ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ 2019 ᠤᠨ ᠤ 9 ᠤᠳᠠᠭᠠᠨ ᠤ ᠪᠠᠶᠢᠩᠭᠤ ᠶᠢᠨ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/22
     8 ᠰᠠᠷ᠎ᠠ ᠶᠢᠨ 1 ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠬᠤᠸᠠ ᠷᠦᠢ ᠹᠧᠩ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ 2019 ᠤᠨ ᠤ 9 ᠤᠳᠠᠭᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠵᠤ᠂ ᠪᠦᠬᠦ ᠬᠤᠰᠢᠭᠤᠨ ᠤ ᠲᠡᠬᠡᠳᠦ ᠬᠠᠭᠠᠰ ᠵᠢᠯ ᠤᠨ ᠭᠤᠤᠯᠳᠠᠯᠭᠠᠳᠤ ᠠᠵᠢᠯ᠂ ᠭᠤᠤᠯᠳᠠᠯᠭᠠᠳᠤ ᠲᠦᠷᠦᠯ ᠵᠦᠢᠯ ᠤᠨ ᠠᠬᠢᠭᠤᠯᠤᠯᠳᠠ ᠶᠢᠨ ᠪᠠᠶᠢᠳᠠᠯ ᠢ ᠰᠤᠨᠤᠰᠴᠤ᠂ ᠲᠠᠷᠠᠭ᠎ᠠ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠲᠠᠷᠤᠭ᠎ᠠ ᠯᠢ ᠰᠢᠶᠤᠤ ᠭᠠᠩ᠂ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠶᠠᠨ ᠼᠠᠢ ᠢᠦᠢ᠂ ᠵᠠᠩ ᠶᠦᠩ᠂ ᠮᠡᠨᠳᠦᠪᠠᠶᠠᠷ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠬᠡᠰᠢᠬᠦᠨ᠂ ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠪᠢᠶᠠᠨ ᠶᠦᠩ ᠰᠢᠶᠠᠩ ᠬᠤᠷᠠᠯ ᠳᠤ ᠤᠷᠤᠯᠴᠠᠵᠤ ᠬᠤᠪᠢᠳᠠᠨ ᠬᠠᠮᠢᠶᠠᠷᠬᠤ ᠠᠵᠢᠯ ᠤᠨ ᠲᠠᠯ᠎ᠠ ᠬᠠᠷᠢᠭᠤ ᠮᠡᠳᠡᠬᠦᠯᠦᠯᠳᠡ ᠬᠢᠪᠡ᠃ ᠵᠠᠰᠠᠭ ᠤᠨ ᠤᠷᠳᠤᠨ ᠤ ᠲᠤᠰᠢᠶᠠᠯ ᠬᠠᠪᠰᠤᠷᠭᠠᠭᠰᠠᠨ ᠬᠤᠰᠢᠭᠤ ᠲᠡᠳ᠋ ᠲᠠᠷᠤᠭ᠎ᠠ ᠴᠤᠭ᠂ ᠤᠷᠳᠤᠰ ᠬᠤᠳᠠ ᠶᠢᠨ ᠵᠢᠶᠠᠩᠰᠦ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠶᠤᠸᠠᠢ ᠹᠦ᠋ ᠴᠢᠤᠸᠠᠨ᠂ ᠱᠧᠩ ᠶᠤᠸᠠᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠳᠠ ᠎ ᠶᠢᠨ ᠵᠦᠪᠯᠡᠯ ᠤᠨ ᠲᠡᠳ᠋ ᠡᠷᠬᠢᠯᠡᠭᠴᠢ ᠸᠠᠩ ᠶᠤᠸᠠᠢ ᠹᠧᠩ ᠰᠤᠯᠠ ᠤᠷᠤᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号