ᠡᠵᠡᠨ ᠬᠤᠷᠤᠭ᠎ᠠ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ ᠶᠢ ᠡᠬᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2020/8/22
  ᠡᠵᠡᠨ ᠬᠤᠷᠤᠭ᠎ᠠ ᠬᠤᠰᠢᠭᠤᠨ ᠤ ᠶᠢᠰᠦᠳᠦᠭᠡᠷ ᠪᠠᠭ᠎ᠠ ᠰᠤᠷᠭᠠᠭᠤᠯᠢ ᠨᠢ ᠡᠵᠡᠨ ᠬᠤᠷᠤᠭ᠎ᠠ ᠬᠤᠰᠢᠭᠤᠨ ᠤ ᠱᠦᠢ ᠠᠨ ᠰᠢᠨ᠎ᠡ ᠬᠤᠳᠠ ᠶᠢᠨ ᠬᠠᠭᠠᠨ ᠵᠠᠮ ᠤᠨ ᠪᠠᠷᠠᠭᠤᠨ ᠬᠡᠰᠡᠭ᠂ ᠶᠢᠨ ᠬᠠᠢ ᠵᠠᠮ ᠤᠨ ᠵᠡᠭᠦᠨ ᠬᠡᠰᠡᠭ᠂ ᠶᠡᠭᠡ ᠨᠠᠭᠤᠷ ᠵᠠᠮ ᠤᠨ ᠡᠮᠦᠨ᠎ᠡ ᠬᠡᠰᠡᠭ᠂ ᠬᠤᠢ ᠮᠢᠨ ᠵᠠᠮ ᠤᠨ ᠬᠤᠶᠢᠲᠤ ᠬᠡᠰᠡᠭ ᠲᠤ ᠪᠠᠶᠢᠷᠢᠯᠠᠵᠤ ᠪᠤᠢ᠃ ᠢᠨᠵᠧᠨᠧᠷᠢᠩ ᠤᠨ ᠶᠡᠷᠦᠩᠬᠡᠶ ᠲᠠᠯᠠᠪᠠᠢ ᠨᠢ 42967.83 ᠲᠡᠭᠰᠢ ᠳᠥᠷᠪᠡᠯᠵᠢᠨ ᠮᠧᠲᠷ ︵ᠪᠠᠷᠤᠭ 64.4 ᠮᠦ︶ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 20083.06 ᠲᠡᠭᠰᠢ ᠳᠥᠷᠪᠡᠯᠵᠢᠨ ᠮᠧᠲᠷ ᠪᠣᠯᠤᠨ᠎ᠠ᠃ ᠵᠢᠭᠠᠨ ᠰᠤᠷᠭᠠᠬᠤ ᠠᠰᠠᠷ᠂ ᠮᠡᠳᠡᠭᠦᠯᠦᠯᠲᠡ ᠶᠢᠨ ᠲᠢᠩᠬᠢᠮ᠂ ᠪᠡᠶ᠎ᠡ ᠶᠢᠨ ᠲᠠᠮᠢᠷ ᠤᠨ ᠣᠷᠳᠣᠨ᠂ ᠬᠤᠭᠤᠯᠠᠨ ᠭᠡᠷ᠂ ᠡᠷᠡᠭᠲᠡᠶ ᠡᠮᠡᠭᠲᠡᠶ ᠰᠤᠷᠤᠭᠴᠢ ᠶᠢᠨ ᠪᠠᠶᠢᠷᠢ ᠵᠡᠷᠭᠡ ᠶᠢ ᠪᠠᠶᠢᠭᠤᠯᠤᠭᠰᠠᠨ ᠪᠠᠶᠢᠨ᠎ᠠ᠃
ᠵᠢᠭᠠᠨ ᠰᠤᠷᠭᠠᠯᠲᠠ ᠶᠢᠨ ᠠᠰᠠᠷ ᠲᠤ 24 ᠠᠩᠭᠢ ᠲᠠᠢ᠂ 1200 ᠬᠥᠮᠦᠨ ᠢ ᠪᠠᠭᠲᠠᠭᠠᠨ᠎ᠠᠮᠡᠳᠡᠭᠦᠯᠦᠯᠲᠡ ᠶᠢᠨ ᠲᠢᠩᠬᠢᠮ 350 ᠬᠥᠮᠦᠨ ᠢ ᠬᠠᠮᠲᠤ ᠳᠤᠨᠢ ᠪᠠᠭᠳᠠᠭᠠᠨ᠎ᠠᠰᠤᠷᠤᠭᠴᠢ ᠶᠢᠨ ᠪᠠᠶᠢᠷᠢ ᠶᠢᠨ ᠭᠡᠷ ᠨᠡᠶᠢᠲᠡ 94 ᠲᠠᠰᠤᠯᠭ᠎ᠠ ᠪᠠᠶᠢᠨ᠎ᠠᠬᠤᠭᠤᠯᠠᠨ ᠭᠡᠷ ᠲᠤ 722 ᠬᠦᠮᠦᠨ ᠬᠤᠭᠤᠯᠠ ᠢᠳᠡᠵᠦ ᠪᠤᠯᠤᠨ᠎ᠠᠰᠤᠷᠭᠠᠭᠤᠯᠢ ᠶᠢᠨ ᠲᠤᠳᠤᠷ᠎ᠠ 90 ᠲᠡᠷᠬᠡᠨ ᠵᠤᠭᠰᠤᠭᠠᠯ ᠲᠠᠢᠰᠤᠷᠭᠠᠭᠤᠯᠢ ᠶᠢᠨ ᠭᠠᠳᠠᠨ᠎ᠠ 284 ᠤᠯᠠᠨ ᠨᠡᠶᠢᠲᠡ ᠶᠢᠨ ᠲᠡᠷᠬᠡᠨ ᠵᠤᠭᠰᠤᠭᠠᠯ ᠲᠠᠢ
ᠣᠳᠣᠬᠠᠨ ᠳᠤ ᠲᠥᠷᠥᠯ ᠵᠦᠢᠯ ᠲᠣᠭᠲᠠᠭᠠᠬᠤ᠂ ᠠᠩᠬ᠎ᠠ ᠪᠠᠶᠢᠭᠤᠯᠬᠤ᠂ ᠭᠠᠵᠠᠷ ᠰᠣᠩᠭᠤᠬᠤ᠂ ᠬᠡᠷᠡᠭᠯᠡᠬᠡᠨ ᠤ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠣᠶ ᠶᠢ ᠮᠡᠳᠡᠭᠦᠯᠦᠨ ᠵᠦᠪᠰᠢᠶᠡᠷᠡᠬᠦᠯᠬᠦ ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠭᠠᠷ ᠬᠦᠴᠡᠳᠬᠡᠯ ᠢ ᠨᠢᠭᠡᠨᠲᠡ ᠪᠡᠶᠡᠯᠡᠭᠦᠯᠪᠡ︔ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠶᠠᠭ ᠬᠦᠢᠴᠡᠳᠬᠡᠵᠦ ᠪᠠᠶᠢᠨ᠎ᠠ︔ ᠬᠡᠷᠡᠮ ᠤᠨ ᠰᠠᠭᠤᠷᠢ᠂ ᠲᠠᠯᠠᠪᠤᠷ ᠢ ᠲᠡᠭᠰᠢᠯᠡᠬᠦ ᠠᠵᠢᠯ ᠢ ᠨᠢᠭᠡᠨᠲᠡ ᠪᠡᠶᠡᠯᠡᠭᠦᠯᠪᠡ︔ ᠤᠳᠤ ᠶᠠᠭ ᠠᠬᠤᠢ ᠲᠠᠯᠠᠪᠠᠢ ᠳᠤ ᠤᠰᠤ ᠴᠠᠬᠢᠯᠭᠠᠨ ᠨᠡᠪᠲᠡᠷᠡᠭᠦᠯᠬᠦ ᠠᠵᠢᠯ ᠢ ᠬᠢᠵᠦ  ᠪᠠᠶᠢᠨ᠎ᠠ︔ ᠪᠠᠷᠤᠭᠴᠠᠭᠠᠯᠠᠪᠠᠯ 4 ᠰᠠᠷ᠎ᠠ ᠶᠢᠨ ᠳᠤᠮᠳᠠᠴᠢ ᠪᠠᠷ ᠪᠥᠬᠦ ᠲᠠᠯ᠎ᠠ ᠪᠠᠷ ᠠᠵᠢᠯ ᠡᠬᠢᠯᠡᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号