ᠪᠦᠬᠦ ᠬᠤᠰᠢᠭᠤᠨ ᠤ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠳᠠ ᠶᠢ ᠠᠬᠢᠭᠤᠯᠬᠤ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2020/8/22
     8 ᠰᠠᠷ᠎ᠠ ᠶᠢᠨ 19᠎ ᠤ ᠡᠳᠦᠷ᠂ ᠪᠥᠬᠦ ᠬᠤᠰᠢᠭᠤᠨ ᠤ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠳᠠ ᠶᠢ ᠠᠬᠢᠭᠤᠯᠬᠤ ᠬᠤᠷᠠᠯ ᠢ ᠬᠤᠷᠠᠯᠳᠤᠪᠠ᠃      ᠬᠤᠷᠠᠯ ᠳᠡᠭᠡᠷ᠎ᠡ᠂ ᠪᠦᠬᠦ ᠬᠤᠰᠢᠭᠤᠨ ᠤ ᠡᠯ᠎ᠡ ᠪᠠᠯᠭᠠᠰᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠤᠰᠪᠤᠷᠢ ᠨᠢᠬᠡᠳᠦᠮᠡᠯ ᠹᠷᠤᠨᠲ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠠᠴᠠ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠬᠤ ᠺᠠᠳ᠋ᠷ ᠤᠨ ᠬᠠᠷᠢᠯᠴᠠᠬᠤ ᠴᠡᠭ ᠢ ᠲᠣᠬᠢᠷᠠᠭᠤᠯᠤᠭᠰᠠᠨ ᠪᠠᠶᠢᠳᠠᠯ ᠢ ᠤᠩᠰᠢᠨ ᠨᠡᠶᠢᠲᠡᠯᠡᠵᠦ᠂ ︽ᠡᠵᠡᠨ ᠬᠤᠷᠤᠭ᠎ᠠ ᠬᠤᠰᠢᠭᠤᠨ ᠤ  ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠶᠢᠨ ᠰᠢᠯᠭᠠᠨ ᠬᠤᠷᠢᠶᠠᠵᠤ ᠦᠨᠡᠯᠡᠨ ᠬᠡᠷᠡᠭᠵᠢᠭᠦᠯᠬᠦ ᠨᠠᠷᠢᠨ ᠳᠦᠷᠢᠮ︾᠎ ᠳᠤ ᠲᠠᠶᠢᠯᠤᠮᠵᠢ ᠬᠢᠪᠡ᠃
     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠪᠣᠯᠤᠨ ᠤᠳᠤᠷᠢᠳᠬᠤ ᠺᠠᠳ᠋ᠷᠴᠤᠳ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠭᠦᠷᠭᠡ ᠱᠠᠭᠠᠷᠳᠠᠯᠭ᠎ᠠ ᠪᠠᠨ ᠲᠣᠳᠣᠷᠬᠠᠶᠢᠯᠠᠨ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠵᠤᠭᠰᠤᠴᠠ ᠠᠴᠠ ᠨᠢᠬᠡᠳᠦᠮᠡᠯ ᠹᠷᠤᠨᠲ ᠎ ᠤᠨ ᠠᠵᠢᠯ ᠢ ᠴᠢᠬᠤᠯᠠᠴᠢᠯᠠᠨ ᠦᠵᠡᠵᠦ᠂ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠠᠢ᠃ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠳᠦᠷᠢᠮ ᠤᠨ ᠪᠠᠲᠤᠯᠠᠭ᠎ᠠ᠂ ᠰᠠᠭᠤᠷᠢ ᠲᠤᠭ᠎ᠠ ᠦᠨᠳᠦᠰᠦᠨ ᠲᠤᠭ᠎ᠠ ᠶᠢ ᠴᠢᠩᠭᠠᠳᠬᠠᠵᠤ᠂ ᠵᠢᠯᠤᠭᠤᠳᠤᠯᠭ᠎ᠠ ᠬᠢᠨᠠᠨ ᠰᠢᠯᠭᠠᠷᠠᠭᠤᠯᠤᠯᠳᠠ ᠶᠢ ᠴᠢᠩᠭᠠᠳᠬᠠᠵᠤ᠂ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠶᠢᠨ ᠡᠯ᠎ᠡ ᠲᠦᠷᠦᠯ ᠤᠨ ᠡᠭᠦᠷᠭᠡ ᠶᠢ ᠦᠨᠡᠨᠬᠦ ᠰᠠᠶᠢᠲᠤᠷ ᠠᠳᠬᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠂ ᠨᠢᠬᠡᠳᠦᠮᠡᠯ ᠹᠷᠤᠨᠲ ᠤᠨ ᠡᠬᠢ ᠪᠠᠶᠠᠯᠢᠭ ᠤᠨ ᠤᠭ ᠰᠤᠷᠪᠤᠯᠵᠢ ᠪᠠ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠥᠮᠦᠨ ᠤ ᠬᠦᠴᠦᠨ ᠪᠣᠳᠠᠰ ᠤᠨ ᠬᠦᠴᠦᠨ ᠣᠶᠤᠨ ᠴᠢᠳᠠᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠬᠦᠷᠢᠶ᠎ᠡ ᠬᠡᠪᠴᠢᠶᠡᠨ ᠤ ᠲᠣᠭᠤᠷᠢᠨ ᠳᠤ᠂ ᠭᠤᠤᠯᠳᠠᠯᠭᠠᠳᠤ ᠠᠰᠠᠭᠤᠳᠠᠯ ᠢ  ᠰᠢᠢᠳᠪᠦᠷᠢᠯᠡᠵᠦ᠂ ᠦᠢᠯᠡᠴᠢᠯᠡᠬᠡᠨ ᠤ ᠲᠥᠪ ᠤᠨ ᠤᠶᠠᠯᠳᠤᠯ ᠤᠨ ᠴᠢᠭ ᠪᠣᠯᠤᠨ ᠬᠦᠴᠦᠯᠡᠬᠦ ᠴᠡᠭ ᠢ ᠡᠷᠢᠨ ᠤᠯᠵᠤ᠂ ᠨᠢᠭᠡ ᠪᠦᠯᠦᠭ ᠨᠢᠬᠡᠳᠦᠮᠡᠯ ᠹᠷᠤᠨᠲ ᠤᠨ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠶᠢᠨ ᠣᠨᠴᠠᠯᠢᠭᠲᠤ ᠲᠥᠷᠥᠯ ᠲᠡᠮᠳᠡᠭ ᠢ ᠪᠤᠢ ᠪᠣᠯᠭᠠᠬᠤ ᠬᠡᠷᠡᠭᠲᠡᠶ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号