ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠎ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/8/22
ᠨᠢᠦ ᠵᠢᠶᠦ᠋ᠨ ᠶᠠᠨ ᠡᠵᠡᠨ ᠬᠤᠷᠤᠭ᠎ᠠ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠤᠯᠳᠠ ᠬᠢᠬᠦ ᠳᠤ ᠴᠢᠬᠤᠯᠠᠴᠢᠯᠠᠬᠤ ᠳᠠᠭᠠᠨ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠲᠦᠷᠬᠡᠳᠬᠡᠨ ᠠᠬᠢᠭᠤᠯᠬᠤ ᠪᠠ ︽ᠲᠠᠯᠪᠢᠵᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯᠳᠠᠯᠭ᠎ᠠ ᠪᠤᠯᠭᠠᠨ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠶᠢᠨ ᠲᠠᠰᠤᠷᠠᠯᠳᠠ ᠦᠬᠡᠢ ᠰᠢᠨ᠎ᠡ ᠦᠷ᠎ᠡ ᠪᠦᠳᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠠᠢ ᠬᠡᠪᠡ
      7 ᠰᠠᠷ᠎ᠠ ᠶᠢᠨ 8 ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠮᠠᠨ ᠤ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠭᠦᠭᠵᠢᠯᠳᠡ ᠶᠢ ᠲᠡᠷᠢᠬᠦᠨ ᠡᠬᠦᠷᠬᠡ ᠪᠤᠯᠭᠠᠬᠤ ᠶᠢ ᠡᠬᠦᠷᠢᠳᠡ ᠪᠠᠷᠢᠮᠳᠠᠯᠠᠨ ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠲᠦᠷᠬᠡᠳᠬᠡᠨ ᠠᠬᠢᠭᠤᠯᠬᠤ ᠪᠠ ︽ᠲᠠᠯᠪᠢᠵᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯᠳᠠᠯᠭ᠎ᠠ ᠪᠠᠨ ᠪᠤᠯᠭᠠᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠳᠤ ᠲᠠᠰᠤᠷᠠᠯᠳᠠ ᠦᠬᠡᠢ ᠰᠢᠨ᠎ᠡ ᠦᠷ᠎ᠡ ᠪᠦᠳᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠠᠢ ᠬᠡᠪᠡ᠃       ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠳᠠ ᠶᠢᠨ ᠲᠡᠳ᠋ ᠲᠠᠷᠤᠭ᠎ᠠ ᠶᠢᠨ ᠡᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠬᠡᠴᠢ ᠶᠢᠨ ᠲᠠᠷᠤᠭ᠎ᠠ ᠱᠢ ᠯᠢᠶᠠᠩ  ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠮᠸᠢ ᠪᠢᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠬᠤᠸᠠ ᠷᠦᠢ ᠹᠧᠩ᠂ ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠱᠧᠩ ᠶᠤᠸᠠᠨ ᠨᠡᠬᠦᠷᠡᠰᠦ ᠬᠢᠮᠢ ᠎ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠨᠠᠮ ᠤᠨ ᠠᠵᠢᠯ ᠤᠨ ᠵᠦᠪᠯᠡᠯ ᠤᠨ ᠱᠦᠵᠢ ᠱᠢ ᠸᠧᠨ ᠺᠦᠢ᠂ ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠱᠧᠩ ᠶᠤᠸᠠᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠨᠠᠮ ᠤᠨ ᠠᠵᠢᠯ ᠤᠨ ᠵᠦᠪᠯᠡᠯ ᠤᠨ ᠲᠡᠳ᠋ ᠱᠦᠵᠢ᠂ ᠬᠠᠮᠢᠶᠠᠷᠤᠯᠳᠠ ᠶᠢᠨ ᠭᠠᠵᠠᠷ ᠤᠨ ᠡᠷᠬᠢᠯᠡᠭᠴᠢ ᠭᠥᠸᠧ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠬᠡᠷ ᠎ ᠤᠨ ᠡᠷᠬᠢᠯᠡᠭᠴᠢ ᠪᠠᠢ ᠵᠢᠶᠠᠨ ᠭᠠᠩ᠂ ᠵᠠᠰᠠᠭ ᠤᠨ ᠤᠷᠳᠤᠨ ᠤ ᠲᠡᠳ᠋ ᠲᠠᠷᠤᠭ᠎ᠠ ᠵᠠᠩ ᠶᠦᠩ᠂ ᠬᠤᠰᠢᠭᠤ ᠠᠷᠠᠳ ᠎ ᠤᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠬᠡᠰᠢᠬᠦᠨ᠂ ᠤᠷᠳᠤᠰ ᠵᠢᠶᠠᠩᠰᠤ ᠶᠢᠨ ᠠᠵᠤ ᠦᠢᠯᠡᠳᠪᠦᠷᠢ ᠎ ᠶᠢᠨ ᠬᠦᠷᠢᠶᠡᠯᠡᠩ ᠤᠨ ᠬᠠᠮᠢᠶᠠᠷᠤᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠪᠢᠶᠠᠨ ᠶᠦᠩ ᠰᠢᠶᠠᠩ ᠬᠠᠮᠳᠤ ᠪᠠᠶᠢᠴᠠᠭᠠᠨ ᠰᠤᠳᠤᠯᠤᠯᠳᠠ ᠬᠢᠪᠡ᠃      ᠤᠷᠳᠤᠰ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤ ᠨᠢᠦ ᠵᠢᠶᠦ᠋ᠨ ᠶᠠᠨ ᠬᠦᠷᠢᠶᠡᠯᠡᠩ ᠲᠤᠭᠤᠷᠢᠭ ᠤᠨ ᠲᠦᠯᠦᠪᠵᠢᠬᠦᠯᠬᠡ ᠪᠠᠶᠢᠭᠤᠯᠤᠯᠳᠠ᠂ ᠲᠦᠷᠦᠯ ᠵᠦᠢᠯ ᠢ ᠡᠬᠢᠯᠡᠬᠦᠯᠬᠦ ᠵᠡᠷᠬᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠵᠧᠩ ᠲᠠᠢ ᠢ ᠳ᠋ᠠ ᠰᠢᠨ᠎ᠡ ᠡᠨᠧᠷᠬᠢ᠂ ᠶᠠᠩ ᠽᠢ ᠵᠦᠩ ᠲᠢᠶᠠᠨ ᠰᠢᠨ᠎ᠡ ᠮᠠᠲ᠋ᠧᠷᠢᠶᠠᠯ᠂ ᠴᠠᠩᠵᠸᠣ ᠺᠧ ᠱᠢ᠂ ᠱᠧᠨ ᠴᠤᠸᠠᠨ ᠠᠭᠤᠷᠬᠠᠢ ᠶᠢᠨ ᠬᠡᠷᠡᠭᠯᠡᠬᠡᠨ ᠤ ᠲᠦᠬᠦᠬᠡᠷᠦᠮᠵᠢ᠂ ᠳ᠋ᠧ ᠫᠧᠩ ᠭᠤᠮ ᠰᠦᠯᠢᠶᠤᠤ ᠵᠡᠷᠬᠡ ᠠᠵᠤ ᠠᠬᠤᠶᠢᠯᠠᠯ ᠳᠤ ᠬᠦᠨᠵᠡᠬᠡᠶᠢᠷᠡᠨ᠂ ᠡᠯ᠎ᠡ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠪᠠᠶᠢᠭᠤᠯᠤᠯᠳᠠ ᠶᠢᠨ ᠪᠠᠶᠢᠳᠠᠯ ᠢ ᠨᠠᠷᠢᠨ ᠬᠢᠨᠠᠮᠭᠠᠢ ᠤᠶᠢᠯᠠᠭᠠᠵᠤ᠂ ᠠᠵᠤ ᠠᠬᠤᠶᠢᠯᠠᠯ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠴᠢᠩᠭᠠᠳᠬᠠᠵᠤ᠂ ᠪᠦᠳᠦᠬᠡᠨ ᠪᠠᠶᠢᠭᠤᠯᠤᠯᠳᠠ ᠶᠢᠨ ᠠᠬᠢᠴᠠ ᠪᠠᠨ ᠲᠦᠷᠬᠡᠳᠬᠡᠬᠦ ᠶᠢ ᠬᠦᠰᠡᠮᠵᠢᠯᠡᠵᠦ᠂ ᠠᠶᠤᠯᠬᠦᠢ ᠦᠢᠯᠡᠳᠪᠦᠷᠢᠯᠡᠯ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠡᠷᠳᠡᠬᠡᠨ ᠪᠡᠯᠡ ᠤᠷᠤᠭᠤᠯᠤᠨ ᠦᠷ᠎ᠡ ᠪᠦᠳᠦᠮᠵᠢ ᠭᠠᠷᠭᠠᠨ᠂ ᠠᠮᠦᠷ ᠲᠦᠪᠰᠢᠨ ᠲᠤᠭᠳᠠᠭᠤᠨ ᠡᠷᠬᠢᠯᠳᠡ ᠶᠢ ᠪᠠᠳᠤᠯᠠᠬᠤ ᠬᠡᠷᠡᠭᠳᠠᠢ ᠬᠡᠪᠡ᠃      ᠨᠢᠦ ᠵᠢᠶᠦ᠋ᠨ ᠶᠠᠨ ᠵᠢᠭᠠᠬᠤ ᠳᠠᠭᠠᠨ᠂ ᠴᠢᠬᠤᠯᠠ ᠶᠡᠭᠡ ᠲᠦᠷᠦᠯ ᠵᠦᠢᠯ ᠪᠤᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠵᠠᠩᠭᠢᠯᠠᠭ᠎ᠠ ᠪᠤᠯᠤᠨ᠎ᠠ᠃ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠤᠨ᠂ ᠤᠳᠤᠬᠠᠨ ᠤ ᠲᠦᠷᠦᠯ ᠵᠦᠢᠯ ᠤᠨ ᠪᠠᠶᠢᠭᠤᠯᠤᠯᠳᠠ ᠳᠤ ᠲᠤᠯᠭᠠᠷᠠᠵᠤ ᠪᠠᠶᠢᠭ᠎ᠠ ᠪᠠᠶᠢᠳᠠᠯ ᠳᠤ ᠬᠦᠨᠵᠡᠬᠡᠢ ᠲᠠᠨᠢᠵᠤ᠂ ᠦᠷᠬᠦᠯᠵᠢ ᠶᠢᠨ ᠴᠢᠨᠠᠷᠳᠠᠢ ᠪᠠᠷ ᠲᠦᠷᠦᠯ ᠵᠦᠢᠯ ᠢ ᠠᠳᠬᠤᠵᠤ᠂ ᠪᠡᠯᠡ ᠤᠷᠤᠭᠤᠯᠤᠯᠳᠠ ᠶᠢ ᠠᠬᠢᠭᠤᠯᠤᠨ᠂ ᠪᠦᠬᠦ ᠬᠤᠳᠠ ᠶᠢᠨ ᠠᠵᠤ ᠠᠬᠤᠢ ᠶᠢᠨ ᠲᠤᠭᠳᠠᠭᠤᠨ ᠡᠷᠬᠢᠯᠳᠡ᠂ ᠴᠢᠨᠠᠷ ᠰᠠᠶᠢᠳᠠᠢ ᠬᠦᠭᠵᠢᠯᠳᠡ ᠲᠡᠰᠢ ᠲᠠᠰᠤᠷᠠᠯᠳᠠ ᠦᠬᠡᠢ ᠤᠷᠤᠭᠰᠢᠯᠠᠬᠤ ᠶᠢ ᠪᠠᠳᠤᠯᠠᠬᠤ ᠬᠡᠷᠡᠭᠳᠠᠢ ᠬᠡᠪᠡ᠃      ᠨᠢᠦ ᠵᠢᠶᠦ᠋ᠨ ᠶᠠᠨ ᠴᠢᠬᠤᠯᠠᠴᠢᠯᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠠᠰᠠᠭᠤᠳᠠᠯ ᠰᠢᠢᠳᠪᠦᠷᠢᠯᠡᠬᠦ ᠶᠢ ᠪᠠᠷᠢᠮᠳᠠᠯᠠᠨ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠲᠦᠷᠬᠡᠳᠬᠡᠨ ᠠᠬᠢᠭᠤᠯᠵᠤ᠂ ᠲᠦᠷᠦᠯ ᠵᠦᠢᠯ ᠢ ᠤᠷᠤᠨᠰᠢᠭᠤᠯᠬᠤ ᠱᠠᠭᠠᠷᠳᠠᠯᠭ᠎ᠠ ᠶᠢᠨ ᠲᠤᠭᠤᠷᠢᠨ ᠳᠤ ᠤᠰᠤ᠂ ᠴᠠᠬᠢᠯᠭᠠᠨ᠂ ᠬᠡᠢ᠂ ᠤᠷᠴᠢᠨ ᠲᠤᠭᠤᠷᠢᠨ ᠤ ᠪᠠᠭᠳᠠᠭᠠᠮᠵᠢ ᠵᠡᠷᠬᠡ ᠡᠯᠧᠮᠧᠨ᠋ᠲ ᠤᠨ ᠲᠤᠬᠢᠷᠠᠭᠤᠯᠭ᠎ᠠ ᠪᠠ ᠭᠠᠵᠠᠷ ᠰᠢᠷᠤᠢ᠂ ᠤᠷᠴᠢᠨ ᠲᠤᠭᠤᠷᠢᠨ ᠤ ᠦᠨᠡᠯᠡᠯᠳᠡ᠂ ᠡᠨᠧᠷᠬᠢ ᠶᠢᠨ ᠦᠨᠡᠨᠯᠡᠯᠳᠡ ᠵᠡᠷᠬᠡ ᠪᠦᠳᠦᠬᠡᠨ ᠪᠠᠶᠢᠭᠤᠯᠤᠯᠳᠠ ᠶᠢᠨ ᠬᠢᠨᠠᠨ ᠵᠦᠪᠰᠢᠶᠡᠷᠡᠯ ᠤᠨ ᠭᠠᠷ ᠬᠦᠢᠴᠡᠳᠬᠡᠯ ᠤᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠵᠦ᠂ ᠲᠦᠷᠦᠯ ᠵᠦᠢᠯ ᠤᠨ ᠪᠠᠶᠢᠭᠤᠯᠤᠯᠳᠠ ᠶᠢᠨ ᠬᠦᠴᠢᠷ ᠲᠦᠪᠡᠭ ᠢ ᠠᠷᠢᠯᠭᠠᠵᠤ᠂ ᠲᠦᠷᠦᠯ ᠵᠦᠢᠯ ᠬᠢᠨᠠᠨ ᠵᠦᠪᠰᠢᠶᠡᠷᠡᠬᠦ ᠭᠤᠭᠴᠤᠭ᠎ᠠ᠂ ᠲᠦᠷᠢᠮᠵᠢᠭᠰᠡᠨ ᠬᠢᠨᠠᠨ ᠵᠦᠪᠰᠢᠶᠡᠷᠡᠯ ᠤᠨ ᠶᠠᠪᠤᠴᠠ ᠶᠢ ᠦᠨᠡᠨᠬᠦ ᠪᠠᠭᠤᠷᠠᠭᠤᠯᠵᠤ ᠂ ᠲᠦᠷᠦᠯ ᠵᠦᠢᠯ ᠢ ᠤᠷᠤᠨᠰᠢᠭᠤᠯᠬᠤ ᠦᠷ᠎ᠡ ᠪᠦᠳᠦᠮᠵᠢ ᠶᠢ ᠲᠡᠬᠡᠭᠰᠢᠯᠡᠬᠦᠯᠵᠦ᠂ ︽ᠠᠵᠤ ᠠᠬᠤᠶᠢᠯᠠᠯ ᠭᠠᠵᠠᠷ ᠰᠢᠷᠤᠢ ᠶᠢᠨ ᠵᠦᠪᠰᠢᠶᠡᠷᠡᠯ ᠤᠯᠪᠠᠯ ᠲᠠᠷᠤᠢ ᠠᠵᠢᠯ ᠡᠬᠢᠯᠡᠬᠦᠯᠬᠦ︾᠎ ᠶᠢ ᠪᠡᠶᠡᠯᠡᠬᠦᠯᠦᠨ᠎ᠡ᠃ ᠬᠤᠳᠠᠯᠳᠤᠭᠠᠨ ᠤ ᠤᠷᠴᠢᠨ ᠎ ᠢ ᠲᠠᠰᠤᠷᠠᠯᠳᠠ ᠦᠬᠡᠢ ᠰᠢᠯᠢᠳᠡᠭᠵᠢᠬᠦᠯᠦᠨ᠂ ︽ᠲᠠᠯᠪᠢᠵᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ︽ᠦᠷᠳᠡᠬᠡᠴᠢᠯᠡᠭᠰᠡᠨ︾ ᠮᠠᠶ᠋ᠢᠭ ᠤᠨ ᠦᠢᠯᠡᠴᠢᠯᠡᠭᠡ ᠶᠢ ᠲᠦᠷᠬᠡᠳᠬᠡᠨ ᠠᠬᠢᠭᠤᠯᠵᠤ᠂ ᠲᠦᠷᠦᠯ ᠵᠦᠢᠯ ᠢ ᠪᠦᠳᠦᠬᠡᠨ ᠪᠠᠶᠢᠭᠤᠯᠬᠤ ᠤᠬᠢ ᠰᠠᠶᠢᠨ ᠤᠷᠴᠢᠨ ᠎ ᠢ ᠴᠤᠭᠴᠠᠯᠠᠨ᠎ᠠ᠃ ᠲᠦᠷᠦᠯ ᠵᠦᠢᠯ ᠤᠨ ᠪᠠᠶᠢᠭᠤᠯᠤᠯᠳᠠ ᠶᠢ ᠲᠦᠷᠬᠡᠳᠬᠡᠬᠦ ᠶᠠᠪᠤᠴᠠ ᠳᠤ᠂ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ᠂ ᠲᠦᠷᠦᠯ ᠵᠦᠢᠯ ᠤᠨ ᠨᠦᠬᠡᠴᠡᠯᠡᠯᠳᠡ ᠵᠡᠷᠬᠡ ᠡᠯ᠎ᠡ ᠲᠦᠷᠦᠯ ᠤᠨ ᠠᠵᠢᠯ ᠢ ᠢᠳᠠᠪᠬᠢᠳᠠᠢ ᠬᠢᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠬᠦᠳᠡᠯᠬᠡᠭᠴᠢ ᠬᠦᠴᠦᠨ ᠢ ᠨᠡᠮᠡᠷᠢᠯᠡᠬᠦ ᠬᠡᠷᠡᠭᠳᠠᠢ ᠬᠡᠪᠡ᠃      ᠨᠢᠦ ᠵᠢᠶᠦ᠋ᠨ ᠶᠠᠨ ᠱᠠᠭᠠᠷᠳᠠᠬᠤ ᠳᠠᠭᠠᠨ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠦᠵᠢᠯ ᠤᠨ ᠠᠵᠢᠯᠯᠠᠭ᠎ᠠ ᠶᠢ ᠦᠷᠨᠢᠬᠦᠯᠵᠦ᠂ ᠬᠦᠷᠢᠶᠡᠯᠡᠩ ᠲᠤᠭᠤᠷᠢᠭ ᠪᠠ ᠦᠨᠳᠦᠰᠦᠨ ᠱᠠᠳᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ ᠰᠤᠷᠪᠤᠯᠵᠢᠯᠠᠭ᠎ᠠ  ᠬᠢᠵᠦ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠠᠶᠢᠭᠤᠯᠤᠯᠳᠠ ᠎ ᠳᠤ ᠤᠷᠤᠰᠢᠵᠤ ᠪᠠᠶᠢᠭ᠎ᠠ ᠪᠤᠳᠠᠳᠠᠢ ᠠᠰᠠᠭᠤᠳᠠᠯ ᠢ ᠰᠢᠢᠳᠪᠦᠷᠢᠯᠡᠨ᠎ᠡ᠃ ᠡᠯ᠎ᠡ ᠨᠡᠬᠡᠬᠡᠯᠳᠡ ᠶᠢᠨ ᠲᠤᠭᠤᠷᠢᠭ ︵ᠬᠦᠷᠢᠶᠡᠯᠡᠩ︶ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠠᠵᠤ ᠦᠢᠯᠡᠰ ᠤᠨ ᠬᠦᠭᠵᠢᠯᠳᠡ ᠎ ᠶᠢᠨ ᠲᠦᠯᠦᠪᠵᠢᠬᠦᠯᠬᠡ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠠᠵᠤ ᠦᠢᠯᠡᠰ ᠤᠨ ᠬᠦᠭᠵᠢᠯᠳᠡ ᠶᠢᠨ ᠵᠤᠭᠰᠤᠴᠠ ᠶᠢ ᠲᠤᠳᠤᠷᠬᠠᠶᠢᠯᠠᠨ᠂ ᠮᠦᠷᠳᠡᠨ ᠦᠢᠯᠡᠴᠢᠯᠡᠬᠦ ᠶᠢ ᠴᠢᠩᠭᠠᠳᠬᠠᠨ᠂ ᠠᠵᠢᠯ ᠤᠨ ᠬᠠᠮᠳᠤᠷᠠᠯᠴᠠᠭ᠎ᠠ ᠶᠢ ᠪᠦᠷᠢᠯᠳᠦᠬᠦᠯᠦᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠳᠤ ᠰᠢᠨ᠎ᠡ ᠨᠡᠩ ᠶᠡᠭᠡ ᠠᠮᠵᠢᠯᠳᠠ ᠤᠯᠬᠤ ᠎ ᠶᠢ ᠪᠠᠳᠤᠯᠠᠬᠤ ᠬᠡᠷᠡᠭᠳᠠᠢ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号