| 8 ᠰᠠᠷ᠎ᠠ ᠶᠢᠨ 3 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠵᠠᠶᠠᠭ᠎ᠠ | ᠠᠯᠳᠠᠨᠰᠢᠷᠡᠭᠡ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠤᠪᠢᠶᠠᠷᠢ ᠠᠩᠭᠢ ᠶᠢ ᠲᠣᠬᠤᠨᠢᠭᠤᠯᠵᠤ᠂ ᠥᠷᠭᠡᠨ ᠣᠯᠠᠨ ᠡᠷᠦᠬᠡ ᠶᠢᠨ ᠴᠡᠷᠢᠭ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠵᠥᠩᠨᠡᠯ ᠲᠡᠪᠰᠢᠬᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ | ᠬᠦᠷᠭᠡᠵᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠭᠤᠣ ᠶᠦᠩ ᠯᠢᠶᠠᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ | ᠳᠠᠷᠤᠭ᠎ᠠ ᠮᠡᠨᠳᠦᠪᠠᠶᠠᠷ ᠬᠠᠮᠲᠤ ᠪᠠᠷ ᠲᠣᠬᠤᠨᠢᠭᠤᠯᠪᠠ᠃ | | | ᠠᠯᠳᠠᠨᠰᠢᠷᠡᠭᠡ ᠪᠠᠯᠭᠠᠰᠤ᠂ ᠡᠵᠡᠨ ᠬᠤᠷᠤᠭ᠎ᠠ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠤᠪᠢᠶᠠᠷᠢ ᠠᠩᠭᠢ ᠳᠤ᠂ ᠪᠠᠲᠤᠵᠠᠶᠠᠭ᠎ᠠ ᠳᠠᠶᠢᠨ ᠤ ᠪᠡᠯᠡᠳᠬᠡᠯ ᠡᠳ᠋ ᠪᠣᠳᠠᠰ ᠪᠠᠭᠠᠵᠢ ᠬᠡᠷᠡᠭᠰᠡᠯ ᠤᠨ | ᠬᠥᠮᠥᠷᠭᠡ᠂ ᠠᠵᠢᠯᠯᠠᠭᠠᠨ ᠤ ᠲᠠᠰᠤᠭ ᠵᠡᠷᠭᠡ ᠭᠠᠵᠠᠷ ᠢ ᠲᠣᠭᠤᠷᠢᠨ ᠦᠵᠡᠵᠦ᠂ ᠡᠷᠦᠬᠡ ᠶᠢᠨ ᠴᠡᠷᠢᠭ ᠲᠠᠢ | ᠳᠣᠲᠣᠨᠣ ᠪᠠᠷ ᠶᠠᠷᠢᠯᠴᠠᠵᠠᠶ᠃ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ | ᠲᠣᠨᠤᠭ ᠲᠥᠬᠦᠭᠡᠷᠦᠮᠵᠢ᠂ ᠡᠳ᠋ ᠪᠣᠳᠠᠰ ᠨᠥᠭᠡᠴᠡᠯᠡᠬᠦ ᠪᠠ ᠡᠷᠦᠬᠡ ᠶᠢᠨ ᠴᠡᠷᠢᠭ ᠤᠨ ᠠᠮᠢᠳᠤᠷᠠᠯ᠂ ᠪᠣᠯᠪᠠᠰᠤᠷᠠᠯ ᠤᠨ | ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠷᠦᠬᠡ ᠶᠢᠨ | ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠭᠠᠷᠭᠠᠭᠰᠠᠨ ᠴᠢᠬᠤᠯᠠ ᠬᠤᠪᠢ ᠨᠡᠮᠡᠷᠢ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ | ᠪᠠᠲᠤᠵᠠᠶᠠᠭ᠎ᠠ ᠴᠢᠬᠤᠯᠠᠴᠢᠯᠠᠭᠰᠠᠨ ᠨᠢ᠂ ᠮᠠᠨ ᠤ ᠬᠤᠰᠢᠭᠤ ᠴᠡᠷᠢᠭ ᠢ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠤᠯᠠᠮᠵᠢᠯᠠᠯ ᠲᠠᠢ᠂ ᠡᠷᠦᠬᠡ ᠶᠢᠨ ᠴᠡᠷᠢᠭ ᠤᠨ | ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠦᠷᠭᠦᠯᠵᠢᠯᠡᠨ ᠰᠢᠯᠢᠳᠡᠭ ᠰᠤᠷᠲᠠᠯ ᠢᠶᠠᠨ ᠪᠠᠲᠤᠯᠠᠬᠤ ᠶᠢ | ᠬᠦᠰᠡᠵᠦ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ | ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠴᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ᠂ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ | ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ |