ᠬᠤᠸᠠ ᠷᠦᠢ ᠹᠧᠩ ᠠᠯᠳᠠᠨᠰᠢᠷᠡᠭᠡ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠪᠠ  ᠴᠡᠷᠢᠭ ᠠᠴᠠ ᠬᠠᠯᠠᠭᠳᠠᠭᠰᠠᠳ ᠢ ᠲᠤᠬᠤᠨᠢᠭᠤᠯᠤᠨ ᠦᠵᠡᠪᠡ
ᠨᠡᠶᠢᠲᠡᠯᠡᠭᠰᠡᠨ ᠴᠠᠭ᠄
2020/8/22
     7 ᠰᠠᠷ᠎ᠠ ᠶᠢᠨ 31 ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠬᠤᠸᠠ ᠷᠦᠢ ᠹᠧᠩ ᠠᠯᠳᠠᠨᠰᠢᠷᠡᠭᠡ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠪᠠ  ᠴᠡᠷᠢᠭ ᠠᠴᠠ ᠬᠠᠯᠠᠭᠳᠠᠭᠰᠠᠳ ᠢ ᠲᠤᠬᠤᠨᠢᠭᠤᠯᠤᠨ ᠦᠵᠡᠵᠦ᠂ ︽ᠨᠠᠢᠮᠠᠨ ᠰᠠᠷ᠎ᠠ ᠶᠢᠨ ᠨᠢᠬᠡᠨ︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠲᠠᠰᠢᠷᠡᠮ ᠢᠶᠠᠷ ᠲᠡᠳᠡᠨᠡᠷ ᠲᠤ ᠪᠠᠶᠠᠷ ᠎ ᠤᠨ ᠡᠳᠦᠷ ᠤᠨ ᠬᠠᠯᠠᠭᠤᠨ ᠮᠡᠨᠳᠦᠴᠢᠯᠠᠯ ᠢ ᠬᠦᠷᠬᠡᠪᠡ᠃ ᠵᠢᠷᠤᠭ     ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠭᠤᠤ ᠶᠦᠩ ᠯᠢᠶᠠᠩ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ ᠮᠡᠨᠳᠦᠪᠠᠶᠠᠷ ᠪᠠᠷᠠᠳᠠᠪᠠ᠃      ᠬᠤᠸᠠ ᠷᠦᠢ ᠹᠧᠩ ᠤᠷᠢᠳᠠᠪᠡᠷ ᠠᠯᠳᠠᠨᠰᠢᠷᠡᠭᠡ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠳᠤ ᠢᠷᠡᠵᠦ᠂ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠢ ᠲᠦᠯᠦᠬᠡᠯᠡᠨ ᠡᠷᠦᠬᠡ ᠶᠢᠨ ᠴᠡᠷᠢᠭ ᠲᠤ ᠪᠠᠶᠠᠷ ᠤᠨ ᠡᠳᠦᠷ ᠤᠨ ᠮᠡᠨᠳᠦᠴᠢᠯᠠᠯ ᠪᠠ ᠲᠠᠯᠠᠷᠬᠠᠯ ᠢᠶᠠᠨ ᠲᠡᠪᠰᠢᠬᠦᠯᠪᠡ᠃ ᠡᠷᠦᠬᠡ ᠶᠢᠨ ᠴᠡᠷᠢᠭ ᠢ ᠬᠤᠶᠢᠰᠢᠳᠠ ᠦᠷᠬᠦᠯᠵᠢᠯᠡᠨ ᠰᠢᠯᠢᠳᠡᠭ ᠰᠠᠶᠢᠨ ᠰᠤᠷᠳᠠᠯ ᠢᠶᠠᠨ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠵᠡᠷᠬᠡ ᠡᠯ᠎ᠡ ᠲᠦᠷᠦᠯ ᠤᠨ ᠪᠠᠴᠢᠮ ᠬᠦᠴᠢᠷ ᠠᠶᠤᠯᠳᠠᠢ ᠡᠬᠦᠷᠬᠡ ᠎ ᠶᠢᠨ ᠡᠮᠦᠨ᠎ᠡ ᠬᠤᠰᠢᠭᠤᠴᠢ ᠦᠢᠯᠡᠳᠦᠯ ᠢᠶᠠᠨ ᠭᠠᠷᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠴᠦᠳᠠᠢ ᠪᠠᠳᠤᠯᠠᠭ᠎ᠠ ᠬᠠᠩᠭᠠᠵᠤ᠂ ᠤᠷᠬᠢᠯᠦᠮ᠎ᠡ ᠬᠠᠯᠠᠭᠤᠨ ᠰᠡᠳᠬᠢᠯᠬᠡ ᠪᠠᠨ ᠡᠬᠦᠷᠢᠳᠡ ᠪᠠᠳᠤᠯᠠᠵᠤ᠂ ᠲᠤᠬᠢᠶᠠᠯ ᠢᠶᠠᠨ ᠡᠷᠬᠢᠮᠯᠡᠨ᠂ ᠯᠠᠪᠳᠠᠭᠤᠨ ᠪᠤᠯᠪᠠᠰᠤᠷᠠᠵᠤ᠂ ᠤᠷ᠎ᠠ ᠴᠢᠳᠠᠪᠤᠷᠢ ᠪᠠᠨ ᠬᠠᠳᠠᠭᠤᠵᠢᠯᠳᠠᠢ ᠪᠤᠯᠪᠠᠰᠤᠷᠠᠨ᠂ ᠡᠷᠦᠬᠡ ᠶᠢᠨ ᠴᠡᠷᠢᠭ ᠤᠨ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠡᠬᠦᠷᠬᠡᠯᠡᠨ᠂ ᠭᠠᠵᠠᠷ ᠤᠷᠤᠨ ᠤ ᠲᠤᠭᠳᠠᠭᠤᠨ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠠᠢ ᠬᠡᠵᠦ ᠬᠦᠰᠡᠮᠵᠢᠯᠡᠪᠡ᠃      ᠲᠠᠷᠠᠭ᠎ᠠ ᠳᠤᠨᠢ᠂ ᠬᠤᠸᠠ ᠷᠦᠢ ᠹᠧᠩ ᠴᠡᠷᠢᠭ ᠠᠴᠠ ᠬᠠᠯᠠᠭᠳᠠᠭᠰᠠᠨ ᠰᠡᠴᠡᠨᠪᠠᠶᠠᠷ ᠪᠠ ᠯᠢ ᠶᠢᠩ ᠬᠤᠸᠠᠢ ᠎ ᠶᠢᠨ ᠬᠡᠷ ᠲᠤ ᠬᠦᠷᠴᠦ᠂ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠵᠤ᠂ ᠠᠵᠢᠯ ᠠᠮᠢᠳᠤᠷᠠᠯ ᠪᠠ ᠪᠡᠶ᠎ᠡ ᠮᠠᠬᠠᠪᠤᠳ ᠎ ᠤᠨ ᠪᠠᠶᠢᠳᠠᠯ ᠢ ᠨᠠᠷᠢᠨ ᠤᠶᠢᠯᠠᠭᠠᠬᠤ ᠶᠢᠨ ᠲᠠᠭᠠᠤ ᠪᠠᠶᠠᠷ ᠤᠨ ᠡᠳᠦᠷ ᠤᠨ ᠮᠡᠨᠳᠦᠴᠢᠯᠠᠯ ᠪᠠ ᠲᠤᠬᠤᠨᠢᠭᠤᠯᠭ᠎ᠠ ᠶᠢᠨ ᠡᠳ᠋ ᠢ ᠬᠦᠷᠬᠡᠪᠡ᠃ ᠬᠤᠸᠠ ᠷᠦᠢ ᠹᠧᠩ ᠶᠠᠷᠢᠬᠤ ᠳᠠᠭᠠᠨ᠂ ᠴᠡᠷᠢᠭ ᠠᠴᠠ ᠬᠠᠯᠠᠭᠳᠠᠭᠰᠠᠳ  ᠤᠯᠤᠰ ᠤᠷᠤᠨ ᠢᠶᠠᠨ ᠬᠠᠮᠠᠭᠠᠯᠠᠬᠤ ᠳᠤ ᠴᠢᠰᠦ ᠬᠦᠯᠦᠰᠦ ᠪᠠᠨ ᠤᠷᠤᠰᠬᠠᠵᠤ᠂ ᠤᠯᠤᠰ ᠤᠨ ᠬᠠᠮᠠᠭᠠᠯᠠᠯᠳᠠ ᠶᠢᠨ ᠪᠠᠶᠢᠭᠤᠯᠤᠯᠳᠠ ᠪᠠ ᠠᠷᠠᠳ ᠲᠦᠮᠡᠨ ᠤ ᠠᠵᠠ ᠵᠢᠷᠭᠠᠯᠳᠤ ᠠᠮᠢᠳᠤᠷᠠᠯ ᠳᠤ ᠪᠠᠯᠠᠷᠠᠰᠢ ᠦᠬᠡᠢ ᠵᠢᠳᠬᠦᠯ ᠦᠵᠡᠬᠦᠯᠵᠦ᠂ ᠨᠠᠮ ᠵᠠᠰᠠᠭ ᠠᠴᠠ ᠡᠬᠦᠷᠢᠳᠡ ᠮᠠᠷᠳᠠᠬᠤ ᠦᠬᠡᠢ ᠶᠤᠮ᠃ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠡᠷᠬᠡᠪᠰᠢ ᠴᠡᠷᠢᠭ ᠠᠴᠠ ᠬᠠᠯᠠᠭᠳᠠᠭᠰᠠᠳ ᠢ ᠰᠡᠳᠬᠢᠯ ᠵᠢᠷᠤᠬᠡᠨ ᠳᠡᠭᠡᠨ ᠲᠠᠯᠪᠢᠵᠤ᠂ ᠡᠯ᠎ᠡ ᠲᠦᠷᠦᠯ ᠤᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠲᠡᠬᠡᠷ᠎ᠡ ᠬᠠᠯᠠᠮᠵᠢᠯᠠᠨ᠂ ᠠᠮᠢᠳᠤᠷᠠᠯ ᠲᠤᠮᠳᠠ ᠬᠠᠷᠠᠭᠠᠯᠵᠠᠬᠤ᠂ ᠠᠵᠢᠯ ᠦᠢᠯᠡᠰ ᠢ ᠲᠡᠮᠵᠢᠬᠦ ᠶᠢ ᠦᠨᠡᠨᠬᠦ ᠪᠡᠶᠡᠯᠡᠬᠦᠯᠵᠦ᠂ ᠴᠡᠷᠢᠭ ᠠᠴᠠ ᠬᠠᠯᠠᠭᠳᠠᠭᠰᠠᠳ ᠎ ᠤᠨ ᠬᠡᠷᠡᠭᠴᠡᠭᠡ ᠱᠠᠭᠠᠷᠳᠠᠯᠭ᠎ᠠ ᠶᠢ ᠢᠯᠡᠬᠦᠬᠡᠨ ᠤᠶᠢᠯᠠᠭᠠᠵᠤ᠂ ᠪᠤᠳᠠᠳᠠᠢ ᠬᠦᠴᠢᠷᠳᠠᠯ ᠢ ᠴᠠᠭ ᠲᠤᠬᠠᠢ ᠳᠤᠨᠢ ᠲᠤᠰᠠᠯᠠᠨ ᠰᠢᠢᠳᠪᠦᠷᠢᠯᠡᠵᠦ᠂ ᠪᠦᠬᠦ ᠨᠡᠶᠢᠬᠡᠮ ᠢᠶᠠᠷ ᠢᠶᠠᠨ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠵᠦ᠂ ᠬᠠᠯᠠᠮᠵᠢᠯᠠᠨ᠂ ᠬᠦᠷᠢᠶᠡᠯᠡᠭᠰᠡᠨ ᠰᠠᠶᠢᠨ ᠰᠠᠶᠢᠬᠠᠨ ᠬᠦᠭ ᠠᠶᠠᠰ ᠢ ᠪᠤᠢ ᠪᠤᠯᠭᠠᠬᠤ ᠬᠡᠷᠡᠭᠳᠠᠢ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号