠢᠯᠠᠩ ᠵᠣᠬᠢᠶᠠᠨ ᠪᠠᠶᠢᠭᠤᠯᠬᠤ᠂ ᠵᠢᠯᠣᠭᠤᠳᠬᠤ᠂  ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠨᠢᠭᠲᠠ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠠᠵᠢᠯ ᠤᠨ ᠠᠬᠢᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ ︔ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠡᠬᠦᠷᠭᠡ ᠪᠠᠨ ᠨᠠᠷᠢᠨ ᠬᠡᠮᠵᠢᠶᠡᠯᠡᠵᠦ᠂ ᠪᠠᠷᠢᠯᠭ᠎ᠠ ᠶᠢᠨ ᠬᠤᠭᠤᠴᠠᠭ᠎ᠠ ᠶᠢ  ᠴᠢᠩᠭ᠎ᠠ ᠪᠠᠷᠢᠮᠳᠠᠯᠠᠵᠤ᠂ ᠡᠯ᠎ᠡ  ᠵᠦᠢᠯ ᠤᠨ ᠬᠠᠷᠠᠯᠲᠠ ᠡᠭᠦᠷᠭᠡ ᠶᠢ ᠴᠠᠭ ᠤᠨ ᠬᠢᠵᠠᠭᠠᠷ ᠤᠨ ᠳᠣᠲᠣᠷ᠎ᠠ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ  ᠴᠢᠷᠮᠠᠶᠢᠬᠤ ᠬᠡᠷᠡᠭᠳᠡᠢ︔ ᠨᠠᠶᠢᠳᠠᠪᠤᠷᠢᠵᠢᠭᠤᠯᠬᠤ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠡᠯ᠎ᠡ ᠲᠦᠷᠦᠭᠦᠯᠡᠬᠦ ᠤᠳᠤᠷᠢᠳᠤᠯᠭ᠎ᠠ ᠪᠣᠯᠤᠨ ᠬᠠᠷᠢᠭᠤᠴᠠᠯᠭᠠᠲᠤ ᠨᠢᠭᠡᠴᠡ ᠨᠢ ᠦᠨᠡᠨ ᠪᠣᠳᠠᠲᠠᠢ ᠠᠵᠢᠯ ᠤᠨ ᠦᠷ᠎ᠡ ᠪᠦᠳᠦᠮᠵᠢ ᠪᠠᠷ ᠲᠥᠷᠥᠯ ᠵᠦᠢᠯ ᠢ ᠲᠦᠷᠭᠡᠨ  ᠨᠠᠶᠢᠳᠠᠪᠦᠷᠢᠵᠢᠭᠤᠯᠬᠤ ᠶᠢ ᠠᠬᠢᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠳᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号