ᠡᠵᠡᠨ ᠬᠤᠷᠤᠭ᠎ᠠ ᠬᠤᠰᠢᠭᠤᠨ ᠤ 2019 ᠤᠨ ᠤ ᠴᠡᠷᠢᠭ ᠡᠯᠰᠡᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/22
    ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ᠂ ᠵᠠᠰᠠᠭ ᠤᠨ ᠤᠷᠳᠤᠨ ᠤ ᠲᠡᠳ᠋ ᠲᠠᠷᠤᠭ᠎ᠠ ᠯᠢ ᠰᠢᠶᠤᠤ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠷᠠᠳ ᠤᠨ ᠵᠠᠪᠰᠡᠭᠳᠦ ᠬᠦᠴᠦᠨ ᠤ ᠬᠡᠯᠳᠡᠰ ᠤᠨ ᠤᠯᠤᠰ ᠲᠦᠷᠦ ᠶᠢᠨ ᠬᠡᠰᠢᠬᠦᠨ ᠯᠢ ᠴᠦᠨ ᠬᠤᠢ ᠬᠤᠷᠠᠯ ᠳᠤ ᠤᠷᠤᠯᠴᠠᠪᠠ᠃     ᠬᠤᠷᠠᠯ ᠲᠡᠬᠡᠷ᠎ᠡ᠂ 2018 ᠤᠨ ᠤ ᠴᠡᠷᠢᠭ ᠡᠯᠰᠡᠬᠦ ᠠᠵᠢᠯ ᠤᠨ ᠪᠠᠶᠢᠳᠠᠯ ᠢᠶᠠᠨ ᠬᠤᠷᠢᠶᠠᠩᠭᠤᠶᠢᠯᠠᠵᠤ᠂ 2019 ᠤᠨ ᠤ ᠴᠡᠷᠢᠭ ᠡᠯᠰᠡᠬᠦ ᠠᠵᠢᠯ ᠤᠨ ᠡᠬᠦᠷᠬᠡ ᠪᠠᠨ ᠲᠤᠬᠢᠷᠠᠭᠤᠯᠤᠨ ᠪᠠᠶᠢᠷᠢᠯᠠᠭᠤᠯᠤᠭᠰᠠᠨ ᠪᠠᠶᠢᠨ᠎ᠠ᠃    ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠡᠷᠬᠡᠪᠰᠢ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠦᠨ᠂ ᠪᠠᠶᠢᠳᠠᠯ ᠡᠬᠦᠷᠬᠡ ᠪᠠᠨ ᠲᠤᠳᠤᠷᠬᠠᠢ ᠲᠠᠨᠢᠵᠤ᠂ ᠴᠡᠷᠢᠭ ᠡᠯᠰᠡᠬᠦ ᠠᠵᠢᠯ ᠤᠨ ᠬᠠᠷᠢᠭᠤᠴᠠᠯᠭᠠᠳᠤ ᠰᠡᠳᠬᠢᠯᠬᠡ ᠶᠢ ᠦᠨᠡᠨᠬᠦ ᠴᠢᠩᠭᠠᠳᠬᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠡᠯᠰᠡᠬᠦ ᠠᠵᠢᠯ ᠢ ᠴᠢᠩᠭᠠᠳᠬᠠᠬᠤ ᠪᠠ ᠦᠬᠡᠷᠡᠴᠢᠯᠡᠬᠦ᠂ ᠦᠨᠳᠦᠷ ᠬᠡᠪ ᠰᠤᠷᠳᠠᠯ ᠲᠠᠢ ᠴᠡᠷᠢᠭ ᠡᠯᠰᠡᠬᠦ ᠲᠤᠬᠠᠢ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠨ ᠡᠵᠡᠮᠰᠢᠵᠦ᠂ ᠴᠡᠷᠢᠭ ᠡᠯᠰᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠬᠦᠢᠴᠡᠳ ᠲᠠᠨᠢᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠢᠷᠳᠠᠯᠳᠠᠢ ᠠᠰᠠᠭᠤᠳᠠᠯ ᠢ ᠦᠪᠡᠷᠳᠡᠬᠡᠨ ᠰᠢᠢᠳᠪᠦᠷᠢᠯᠡᠬᠦ ᠬᠡᠷᠡᠭᠳᠠᠢ ᠬᠡᠪᠡ      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠨᠠᠷᠢᠨ ᠬᠢᠨᠠᠮᠠᠭᠠᠢ ᠰᠤᠳᠤᠯᠤᠨ ᠶᠡᠬᠡᠪᠡᠷ ᠤᠬᠠᠭᠤᠯᠵᠤ᠂ ᠬᠦᠮᠦᠨ ᠤ ᠬᠦᠴᠦᠨ᠂ ᠪᠤᠳᠠᠰ ᠤᠨ ᠬᠦᠴᠦᠨ᠂ ᠡᠳ᠋ ᠤᠨ ᠬᠦᠴᠦᠨ ᠠᠴᠠ ᠴᠡᠷᠢᠭ ᠡᠯᠰᠡᠬᠦ ᠠᠵᠢᠯ ᠳᠤ ᠲᠠᠮᠵᠢᠯᠬᠡ ᠪᠠ ᠪᠠᠳᠤᠯᠠᠭ᠎ᠠ ᠬᠠᠩᠭᠠᠨ᠎ᠠ᠃ ᠲᠤᠬᠢᠷᠠᠭᠤᠯᠤᠭᠰᠠᠨ ᠤ ᠲᠠᠷᠠᠭᠠᠬᠢ ᠰᠢᠨ᠎ᠡ ᠴᠡᠷᠢᠭ ᠤᠨ ᠤᠯᠤᠰ ᠲᠦᠷᠦ ᠶᠢᠨ ᠬᠢᠨᠠᠨ ᠪᠠᠶᠢᠴᠠᠭᠠᠯᠳᠠ ᠶᠢᠨ ᠲᠦᠷᠦ ᠶᠢᠨ ᠪᠤᠳᠤᠯᠭ᠎ᠠ ᠶᠢᠨ ᠲᠤᠭᠳᠠᠭᠠᠯ ᠢ ᠴᠢᠩᠭ᠎ᠠ ᠬᠡᠷᠡᠭᠵᠢᠬᠦᠯᠦᠨ᠂ ᠡᠯᠰᠡᠭᠳᠡᠬᠦ ᠵᠠᠯᠠᠭᠤᠴᠤᠳ ᠢ ᠴᠢᠩᠭ᠎ᠠ ᠨᠢᠮᠪᠠᠢ ᠪᠠᠷ ᠰᠤᠷᠪᠤᠯᠵᠢᠯᠠᠨ ᠪᠠᠶᠢᠴᠠᠭᠠᠵᠤ᠂ ᠦᠨᠡᠨᠬᠦ ᠴᠢᠩᠭ᠎ᠠ ᠨᠢᠮᠪᠠᠢ ᠬᠢᠨᠠᠨ ᠪᠠᠶᠢᠴᠠᠭᠠᠯᠳᠠ ᠶᠢ ᠦᠩᠬᠡᠷᠡᠬᠡᠵᠦ᠂  ᠤᠯᠤᠰ ᠲᠦᠷᠦ ᠶᠢᠨ ᠲᠠᠯ᠎ᠠ ᠪᠠᠷ ᠰᠢᠨ᠎ᠡ ᠴᠡᠷᠢᠭ ᠡᠷᠬᠡᠪᠰᠢ ᠬᠢᠷᠢ ᠲᠡᠩᠴᠡᠭᠰᠡᠨ ᠪᠠᠶᠢᠬᠤ ᠶᠢ ᠪᠠᠳᠤᠯᠠᠨ᠎ᠠ᠃ ᠬᠦᠮᠦᠵᠢᠯ ᠵᠢᠯᠤᠭᠤᠳᠤᠯᠭ᠎ᠠ ᠶᠢ ᠰᠠᠶᠢᠳᠤᠷ ᠬᠢᠵᠦ᠂ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠨᠠᠮ ᠪᠠ ᠤᠯᠤᠰ ᠤᠨ ᠦᠢᠯᠡᠰ ᠲᠤ ᠬᠠᠷᠢᠭᠤᠴᠠᠵᠤ᠂ ᠤᠯᠤᠰ ᠤᠨ ᠬᠠᠮᠠᠭᠠᠯᠠᠯᠳᠠ ᠪᠠ ᠴᠡᠷᠢᠭ ᠠᠩᠭᠢ ᠶᠢᠨ ᠪᠠᠶᠢᠭᠤᠯᠤᠯᠳᠠ ᠳᠤ ᠬᠠᠷᠢᠭᠤᠴᠠᠬᠤ ᠦᠨᠳᠦᠷᠴᠡ ᠠᠴᠠ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠎ ᠢ ᠰᠠᠶᠢᠳᠤᠷ ᠬᠢᠵᠦ᠂ ᠵᠤᠬᠢᠶᠠᠨ ᠪᠠᠶᠢᠭᠤᠯᠤᠯᠳᠠ ᠪᠠ ᠠᠷᠠᠳ ᠲᠦᠮᠡᠨ ᠳᠡᠭᠡᠨ ᠤᠰᠤᠯᠳᠠᠬᠤ ᠦᠬᠡᠢ ᠪᠠᠶᠢᠬᠤ ᠬᠡᠷᠡᠭᠳᠠᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠲᠤᠰᠢᠶᠠᠯ ᠢ ᠡᠷᠡᠰ ᠴᠢᠩᠭ᠎ᠠ ᠪᠠᠷ ᠬᠡᠷᠡᠭᠵᠢᠬᠦᠯᠵᠦ᠂ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠬᠡᠨ᠂ ᠯᠠᠪᠳᠠᠭᠤᠨ ᠪᠠᠳᠤᠳᠠᠢ ᠠᠵᠢᠯᠯᠠᠨ᠂ ᠮᠠᠨ ᠤ ᠬᠤᠰᠢᠭᠤᠨ ᠤ ᠴᠡᠷᠢᠭ ᠡᠯᠰᠡᠬᠦ ᠠᠵᠢᠯ ᠤᠨ ᠡᠬᠦᠷᠬᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠵᠦ ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠨ ᠬᠦᠷᠬᠡᠬᠦ ᠬᠡᠪᠡ᠃       ᠬᠤᠷᠠᠯ ᠲᠡᠬᠡᠷ᠎ᠡ᠂ ᠴᠡᠷᠢᠭ ᠡᠯᠰᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠢ ᠲᠤᠭᠳᠠᠪᠠ᠃ ᠬᠤᠰᠢᠭᠤᠨ ᠎ ᠤ ᠴᠡᠷᠢᠭ ᠡᠯᠰᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠡᠯ᠎ᠡ ᠪᠠᠯᠭᠠᠰᠤᠨ ᠤ ᠭᠤᠤᠯ ᠬᠠᠷᠢᠭᠤᠴᠠᠯᠭᠠᠳᠠᠨ᠂ ᠠᠷᠠᠳ ᠤᠨ ᠵᠡᠪᠰᠡᠭᠳᠦ ᠬᠦᠴᠦᠨ ᠤ ᠬᠡᠯᠳᠡᠰ ᠎ ᠤᠨ ᠲᠠᠷᠤᠭ᠎ᠠ᠂ ᠠᠵᠢᠯᠳᠠᠨ ᠪᠠ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠳᠠ ᠲᠠᠯᠪᠢᠭᠴᠢ ᠬᠤᠷᠠᠯ ᠳᠤ ᠤᠷᠤᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号