ᠬᠤᠸᠠ ᠷᠦᠢ ᠹᠧᠩ ᠠᠵᠠᠳᠠᠢ ᠡᠷᠡᠭᠦᠯᠵᠢᠯ ᠰᠤᠪᠢᠯᠠᠯᠲᠠ ᠶᠢᠨ ᠲᠦᠷᠦᠯ ᠵᠦᠢᠯ ᠤᠨ ᠬᠠᠷᠢᠭᠤᠴᠠᠯᠭᠠᠳᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2020/8/22
     4 ᠰᠠᠷ᠎ᠠ ᠶᠢᠨ 3᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠠᠵᠠᠳᠠᠢ ᠡᠷᠡᠭᠦᠯᠵᠢᠯ ᠰᠤᠪᠢᠯᠠᠯᠲᠠ ᠶᠢᠨ ᠲᠦᠷᠦᠯ ᠵᠦᠢᠯ ᠤᠨ ᠬᠠᠷᠢᠭᠤᠴᠠᠯᠭᠠᠳᠠᠨ ᠨᠠᠭᠤᠨᠪᠢᠯᠢᠭ᠌ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠵᠠᠳᠠᠢ  ᠡᠷᠡᠭᠦᠯᠵᠢᠯ ᠤᠨ ᠰᠤᠪᠢᠯᠠᠯᠲᠠ ᠶᠢᠨ ᠲᠦᠷᠦᠯ ᠵᠦᠢᠯ ᠤᠨ ᠲᠤᠬᠠᠢ ᠰᠠᠨᠠᠯ ᠢᠶᠠᠨ ᠰᠤᠯᠢᠯᠴᠠᠭ᠎ᠠ ᠬᠢᠪᠡ᠃
     ᠬᠤᠸᠠ ᠷᠦᠢ ᠹᠧᠩ ᠵᠢᠭᠠᠬᠤ ᠳᠠᠭᠠᠨ᠂ ᠡᠵᠡᠨ ᠬᠤᠷᠤᠭ᠎ᠠ ᠬᠤᠰᠢᠭᠤ ᠤᠬᠢ ᠰᠠᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠡᠷᠡᠭᠦᠯᠵᠢᠯ ᠰᠤᠪᠢᠯᠠᠯᠲᠠ᠂ ᠠᠮᠠᠷᠠᠯᠲᠠ᠂ ᠮᠣᠩᠭᠤᠯ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠰᠠᠭᠤᠷᠢ ᠪᠠ ᠨᠥᠬᠦᠴᠡᠯ ᠲᠠᠢ ᠪᠠᠶᠢᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠰᠢᠭᠲᠠᠶ ᠠᠵᠠ ᠲᠣᠬᠢᠶᠠᠯ ᠢ ᠠᠳᠬᠤᠵᠤ᠂ ᠮᠣᠩᠭᠤᠯ ᠡᠮᠨᠡᠯᠬᠡ ᠶᠢᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠨᠢᠭᠡᠳᠦᠯᠲᠡᠶ ᠲᠥᠯᠥᠪᠵᠢᠭᠦᠯᠦᠨ᠂ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠡᠬᠢ ᠪᠠᠶᠠᠯᠢᠭ ᠪᠠ ᠳᠠᠪᠠᠭᠤᠯᠢᠭ ᠢ ᠬᠦᠢᠴᠡᠳ ᠠᠭᠤᠳᠠᠯᠵᠤ᠂ ᠴᠢᠳᠠᠪᠤᠷᠢᠲᠠᠨ ᠬᠥᠮᠦᠵᠢᠭᠦᠯᠬᠦ᠂ ᠡᠷᠡᠭᠦᠯᠵᠢᠯ᠂ ᠠᠮᠢ ᠠᠬᠤᠶ ᠶᠢᠨ ᠡᠷᠡᠭᠦᠯ ᠮᠡᠨᠳᠦ ᠵᠢᠭᠤᠯᠴᠢᠯᠠᠯ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠨᠢᠭᠡ ᠴᠣᠭᠴᠠᠵᠢᠭᠤᠯᠤᠭᠰᠠᠨ ᠮᠤᠩᠭᠤᠯ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠲᠤᠭᠳᠠᠯᠴᠠᠭ᠎ᠠ ᠢ ᠪᠠᠶᠢᠭᠤᠯᠵᠤ᠂ ᠢᠯᠡ ᠲᠣᠳᠣ ᠦᠨᠳᠦᠰᠦᠳᠡᠨ ᠤ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠪᠥᠬᠦᠶ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠨᠡᠷᠡᠳᠦ ᠲᠡᠮᠳᠡᠭ ᠢ ᠪᠣᠶ ᠪᠣᠯᠭᠠᠬᠤ ᠶᠢᠨ ᠬᠠᠮᠲᠤ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠣᠶ ᠪᠤᠯᠭᠠᠨ᠂ ᠮᠠᠨ ᠤ ᠬᠤᠰᠢᠭᠤᠨ ᠤ ᠡᠷᠡᠭᠦᠯ ᠮᠡᠨᠳᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠬᠡᠪᠡ᠃      ᠬᠤᠸᠠ ᠷᠦᠢ ᠹᠧᠩ ᠴᠢᠬᠤᠯᠠᠴᠢᠯᠠᠬᠤ ᠳᠠᠭᠠᠨ᠂ ᠮᠣᠩᠭᠤᠯ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠠᠵᠢᠯ ᠦᠢᠯᠡᠰ ᠤᠨ ᠪᠣᠳᠠᠲᠤ ᠬᠡᠷᠡᠭᠴᠡᠭᠡ ᠳᠤ ᠨᠡᠶᠢᠴᠡᠵᠦ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯᠵᠢᠯ ᠤᠨ ᠰᠤᠪᠢᠯᠠᠯᠲᠠ ᠶᠢᠨ ᠲᠦᠷᠦᠯ ᠵᠦᠢᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠲᠡᠮᠵᠢᠨ ᠠᠬᠢᠭᠤᠯᠵᠤ᠂ ᠦᠢᠯᠡᠴᠢᠯᠡᠬᠡᠨ ᠤ ᠲᠤᠭᠳᠠᠯᠴᠠᠭ᠎ᠠ ᠪᠠᠨ ᠲᠡᠭᠦᠯᠳᠡᠷᠵᠢᠭᠦᠯᠵᠦ᠂ ᠵᠤᠭᠠᠴᠠᠭᠰᠠᠳ ᠢ ᠲᠠᠳᠠᠵᠤ ᠮᠠᠨ ᠤ ᠬᠤᠰᠢᠭᠤᠨ ᠳᠤ ᠡᠷᠡᠭᠦᠯᠵᠢᠯ ᠰᠤᠪᠢᠯᠠᠯᠲᠠ ᠠᠮᠠᠷᠠᠯᠲᠠ ᠬᠢᠯᠭᠡᠬᠦ ᠬᠡᠷᠡᠭᠳᠠᠢ᠃ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠲᠦᠯᠦᠪᠵᠢᠬᠦᠯᠦᠨ ᠭᠠᠵᠠᠷ ᠰᠣᠩᠭᠤᠬᠤ᠂ ᠰᠠᠭᠤᠷᠢ  ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠮᠣᠩᠭᠤᠯ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ ᠬᠡᠪᠡ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠳᠠᠯᠠᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠼᠠᠢ ᠢᠦᠶ ᠵᠢᠴᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号