2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ  ᠠᠷᠪᠠᠨ ᠲᠠᠪᠤᠳᠤᠭᠠᠷ ᠬᠤᠭᠤᠴᠠᠭᠠᠨ ᠤ ᠴᠢᠩᠭᠢᠰ ᠬᠠᠭᠠᠨ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020/8/22
     2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ   ᠠᠷᠪᠠᠨ ᠲᠠᠪᠤᠳᠤᠭᠠᠷ ᠬᠤᠭᠤᠴᠠᠭᠠᠨ ᠤ ᠴᠢᠩᠭᠢᠰ ᠬᠠᠭᠠᠨ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ 8 ᠰᠠᠷ᠎ᠠ ᠶᠢᠨ 8 ᠡᠳᠦᠷ ᠴᠢᠩᠭᠢᠰ ᠬᠠᠭᠠᠨ ᠎ ᠤ ᠤᠩᠭᠤᠨ ᠤ ᠵᠢᠭᠤᠯᠴᠢᠯᠠᠯ ᠤᠨ ᠤᠷᠤᠨ ᠤ ᠨᠠᠭᠠᠳᠤᠮ ᠤᠨ ᠲᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ
     ᠨᠠᠷᠠ ᠬᠤᠷ᠎ᠠ ᠲᠡᠩᠴᠡᠭᠰᠡᠨ ᠦᠵᠡᠰᠬᠦᠯᠡᠩᠳᠤ ᠰᠠᠶᠢᠬᠠᠨ ᠡᠵᠡᠨ ᠬᠤᠷᠤᠭ᠎ᠠ᠂ ᠨᠠᠯᠠᠭᠠᠷ ᠨᠠᠭᠠᠳᠤᠮ ᠢᠶᠠᠷ ᠨᠤᠳᠤᠭ ᠢᠶᠠᠨ ᠪᠠᠶᠠᠰᠬᠠᠬᠰᠠᠨ ᠲᠡᠭᠷᠢᠯᠢᠭ ᠲᠠᠷᠬᠠᠨ ᠤᠷᠤᠨ᠃ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠨ᠂ 8 ᠰᠠᠷ᠎ᠠ ᠶᠢᠨ 8 ᠡᠳᠦᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠤᠷᠳᠤᠰ ᠬᠤᠳᠠ ᠶᠢᠨ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠤᠷᠳᠤᠰ ᠬᠤᠳᠠ ᠶᠢᠨ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠠᠴᠠ ᠡᠷᠬᠢᠯᠡᠭᠰᠡᠨ ︽ᠲᠠᠷᠬᠠᠨ ᠤᠷᠤᠨ ᠴᠤᠭ ᠵᠢᠪᠬᠤᠭ᠎ᠠ ᠦᠯᠵᠡᠢ ᠪᠡᠯᠬᠡᠳᠦ ᠡᠬᠡ ᠤᠷᠤᠨ︾ 2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ   ᠠᠷᠪᠠᠨ ᠲᠠᠪᠤᠳᠤᠭᠠᠷ ᠬᠤᠭᠤᠴᠠᠭᠠᠨ ᠤ ᠴᠢᠩᠭᠢᠰ ᠬᠠᠭᠠᠨ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠎ ᠳᠤ ᠦᠪᠡᠳᠡᠭᠰᠢ ᠶᠡᠭᠡ ᠪᠠᠷ ᠡᠬᠢᠯᠡᠪᠡ᠃
    ᠤᠷᠳᠤᠰ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠰᠡᠴᠡᠨᠪᠢᠯᠢᠭ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠠᠤᠯᠬᠤ ᠬᠡᠯᠳᠡᠰ ᠤᠨ ᠲᠠᠷᠤᠭ᠎ᠠ ᠰᠤ᠋ ᠼᠦᠢ ᠹᠠᠩ᠂ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ ᠬᠤᠳᠠ ᠶᠢᠨ ᠲᠠᠷᠤᠭ᠎ᠠ ᠯᠢᠦ ᠵᠢᠶᠠᠨ ᠰᠢᠶᠦ᠋ᠨ᠂ ᠤᠯᠤᠰ ᠲᠦᠷᠦ ᠶᠢᠨ ᠵᠦᠪᠯᠡᠯᠬᠡᠨ ᠤ ᠤᠷᠳᠤᠰ ᠬᠤᠳᠠ ᠶᠢᠨ ᠬᠤᠷᠢᠶ᠎ᠠ ᠶᠢᠨ ᠲᠡᠳ᠋ ᠲᠡᠷᠢᠬᠦᠯᠡᠭᠴᠢ ᠵᠢᠷᠭᠠᠯᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠎ ᠶᠢᠨ ᠬᠤᠷᠢᠶᠠᠨ ᠤ ᠡᠷᠬᠢᠯᠡᠭᠴᠢ ᠬᠤᠤ ᠶᠦᠩ ᠶᠤᠤ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠬᠤᠸᠠ ᠷᠦᠢ ᠹᠧᠩ᠂ ᠤᠯᠤᠰ ᠲᠦᠷᠦ ᠶᠢᠨ ᠵᠦᠪᠯᠡᠯᠬᠡᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠲᠡᠷᠢᠬᠦᠯᠡᠭᠴᠢ ᠪᠠᠳᠤᠵᠠᠶᠠᠭ᠎ᠠ ᠵᠡᠷᠬᠡ ᠬᠤᠳᠠ᠂ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠲᠤᠰᠬᠠᠢ ᠮᠡᠷᠬᠡᠵᠢᠯᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠮᠡᠨᠳᠦᠪᠠᠶᠠᠷ ᠡᠬᠢᠯᠡᠯᠳᠡ ᠶᠢᠨ ᠶᠤᠰᠤᠯᠠᠯ ᠢ ᠡᠷᠬᠢᠯᠡᠪᠡ᠃    ᠡᠬᠢᠯᠡᠯᠳᠡ ᠶᠢᠨ ᠶᠤᠰᠤᠯᠠᠯ ᠲᠡᠬᠡᠷ᠎ᠡ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠳᠤᠨ ᠤ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠠᠵᠢᠯ ᠤᠨ ᠵᠦᠪᠯᠡᠯ ᠤᠨ ᠱᠦᠵᠢ ᠲᠡᠬᠦᠰ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤ ᠲᠠᠷᠤᠭ᠎ᠠ ᠬᠤᠸᠠ ᠷᠦᠢ ᠹᠧᠩ ᠠᠴᠠ ᠶᠠᠷᠢᠶ᠎ᠠ ᠲᠠᠯᠪᠢᠭᠰᠠᠨ ᠪᠠᠶᠢᠨ᠎ᠠ᠃ ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠲᠠᠷᠤᠭ᠎ᠠ ᠰᠡᠴᠡᠨᠪᠢᠯᠢᠭ 2019 ᠤᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ   ᠠᠷᠪᠠᠨ ᠲᠠᠪᠤᠳᠤᠭᠠᠷ ᠬᠤᠭᠤᠴᠠᠭᠠᠨ ᠎ ᠤ ᠴᠢᠩᠭᠢᠰ ᠬᠠᠭᠠᠨ ᠵᠢᠭᠤᠯᠴᠢᠯᠠᠯ ᠰᠤᠶᠤᠯ ᠤᠨ ᠭᠠᠷᠠᠭ ᠤᠨ ᠠᠵᠢᠯᠯᠠᠭ᠎ᠠ ᠶᠢᠨ ᠡᠬᠢᠯᠯᠡᠳᠡ ᠶᠢ ᠨᠡᠶᠢᠳᠡᠯᠡᠭᠰᠡᠨ ᠪᠠᠶᠢᠨ᠎ᠠ
ᠤᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠠᠨ ᠪᠤᠯᠭᠠᠬᠤ ᠎ ᠶᠢ ᠪᠠᠷᠢᠮᠳᠠᠯᠠᠨ᠂ ᠲᠥᠪ᠂ ᠦᠪᠡᠷᠳᠡᠭᠡᠨ ᠵᠠᠰᠠᠬᠤ ᠣᠷᠣᠨ ᠪᠠ ᠬᠤᠲᠠ ᠶᠢᠨ ᠨᠠᠮ ᠵᠠᠰᠠᠭ ᠤᠨ ᠰᠣᠶᠣᠯ ᠵᠢᠭᠤᠯᠴᠢᠯᠠᠯ ᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠦᠨᠳᠦᠰᠦᠳᠡᠨ ᠤ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠪᠠ ᠪᠦᠬᠦ ᠬᠡᠪᠴᠢᠶᠡᠨ ᠤ ᠵᠢᠭᠤᠯᠴᠢᠯᠠᠯ ᠢ ᠬᠦᠭᠵᠢᠬᠦᠯᠬᠦ ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠣᠶᠣᠯ ᠤᠨ ᠨᠦᠯᠦᠭᠡᠯᠡᠬᠦ ᠬᠦᠴᠦᠨ ᠢ ᠦᠷᠬᠦᠯᠵᠢᠯᠡᠨ ᠴᠢᠩᠭᠠᠳᠬᠠᠵᠤ᠂ ᠵᠢᠭᠤᠯᠴᠢᠯᠠᠯ ᠤᠨ ᠦᠷᠢᠰᠦᠯᠳᠦᠬᠦ ᠬᠦᠴᠦᠨ ᠢ ᠤᠯᠠᠮ ᠢᠶᠠᠷ ᠲᠡᠭᠡᠭᠰᠢᠯᠡᠬᠦᠯᠪᠡ᠃ ᠲᠣᠰ ᠤᠳᠠᠭᠠᠨ ᠤ ᠠᠵᠢᠯᠯᠠᠭᠠᠨ ᠢ ᠦᠷᠨᠢᠬᠦᠯᠦᠭᠰᠡᠨ ᠎ ᠨᠢ ᠦᠨᠳᠦᠰᠦᠳᠡᠨ ᠤ ᠰᠣᠶᠣᠯ᠂ ᠵᠢᠭᠤᠯᠴᠢᠯᠠᠯ ᠪᠠ ᠪᠡᠶ᠎ᠡ ᠲᠠᠮᠢᠷ ᠵᠡᠷᠭᠡ ᠤᠯᠠᠨ ᠵᠦᠢᠯ ᠤᠨ ᠠᠵᠤ ᠦᠢᠯᠡᠰ ᠤᠨ ᠤᠶᠠᠯᠳᠤᠨ ᠬᠦᠭᠵᠢᠬᠦ ᠶᠢ ᠯᠠᠪᠳᠠᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠭᠠᠵᠠᠷ ᠣᠷᠣᠨ ᠤ ᠰᠣᠶᠣᠯ ᠤᠨ ᠨᠦᠯᠦᠭᠡᠯᠡᠬᠦ ᠬᠦᠴᠦᠨ ᠬᠢᠭᠡᠳ ᠠᠯᠳᠠᠷᠰᠢᠯ ᠢ ᠤᠯᠠᠮ ᠲᠡᠭᠡᠭᠰᠢᠯᠡᠬᠦᠯᠦᠨ᠂ ᠭᠠᠵᠠᠷ ᠣᠷᠣᠨ ᠤ ᠰᠢᠨ᠎ᠡ ᠬᠠᠭᠤᠴᠢᠨ ᠬᠦᠳᠡᠯᠭᠡᠭᠡᠨ ᠤ ᠡᠨᠧᠷᠬᠢ ᠶᠢᠨ ᠬᠤᠪᠢᠷᠠᠯᠲᠠ ᠶᠢ ᠴᠢᠩᠭᠠᠳᠬᠠᠵᠤ᠂ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠢ ᠣᠷᠣᠭᠤᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号