ᠬᠤᠸᠠ ᠷᠦᠢ ᠹᠧᠩ ᠡᠵᠢ ᠴᠡᠴᠡᠷᠯᠢᠭ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2020/8/22
     4 ᠰᠠᠷ᠎ᠠ ᠶᠢᠨ 8᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠬᠤᠷᠠᠯ ᠬᠤᠷᠠᠯᠳᠤᠭᠤᠯᠵᠤ᠂ ᠡᠵᠢ ᠴᠡᠴᠡᠷᠯᠢᠭ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠲᠤ ᠲᠤᠰᠬᠠᠢ ᠰᠡᠳᠤᠪᠳᠤ ᠲᠤᠬᠢᠷᠠᠭᠤᠯᠭ᠎ᠠ ᠬᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠣᠣ ᠸᠧᠶ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠵᠢᠴᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂  ᠴᠡᠴᠡᠷᠯᠢᠭᠵᠢᠬᠦᠯᠬᠡ ᠶᠢᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠡᠵᠢ ᠴᠡᠴᠡᠷᠯᠢᠭ ᠤᠨ ᠦᠬᠡᠷᠡᠴᠢᠯᠡᠨ ᠰᠠᠶᠢᠵᠢᠷᠠᠭᠤᠯᠬᠤ ᠲᠥᠰᠦᠯ ᠤᠨ ᠵᠢᠷᠤᠭ ᠲᠥᠯᠥᠪᠯᠡᠭᠡ ᠶᠢᠨ ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠤ ᠳᠠᠷᠠᠭ᠎ᠠ᠂ ᠬᠤᠸᠠ ᠷᠦᠢ ᠹᠧᠩ ᠵᠢᠭᠠᠵᠤ ᠭᠠᠷᠭᠠᠬᠤ ᠳᠠᠭᠠᠨ᠂ ᠡᠵᠢ ᠴᠡᠴᠡᠷᠯᠢᠭ ᠎ ᠤᠨ ᠲᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠪᠣᠯ ᠴᠢᠨᠠᠷ ᠰᠠᠶᠢᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠎ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ᠂ ᠮᠦᠨ ᠴᠤ ᠥᠷᠭᠡᠨ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠎ ᠢ ᠨᠡᠮᠡᠭᠳᠡᠭᠦᠯᠬᠦ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠨᠠᠷᠢᠨ ᠬᠢᠨᠠᠮᠠᠭᠠᠢ ᠲᠦᠯᠦᠪᠵᠢᠬᠦᠯᠦᠨ ᠲᠥᠯᠥᠪᠯᠡᠵᠦ᠂ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠬᠦ ᠬᠡᠷᠡᠭᠲᠡᠶ ᠬᠡᠪᠡ᠃      ᠬᠤᠸᠠ ᠷᠦᠢ ᠹᠧᠩ ᠴᠢᠬᠤᠯᠠᠴᠢᠯᠠᠬᠤ ᠳᠠᠭᠠᠨ᠂ ᠬᠤᠯᠠ ᠶᠢᠨ ᠬᠠᠷᠠᠴᠠ ᠲᠠᠢ ᠪᠠᠷ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠳᠡᠭᠡᠳᠦ ᠲᠡᠰ ᠤᠨ ᠪᠠᠷᠢᠮᠵᠢᠶ᠎ᠠ ᠪᠠᠷ ᠬᠦᠳᠦᠯᠦᠨ ᠲᠠᠭᠠᠭᠤᠯᠵᠤ᠂ ᠪᠦᠬᠦᠯᠢ ᠴᠣᠭᠴᠠ ᠪᠠᠷ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠣᠳᠣᠨ ᠢᠨᠵᠧᠨᠧᠷᠢᠩ ᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ ᠭᠡᠪᠠ᠃ ᠭᠤᠤᠯ ᠰᠡᠳᠦᠪ ᠢᠶᠠᠨ ᠳᠣᠪᠤᠶᠢᠯᠭᠠᠨ᠂ ᠰᠣᠶᠣᠯ ᠢᠶᠠᠨ ᠬᠦᠢᠴᠡᠳ ᠢᠯᠡᠷᠡᠭᠦᠯᠵᠦ᠂ ᠡᠵᠢ ᠴᠡᠴᠡᠷᠯᠢᠭ ᠢᠶᠠᠨ ᠥᠨᠳᠥᠷ ᠴᠢᠨᠠᠷ ᠴᠢᠨᠰᠠᠭ᠎ᠠ ᠲᠠᠢ᠂ ᠥᠪᠡᠷᠮᠢᠴᠡ ᠣᠨᠴᠠᠯᠢᠭ ᠲᠠᠢ ᠮᠦᠷᠳᠡᠬᠡᠨ ᠠᠮᠢ ᠠᠬᠤᠢ ᠶᠢᠨ ᠴᠢᠳᠠᠮᠵᠢ ᠪᠠᠨ ᠪᠠᠳᠠᠷᠠᠭᠤᠯᠬᠤ᠂ ᠵᠢᠭᠤᠯᠴᠢᠯᠠᠯ᠂ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ᠬᠤᠲᠠ ᠶᠢᠨ ᠴᠡᠴᠡᠷᠯᠢᠭ ᠪᠣᠯᠭᠠᠬᠤ ᠬᠡᠷᠡᠭᠲᠡᠶ ᠬᠡᠪᠡ᠃ ︽ᠵᠢᠷᠤᠭ ᠢᠶᠠᠷ ᠬᠥᠲᠥᠯᠪᠦᠷᠢ ᠪᠣᠯᠭᠠᠬᠤ᠂ ᠠᠯᠬᠤᠮ ᠬᠤᠪᠢᠶᠠᠨ ᠬᠡᠷᠡᠭᠵᠢᠭᠦᠯᠬᠦ᠂ ᠲᠤᠬᠠᠶ ᠶᠢᠨ ᠭᠠᠵᠠᠷ ᠲᠤᠨᠢ ᠲᠣᠬᠢᠷᠠᠭᠤᠯᠬᠤ᠂ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ︾ ᠪᠦᠬᠦᠯᠢ ᠴᠣᠭᠴᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠬᠡ ᠳᠤᠨᠢ ᠬᠡᠷᠡᠭᠵᠢᠬᠦᠯᠵᠦ᠂ ᠡᠵᠢ ᠴᠡᠴᠡᠷᠯᠢᠭ ᠤᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号