ᠡᠵᠡᠨ ᠬᠤᠷᠤᠭ᠎ᠠ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠬᠡᠷᠡᠭᠯᠡᠯᠲᠡ ᠳᠤ ᠣᠷᠣᠪᠠ ᠬᠤᠸᠠ‌‍ᠷᠦ᠋ᠢ ᠹᠧᠩ ᠬᠤᠣ ᠶᠦᠩ ᠶᠣᠣ  ᠰᠤ᠋ ᠰᠢᠨ ᠶᠠ ᠪᠠᠳᠤᠵᠠᠶᠠᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/8/22
       8 ᠰᠠᠷ᠎ᠠ ᠶᠢᠨ 14᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ  ᠤ ᠲᠥᠪ ᠤᠨ ᠡᠬᠢᠯᠡᠯᠲᠡ ᠶᠢᠨ ᠶᠣᠰᠣᠯᠠᠯ ᠨᠠᠷᠢᠨᠭᠤᠤᠯ ᠨᠡᠶᠢᠭᠡᠮ ᠲᠣᠭᠤᠷᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠫᠧᠩ ᠴᠧᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠣᠣ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ  ᠤᠨ ᠣᠷᠳᠣᠨ ᠤ ᠬᠤᠰᠢᠭᠤ ᠳᠠᠷᠤᠭ᠎ᠠ ᠰᠦ᠋ ᠰᠢᠨ ᠶᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠵᠠᠶᠠᠭ᠎ᠠ ᠵᠢᠴᠢ ᠬᠡᠰᠡᠭ  ᠪᠠᠶᠢᠭᠤᠯᠭ᠎ᠠ ᠎ ᠳᠠᠭᠠᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠶᠠᠨ ᠵᠢᠶᠦ᠋ᠨ ᠪᠠᠶᠠᠷ ᠤᠨ ᠦᠭᠡ ᠬᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠰᠢᠶᠠᠩ ᠭᠦᠸᠧ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠡᠵᠡᠨ ᠬᠤᠷᠤᠭ᠎ᠠ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠨᠠᠷᠢᠨ ᠭᠤᠣᠯ ᠨᠡᠶᠢᠭᠡᠮ  ᠲᠤᠭᠤᠷᠢᠭ ᠤᠨ ᠣᠳᠣ ᠪᠠᠶᠢᠭ᠎ᠠ ᠭᠠᠵᠠᠷ ᠢᠶᠠᠷ ᠲᠠᠪᠴᠠᠩ ᠪᠣᠯᠭᠠᠵᠤ᠂ ︽ᠨᠢᠭᠡ ᠬᠦᠷᠢᠶᠡᠯᠡᠩ ᠬᠤᠶᠠᠷ ᠣᠷᠳᠣᠨ ᠭᠤᠷᠪᠠᠨ ᠲᠣᠭᠤᠷᠢᠭ ᠳᠥᠷᠪᠡᠨ ᠲᠢᠩᠬᠢᠮ ᠲᠠᠪᠤᠨ ᠲᠠᠰᠤᠭ︾᠎ ᠤᠨ ᠴᠢᠳᠠᠮᠵᠢ ᠎ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦ ᠬᠤᠰᠢᠭᠤᠨ ᠤ ᠨᠠᠮ ᠤᠨ ᠶᠠᠪᠤᠳᠠᠯ᠂ ᠵᠠᠰᠠᠭ  ᠤᠨ ᠶᠠᠪᠤᠳᠠᠯ ᠪᠠ ᠨᠡᠶᠢᠭᠡᠮ ᠤᠨ ᠦᠢᠯᠡᠴᠢᠯᠡᠭᠡ ᠵᠡᠷᠭᠡ ᠡᠯ᠎ᠡ ᠵᠦᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠪᠦᠬᠦ ᠬᠤᠰᠢᠭᠤᠨ ᠤ ᠨᠠᠮ ᠤᠨ ᠭᠡᠰᠢᠭᠦᠨ ᠣᠯᠠᠨ ᠲᠦᠮᠡᠨ ᠳᠤ ᠰᠦᠶ᠋ᠳᠬᠡᠯ ᠬᠤᠷᠢᠶᠠᠬᠤ ᠦᠭᠡᠢ ᠪᠠᠷ ᠥᠷᠭᠡᠨ ᠳᠡᠯᠭᠡᠷ᠂ ᠡᠷᠴᠢᠮᠯᠢᠭ᠌ ᠥᠨᠳᠥᠷ ᠪᠦᠲᠦᠮᠵᠢᠲᠡᠶ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡ ᠬᠠᠩᠭᠠᠬᠤ ᠪᠣᠯ ᠡᠵᠡᠨ ᠬᠤᠷᠤᠭ᠎ᠠ ᠬᠤᠰᠢᠭᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠰᠢᠨ᠎ᠡ ᠠᠷᠭ᠎ᠠ ᠬᠡᠮᠵᠢᠶ᠎ᠡ ᠪᠣᠯᠤᠨ᠎ᠠ᠃ ᠮᠥᠨᠴᠦ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠂ ᠬᠤᠲᠠ᠂ ᠬᠤᠰᠢᠭᠤ ᠬᠤᠶᠠᠷ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠪᠦᠬᠦ ᠬᠤᠰᠢᠭᠤᠨ ᠤ ᠡᠯ᠎ᠡ ᠱᠠᠲᠤ ᠡᠯ᠎ᠡ ᠬᠦᠷᠢᠶ᠎ᠡ ᠬᠡᠪᠴᠢᠶᠡᠨ ᠳᠠᠬᠢ ᠦᠨᠳᠦᠰᠦᠨ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠎ ᠤᠨ ᠵᠠᠰᠠᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠠᠶᠢᠴᠢᠯᠠᠨ ᠳᠠᠭᠠᠭᠤᠯᠤᠨ᠎ᠠ᠃ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠡᠩ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠳᠤᠯᠠᠭ᠎ᠠ ᠬᠠᠩᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号