ᠲᠡᠯᠡᠬᠡᠢ ᠶᠢᠨ ᠠᠪᠤᠷᠭᠤ ᠬᠦᠮᠦᠨ ᠴᠢᠩᠭᠢᠰ ᠬᠠᠭᠠᠨ
ᠨᠡᠶᠢᠲᠡᠯᠡᠭᠰᠡᠨ ᠴᠠᠭ᠄
2020/8/23
 ᠲᠡᠯᠡᠬᠡᠢ ᠶᠢᠨ ᠠᠪᠤᠷᠭᠤ ᠬᠦᠮᠦᠨ ᠴᠢᠩᠭᠢᠰ ᠬᠠᠭᠠᠨ      ᠨᠢᠬᠡ᠂ ᠬᠦᠴᠦᠷᠬᠡᠭᠵᠢᠨ ᠮᠠᠨᠳᠤᠭᠰᠠᠨ ᠲᠡᠮᠦᠵᠢᠨ᠃ ᠴᠢᠩᠭᠢᠰ ᠬᠠᠭᠠᠨ ᠤ ᠨᠡᠷ᠎ᠡ ᠲᠡᠮᠦᠵᠢᠨ᠂ 1162 ᠤᠨ ᠎ ᠤ 4 ᠰᠠᠷ᠎ᠠ ᠳᠤ ᠮᠤᠩᠭᠤᠯ ᠤᠨ ᠦᠨᠳᠦᠷᠯᠢᠭ ᠲᠠᠬᠢ ᠪᠤᠷᠬᠠᠨ ᠬᠠᠯᠳᠤᠨ ᠠᠭᠤᠯᠠᠨ ᠤ ᠡᠩᠬᠡᠷ ᠤᠨ ᠤᠨᠤᠨ ᠮᠦᠷᠡᠨ ᠎ ᠳᠠᠬᠢ ᠲᠡᠯᠢᠬᠦᠨ ᠪᠤᠯᠳᠤᠭ ᠬᠡᠳᠡᠭ ᠭᠠᠵᠠᠷ ᠲᠤ ᠮᠤᠩᠭᠤᠯ ᠤᠭᠰᠠᠭ᠎ᠠ ᠬᠢᠶᠠᠳ ᠶᠠᠰᠤᠳᠠᠨ ᠪᠤᠷᠵᠢᠬᠢᠨ ᠤᠪᠤᠭ ᠤᠨ ᠠᠬᠠᠯᠠᠭᠴᠢ ᠶᠢᠰᠦᠬᠡᠢ ᠪᠠᠭᠠᠳᠤᠷ ᠤᠨ ᠬᠡᠷ ᠲᠤ ᠤᠤᠭᠠᠨ ᠬᠦᠦ ᠨᠢ ᠪᠤᠯᠵᠤ ᠵᠠᠶᠠᠭᠠᠵᠠᠢ᠃ ᠲᠡᠮᠦᠵᠢᠨ ᠢ ᠮᠡᠨᠳᠦᠯᠡᠭᠰᠡᠨ ᠡᠳᠦᠷ ᠶᠢᠰᠦᠬᠡᠢ ᠪᠠᠭᠠᠳᠤᠷ ᠲᠡᠬᠦᠨ ᠤ ᠬᠠᠭᠤᠴᠢᠨ ᠦᠰᠢᠶᠡᠳᠡᠨ ᠲᠠᠲ᠋ᠠᠷ ᠠᠶᠢᠮᠠᠭ ᠤᠨ ᠲᠠᠮᠦᠵᠢᠨ ᠬᠡᠭᠴᠢ ᠶᠢ ᠤᠯᠵᠠᠯᠠᠵᠤ᠂ ᠲᠠᠶᠢᠨ ᠠᠴᠠ ᠪᠤᠴᠠᠵᠤ ᠢᠷᠡᠬᠦ ᠳᠡᠭᠡᠨ ᠲᠤᠬᠢᠶᠠᠯᠳᠤᠭᠰᠠᠨ ᠤ ᠤᠴᠢᠷ ᠠᠴᠠ ᠪᠠᠶᠢᠯᠳᠤᠭᠠᠨ ᠤ ᠢᠯᠡᠯᠳᠡ ᠎ ᠪᠠᠨ ᠲᠤᠷᠠᠰᠬᠠᠬᠤ ᠶᠢᠨ ᠲᠦᠯᠦᠬᠡ ᠤᠤᠭᠠᠨ ᠬᠦᠦ ᠳᠡᠭᠡᠨ ᠲᠡᠮᠦᠵᠢᠨ ᠬᠡᠮᠡᠬᠦ ᠨᠡᠷ᠎ᠡ ᠬᠠᠶᠢᠷᠠᠯᠠᠭᠰᠠᠨ ᠪᠠᠶᠢᠨ᠎ᠠ᠃      ᠴᠢᠩᠭᠢᠰ ᠬᠠᠭᠠᠨ ᠪᠤᠯ ᠨᠡᠶᠢᠳᠡ ᠶᠢᠨ ᠤᠨ ᠲᠤᠭᠠᠯᠠᠯ ᠤᠨ 1162 ᠤᠨ ᠠᠴᠠ 1227 ᠤᠨ ᠬᠦᠷᠳᠡᠯᠡᠬᠢ ᠬᠤᠭᠤᠴᠠᠭᠠᠨ ᠳᠤ ᠠᠮᠢᠳᠤᠷᠠᠵᠤ ᠪᠠᠶᠢᠭᠰᠠᠨ ᠮᠤᠩᠭᠤᠯ ᠬᠦᠮᠦᠨ᠂ ᠦᠨᠳᠦᠰᠦᠳᠡᠨ ᠤ ᠰᠢᠯᠭᠠᠷᠠᠭᠰᠠᠨ ᠤᠯᠤᠰ ᠲᠦᠷᠦ ᠎ ᠶᠢᠨ ᠵᠢᠳᠬᠦᠯᠳᠡᠨ᠂ ᠴᠡᠷᠢᠭ ᠤᠨ ᠤᠬᠠᠭᠠᠨ ᠤ ᠡᠷᠳᠡᠮᠳᠡᠨ᠂ ᠦᠵᠡᠯ ᠰᠠᠨᠠᠭᠠᠨ ᠤ ᠪᠤᠳᠤᠯᠭᠠᠳᠠᠨ ᠮᠦᠨ᠃ ᠲᠡᠷᠡ 1180 ᠤᠨ ᠳᠤ 27 ᠨᠠᠰᠤᠳᠠᠢ ᠳᠠᠭᠠᠨ ᠲᠤᠬᠠᠢ ᠶᠢᠨ ᠦᠶ᠎ᠡ ᠶᠢᠨ ᠮᠤᠩᠭᠤᠯ ᠠᠶᠢᠮᠠᠭ ᠤᠳ ᠤᠨ ᠲᠦᠷᠦᠬᠦᠦ ᠪᠠᠷ ᠰᠤᠩᠭᠤᠭᠳᠠᠵᠤ᠂ 1206 ᠤᠨ ᠳᠤ 44 ᠨᠠᠰᠤᠳᠠᠢ ᠳᠠᠭᠠᠨ ᠮᠤᠩᠭᠤᠯ ᠢ ᠨᠢᠬᠡᠳᠬᠡᠵᠦ᠂ ᠶᠡᠭᠡ ᠮᠤᠩᠭᠤᠯ ᠬᠠᠭᠠᠨᠳᠤ ᠤᠯᠤᠰ ᠢ ᠪᠠᠶᠢᠭᠤᠯᠤᠭᠠᠳ᠂ ᠴᠢᠩᠭᠢᠰ ᠬᠠᠭᠠᠨ ᠬᠡᠳᠡᠭ ᠴᠤᠯᠠ ᠡᠷᠬᠦᠮᠵᠢᠯᠡᠭᠳᠡᠵᠦ᠂ ᠤᠯᠤᠰ ᠤᠨ ᠴᠤᠯᠠ ᠪᠠᠨ ᠶᠡᠭᠡ ᠮᠤᠩᠭᠤᠯ ᠬᠠᠭᠠᠨᠳᠤ ᠤᠯᠤᠰ ᠬᠡᠵᠦ ᠨᠡᠷᠡᠶᠢᠳᠦᠭᠰᠡᠨ ᠪᠠᠶᠢᠨ᠎ᠠ᠃ ᠴᠢᠩᠬᠢᠰ ᠬᠡᠳᠡᠭ ᠪᠤᠯ ᠬᠠᠳᠠᠭᠤ ᠪᠦᠬᠡ ᠬᠡᠰᠡᠨ ᠤᠳᠬ᠎ᠠ ᠲᠠᠢ᠂ ᠬᠦᠮᠦᠨ ᠳᠤ ᠬᠡᠷᠡᠭᠯᠡᠪᠡᠯ ᠠᠪᠤᠷᠭᠤ ᠬᠦᠴᠦᠳᠦ ᠬᠡᠰᠡᠨ ᠤᠳᠬ᠎ᠠ ᠲᠠᠢ ᠪᠤᠯᠤᠨ᠎ᠠ᠃     12 ᠳ᠋ᠣᠭᠠᠷ ᠵᠠᠭᠤᠨ ᠤ ᠰᠡᠬᠦᠯᠴᠢ ᠶᠢᠨ ᠦᠶ᠎ᠡ᠂ 13 ᠳ᠋ᠣᠭᠠᠷ ᠵᠠᠭᠤᠨ ᠤ ᠡᠬᠢᠨ ᠪᠠᠷ ᠮᠤᠩᠭᠤᠯ ᠤᠨ ᠦᠨᠳᠦᠷᠯᠢᠭ ᠲᠠᠬᠢ ᠵᠠᠭᠤ ᠰᠢᠬᠠᠮ ᠤᠪᠤᠭ ᠠᠶᠢᠮᠠᠭ ᠤᠨ ᠬᠢᠨ ᠬᠠᠷᠢᠯᠴᠠᠨ ᠲᠠᠶᠢᠨ ᠪᠠᠶᠢᠯᠳᠤᠭᠠᠨ ᠬᠢᠵᠦ ᠨᠤᠳᠤᠭ ᠲᠡᠪᠢᠰᠬᠡᠷ ᠪᠤᠯᠢᠶᠠᠯᠳᠤᠨ ᠲᠡᠮᠡᠴᠡᠵᠦ ᠪᠠᠶᠢᠪᠠ᠃ ᠮᠤᠩᠭᠤᠯ ᠤᠨ ᠨᠢᠭᠤᠴᠠ ᠲᠤᠪᠴᠢᠶᠠᠨ ᠳᠤ ᠲᠤᠬᠠᠢ ᠶᠢᠨ ᠦᠶ᠎ᠡ ᠶᠢᠨ ᠪᠠᠶᠢᠳᠠᠯ ᠢ                ᠤᠳᠤᠳᠠᠢ ᠲᠡᠭᠷᠢ ᠤᠷᠴᠢᠵᠦ                ᠤᠯᠠᠨ ᠤᠯᠤᠰ ᠪᠠᠶᠢᠯᠳᠤᠵᠤ                ᠤᠷᠤᠨ ᠳᠠᠭᠠᠨ ᠬᠡᠪᠳᠡᠬᠦ ᠵᠠᠪ ᠦᠬᠡᠢ                       ᠤᠯᠵᠠᠯᠠᠨ ᠪᠤᠯᠢᠶᠠᠯᠳᠤᠵᠤ ᠪᠠᠶᠢᠪᠠ                       ᠬᠦᠷᠦᠰᠦᠳᠦ ᠲᠡᠯᠡᠬᠡᠢ ᠬᠦᠷᠪᠡᠵᠦ                       ᠬᠦᠪᠴᠢᠨ ᠤᠯᠤᠰ ᠬᠢᠮᠦᠷᠠᠯᠳᠤᠵᠤ                       ᠬᠦᠨᠵᠢᠯᠡ ᠳᠡᠭᠡᠨ ᠤᠨᠳᠠᠬᠤ ᠵᠠᠪ ᠦᠬᠡᠢ                       ᠬᠦᠨᠦᠬᠡᠯᠳᠦᠨ ᠲᠡᠮᠡᠴᠡᠵᠦ ᠪᠠᠶᠢᠪᠠ ᠬᠡᠵᠦ ᠵᠦᠢᠷᠯᠡᠭᠰᠡᠨ ᠪᠠᠶᠢᠵᠠᠢ᠃      ᠴᠢᠩᠭᠢᠰ ᠬᠠᠭᠠᠨ ᠪᠤᠯ 13 ᠳ᠋ᠣᠭᠠᠷ ᠵᠠᠭᠤᠨ ᠤ ᠡᠬᠢᠨ ᠳᠤ ᠮᠠᠨᠳᠤᠨ ᠭᠠᠷᠤᠭᠰᠠᠨ ᠮᠤᠩᠭᠤᠯ ᠤᠨ ᠲᠡᠤᠬᠡᠨ ᠳᠤ ᠪᠠᠯᠠᠷᠠᠰᠢ ᠦᠬᠡᠢ ᠠᠤᠭ᠎ᠠ ᠶᠡᠭᠡ ᠭᠠᠪᠢᠶ᠎ᠠ ᠵᠢᠳᠬᠦᠯ ᠭᠠᠷᠭᠠᠭᠰᠠᠨ ᠮᠤᠩᠭᠤᠯ ᠦᠨᠳᠦᠰᠦᠳᠡᠨ ᠤ ᠠᠭᠤᠤ ᠶᠡᠭᠡ ᠲᠠᠶᠢᠴᠢᠨ ᠪᠠᠭᠠᠳᠤᠷ ᠬᠦᠮᠦᠨ ᠮᠦᠨ᠃ ᠴᠢᠩᠭᠢᠰ ᠬᠠᠭᠠᠨ ᠤ ᠨᠢᠬᠡᠨ ᠨᠠᠰᠤ ᠪᠤᠯ ᠠᠭᠳᠠ ᠶᠢᠨ ᠨᠢᠷᠤᠭᠤᠨ ᠲᠡᠬᠡᠷ᠎ᠡ ᠠᠶᠠᠯᠠᠨ ᠪᠠᠶᠢᠯᠳᠤᠵᠤ᠂ ᠪᠤᠭᠤᠨᠢ ᠵᠢᠯᠤᠭᠤ ᠪᠤᠰᠤᠭ᠎ᠠ ᠲᠦᠷᠦᠬᠡ ᠪᠠᠷ ᠪᠠᠭᠠᠳᠤᠷᠯᠠᠨ ᠲᠡᠮᠡᠴᠡᠭᠰᠡᠨ ᠨᠢᠬᠡᠨ ᠨᠠᠰᠤᠨ ᠮᠦᠨ ᠃ ᠴᠢᠩᠭᠢᠰ ᠬᠠᠭᠠᠨ ᠪᠤᠯ ᠲᠤᠮᠳᠠᠳᠤ ᠤᠯᠤᠰ ᠤᠨ ᠲᠡᠤᠬᠡ ᠪᠤᠯᠤᠨ ᠲᠡᠯᠡᠬᠡᠢ ᠶᠢᠨ ᠲᠡᠤᠬᠡᠨ ᠳᠤ ᠠᠯᠳᠠᠷ ᠴᠤᠤᠳᠠᠢ ᠠᠭᠤᠤ ᠶᠡᠭᠡ ᠲᠡᠤᠬᠡᠳᠦ ᠬᠦᠮᠦᠨ ᠪᠤᠯᠬᠤ ᠶᠤᠮ᠃ ᠲᠡᠬᠦᠨ ᠤ ᠨᠠᠰᠤᠨ ᠲᠤᠷᠰᠢᠬᠢ ᠭᠠᠪᠢᠶᠠᠳᠤ ᠦᠢᠯᠡᠰ ᠨᠢ ᠮᠤᠩᠭᠤᠯ ᠦᠨᠳᠦᠰᠦᠳᠡᠨ ᠤ ᠬᠦᠭᠵᠢᠨ ᠴᠡᠴᠡᠭᠯᠡᠯᠳᠡ ᠪᠤᠯᠤᠨ ᠲᠤᠮᠳᠠᠳᠤ ᠤᠯᠤᠰ ᠵᠢᠴᠢ ᠲᠡᠯᠡᠬᠡᠢ ᠶᠢᠨ ᠲᠡᠤᠬᠡᠨ ᠬᠦᠭᠵᠢᠯᠳᠡ ᠎ ᠳᠤ ᠪᠠᠯᠠᠷᠠᠰᠢ ᠦᠬᠡᠢ ᠤᠨᠴᠠᠭᠠᠢ ᠭᠠᠪᠢᠶ᠎ᠠ ᠵᠢᠳᠬᠦᠯ ᠦᠵᠡᠬᠦᠯᠦᠭᠰᠡᠨ ᠪᠠᠶᠢᠳᠠᠭ᠃ ᠴᠢᠩᠭᠢᠰ ᠬᠠᠭᠠᠨ ᠤ ᠲᠤᠰ ᠪᠡᠶ᠎ᠡ ᠎ ᠨᠢ ᠬᠡᠳᠦᠶᠢᠪᠡᠷ ᠨᠤᠮ ᠪᠢᠴᠢᠭ ᠦᠵᠡᠭᠰᠡᠨ ᠦᠬᠡᠢ ᠪᠤᠯᠪᠠᠴᠤ᠂ ᠲᠡᠷᠡ ᠡᠷᠳᠡᠨ ᠤ ᠲᠡᠤᠬᠡ ᠪᠠᠷ ᠡᠰᠢ ᠲᠠᠭᠤᠷᠢᠶᠠᠯ ᠪᠤᠯᠭᠠᠵᠤ᠂ ᠡᠪᠦᠬᠡᠳ ᠶᠡᠬᠡᠰ ᠤᠨ ᠦᠬᠡ ᠪᠠᠷ ᠰᠤᠷᠭᠠᠮᠵᠢ ᠬᠢᠵᠦ᠂ ᠦᠢᠯᠡᠳᠦᠯᠬᠡ ᠶᠢᠨ ᠬᠦᠴᠦᠨ ᠢᠶᠠᠷ ᠦᠢᠯᠡᠰ ᠢᠶᠠᠨ ᠪᠦᠳᠦᠬᠡᠬᠦ ᠰᠠᠭᠤᠷᠢ ᠲᠠᠯᠪᠢᠵᠤ᠂ ᠦᠪᠡᠷ ᠤᠨ ᠪᠡᠶ᠎ᠡ ᠪᠠᠷ ᠰᠤᠷᠬᠤ ᠶᠢ ᠴᠢᠬᠤᠯᠠᠴᠢᠯᠠᠨ᠂ ᠤᠬᠠᠵᠤ ᠮᠡᠳᠡᠭᠰᠡᠨ ᠵᠦᠢᠯ ᠎ ᠢᠶᠠᠨ ᠳ᠋ᠦᠩᠨᠡᠬᠦ ᠶᠢ ᠬᠦᠨᠳᠦᠳᠬᠡᠨ ᠦᠵᠡᠳᠡᠭ ᠪᠠᠶᠢᠵᠠᠢ᠃       ᠴᠢᠩᠭᠢᠰ ᠬᠠᠭᠠᠨ ᠨᠢᠬᠡᠨ ᠨᠠᠰᠤᠨ ᠳᠠᠭᠠᠨ ᠰᠤᠷᠬᠤ ᠶᠢ ᠡᠷᠬᠢᠮᠯᠡᠵᠦ᠂ ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠵᠤ᠂ ᠦᠢᠯᠡᠳᠦᠯᠬᠡ ᠶᠢ ᠬᠦᠨᠳᠦᠳᠬᠡᠨ᠂ ᠦᠵᠡᠯ ᠲᠠᠨᠢᠯᠳᠠ ᠪᠠᠨ ᠲᠠᠰᠤᠷᠠᠯᠳᠠ ᠦᠬᠡᠢ ᠲᠡᠬᠡᠭᠰᠢᠯᠡᠬᠦᠯᠵᠦ᠂ ᠠᠮᠵᠢᠯᠳᠠ ᠪᠦᠳᠦᠬᠡᠯ ᠢᠶᠠᠨ ᠳ᠋ᠦᠩᠨᠠᠵᠤ᠂ ᠠᠤᠭ᠎ᠠ ᠰᠠᠨᠠᠭ᠎ᠠ ᠡᠷᠡᠯᠬᠡᠭ ᠵᠤᠷᠢᠭ ᠢᠶᠠᠷ ᠠᠯᠤᠰ ᠤᠨ ᠬᠦᠰᠡᠯᠡᠩ ᠢᠶᠠᠨ ᠪᠡᠶᠡᠯᠡᠬᠦᠯᠬᠦ ᠪᠠᠷ ᠲᠤᠷᠰᠢᠯᠭ᠎ᠠ ᠰᠤᠷᠭᠠᠮᠵᠢ ᠪᠠᠨ ᠬᠤᠷᠠᠮᠳᠤᠭᠤᠯᠤᠨ᠂ ᠲᠦᠮᠡᠨ ᠤᠯᠠᠨ ᠢᠶᠠᠨ ᠲᠠᠶᠢᠴᠢᠯᠠᠵᠤ᠂ ᠲᠦᠷᠦ ᠵᠠᠰᠠᠭ ᠢᠶᠠᠨ ᠪᠠᠬᠢᠵᠢᠬᠦᠯᠦᠭᠰᠡᠨ ᠶᠤᠮ᠃ ᠠᠭᠤᠤ ᠶᠡᠭᠡ ᠲᠡᠤᠬᠡᠳᠦ ᠴᠠᠭ ᠦᠶ᠎ᠡ ᠨᠢ ᠠᠭᠤᠤ ᠶᠡᠭᠡ ᠬᠦᠮᠦᠰ ᠢ ᠪᠤᠢ ᠪᠤᠯᠭᠠᠳᠠᠭ ᠠᠵᠠᠢ᠃ ᠲᠡᠤᠬᠡ ᠶᠢᠨ ᠶᠡᠷᠦ ᠪᠤᠰᠤ ᠶᠢᠨ ᠴᠠᠭ ᠡᠷᠢᠨ ᠳᠤ ᠤᠷᠤᠰᠢᠭᠰᠠᠨ ᠴᠢᠩᠭᠢᠰ ᠬᠠᠭᠠᠨ ᠬᠤᠪᠢ ᠶᠢᠨ ᠠᠪᠢᠶᠠᠰ ᠴᠢᠳᠠᠪᠤᠷᠢ᠂ ᠤᠶᠤᠨ ᠤᠬᠠᠭᠠᠨ᠂ ᠴᠢᠩ ᠵᠤᠷᠢᠭ ᠢᠶᠠᠨ ᠲᠦᠰᠢᠭᠰᠡᠨ ᠢᠶᠠᠷ ᠪᠠᠷᠠᠬᠤ ᠦᠬᠡᠢ᠂ ᠨᠡᠩ ᠴᠢᠬᠤᠯᠠ ᠨᠢ ᠲᠡᠤᠬᠡᠨ ᠬᠦᠭᠵᠢᠯ ᠤᠨ ᠪᠤᠰᠤᠳᠴᠢ ᠵᠢᠮ᠎ᠡ ᠶᠤᠰᠤ ᠶᠢ ᠵᠢᠷᠤᠮᠯᠠᠵᠤ᠂ ᠰᠢᠨ᠎ᠡ ᠮᠡᠨᠳᠦᠯᠡᠭᠰᠡᠨ ᠬᠦᠴᠦᠨ ᠤ ᠲᠦᠯᠦᠬᠡᠯᠡᠭᠴᠢ ᠪᠤᠯᠵᠤ ᠴᠢᠳᠠᠭᠰᠠᠨ ᠶᠤᠮ᠃ ᠴᠢᠩᠭᠢᠰ ᠬᠠᠭᠠᠨ ᠤ ᠶᠡᠭᠡ ᠦᠢᠯᠡᠰ ᠢ ᠪᠡᠶᠡᠯᠡᠬᠦᠯᠦᠭᠰᠡᠨ ᠨᠢ ᠲᠠᠩ ᠭᠠᠭᠴᠠ ᠬᠤᠪᠢ ᠬᠦᠮᠦᠨ ᠤ ᠭᠠᠪᠢᠶ᠎ᠠ ᠵᠢᠳᠬᠦᠯ ᠪᠢᠰᠢ᠂ ᠬᠠᠷᠢᠨ ᠲᠡᠬᠦᠨ ᠤ ᠨᠦᠬᠦᠷᠰᠡᠳ ᠵᠢᠴᠢ ᠬᠠᠮᠤᠭ ᠮᠤᠩᠭᠤᠯ ᠤᠭᠰᠠᠭᠠᠳᠠᠨ ᠤ ᠬᠠᠮᠳᠤ ᠶᠢᠨ ᠤᠶᠤᠨ ᠤᠬᠠᠭᠠᠨ ᠤ ᠦᠷ᠎ᠡ ᠳ᠋ᠦᠩ᠂ ᠲᠠᠶᠢᠴᠢᠨ ᠬᠦᠴᠦᠨ᠂ ᠲᠠᠶᠠᠭᠠᠷ ᠤᠯᠠᠨ ᠤ ᠵᠢᠳᠬᠦᠯ ᠬᠡᠵᠦ ᠦᠵᠡᠬᠦᠰᠢᠳᠠᠢ ᠪᠠᠶᠢᠨ᠎ᠠ᠃ 1206 ᠤᠨ ᠳᠤ ᠴᠢᠩᠭᠢᠰ ᠬᠠᠭᠠᠨ ᠦᠪᠡᠷ ᠤᠨ ᠰᠤᠳᠤ ᠰᠢᠯᠭᠠᠳᠠᠭ ᠤᠶᠤᠨ ᠴᠢᠳᠠᠪᠤᠷᠢ ᠰᠦᠰᠦ ᠵᠤᠷᠢᠭ ᠢᠶᠠᠷ ᠢᠶᠠᠨ ᠲᠦᠷᠦ ᠶᠢᠨ ᠲᠠᠶᠢᠰᠤᠨ ᠢᠶᠠᠨ ᠰᠦᠨᠦᠬᠡᠵᠦ᠂ ᠬᠤᠭᠤᠷᠤᠨᠳᠤ ᠪᠠᠨ ᠠᠯᠠᠯᠳᠤᠨ ᠪᠤᠯᠢᠶᠡᠯᠳᠤᠵᠤ ᠪᠠᠶᠢᠭᠰᠠᠨ ᠠᠶᠢᠮᠠᠭ ᠪᠦᠯᠦᠭ ᠤᠳ ᠢ ᠨᠢᠬᠡᠳᠬᠡᠵᠦ ᠮᠤᠩᠭᠤᠯ ᠲᠦᠷᠦ ᠶᠢ ᠴᠤᠭᠴᠠᠯᠠᠨ ᠪᠠᠶᠢᠭᠤᠯᠪᠠ᠃ ᠡᠬᠦᠨ ᠤ ᠲᠠᠷᠠᠭ᠎ᠠ ᠠᠯᠳᠠᠨ ᠤᠯᠤᠰ ᠤᠨ ᠬᠠᠷᠢᠶ᠎ᠠ ᠠᠯᠪᠠ ᠪᠠᠨ ᠲᠡᠪᠴᠢᠬᠡᠳ ᠵᠦᠷᠴᠢᠨ ᠤ ᠲᠠᠷᠤᠯᠠᠯ ᠎ ᠠᠴᠠ ᠠᠩᠭᠢᠵᠢᠷᠠᠵᠠᠢ᠃ ᠴᠢᠩᠭᠢᠰ ᠬᠠᠭᠠᠨ ᠤ ᠡᠳᠡᠬᠡᠷ ᠠᠵᠢᠯᠯᠠᠭ᠎ᠠ ᠨᠢ ᠮᠤᠩᠭᠤᠯ ᠦᠨᠳᠦᠰᠦᠳᠡᠨ ᠤ ᠠᠰᠢᠭ ᠲᠤᠰᠠᠳᠠᠢ ᠨᠠᠶᠢᠴᠡᠭᠰᠡᠨ ᠪᠤᠯᠬᠤᠷ ᠪᠦᠬᠦ ᠮᠤᠩᠭᠤᠯ ᠤᠨ ᠠᠷᠠᠳ ᠲᠦᠮᠡᠨ ᠤ ᠲᠡᠮᠵᠢᠯᠬᠡ ᠪᠡ ᠬᠦᠷᠢᠶᠡᠯᠡᠯ ᠢ ᠶᠠᠬᠡᠪᠡᠷ ᠤᠯᠤᠭᠰᠠᠨ ᠪᠠᠶᠢᠪᠠ᠃ ᠮᠤᠩᠭᠤᠯ ᠠᠶᠢᠮᠠᠭ ᠤᠳ ᠤᠨ ᠶᠡᠭᠡ ᠨᠢᠬᠡᠳᠦᠯ ᠨᠢ ᠤᠪᠤᠭ ᠲᠦᠷᠦᠯ ᠤᠨ ᠤᠷᠳᠤ ᠬᠤᠭᠤᠴᠠᠭᠠᠨ ᠤ ᠲᠠᠷᠬᠠᠢ ᠪᠤᠳᠠᠷᠬᠠᠢ ᠪᠠᠶᠢᠳᠠᠯ ᠢ ᠦᠬᠡᠶᠢᠰᠬᠡᠵᠦ᠂ ᠨᠡᠶᠢᠳᠡ ᠶᠢᠨ ᠨᠤᠳᠤᠭ ᠤᠷᠤᠨ ᠢ ᠤᠯᠭᠤᠭᠠᠳ᠂ ᠠᠶᠢᠮᠠᠭ ᠬᠤᠯᠪᠤᠭᠠᠨ ᠤ ᠬᠤᠭᠤᠷᠤᠨᠳᠤᠬᠢ ᠠᠵᠤ ᠠᠬᠤᠢ᠂ ᠰᠤᠶᠤᠯ ᠤᠨ ᠬᠠᠷᠢᠯᠴᠠᠭ᠎ᠠ ᠶᠢ ᠨᠡᠩ ᠢᠯᠡᠬᠦᠦ ᠴᠢᠩᠭᠠᠳᠬᠠᠵᠤ᠂ ᠨᠡᠶᠢᠳᠡ ᠶᠢᠨ ᠬᠡᠯᠡ ᠶᠢ ᠪᠠᠳᠤᠳᠬᠠᠵᠤ᠂ ᠮᠤᠩᠭᠤᠯ ᠦᠨᠳᠦᠰᠦᠳᠡᠨ ᠤ ᠲᠦᠯᠦᠪᠵᠢᠨ ᠲᠤᠭᠳᠠᠨᠢᠬᠤ ᠎ ᠳᠤ ᠪᠠᠳᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠮᠤᠩᠭᠤᠯ ᠦᠨᠳᠦᠰᠦᠳᠡᠨ ᠲᠡᠬᠦᠨ ᠠᠴᠠ ᠬᠤᠶᠢᠰᠢ ᠡᠬᠢᠯᠡᠵᠦ ᠲᠡᠤᠬᠡᠨ ᠲᠠᠪᠴᠠᠩ ᠲᠡᠬᠡᠷ᠎ᠡ ᠠᠤᠭ᠎ᠠ ᠶᠡᠭᠡ ᠦᠢᠯᠡᠳᠦᠯ᠂ ᠤᠨᠴᠠᠭᠠᠢ ᠭᠠᠪᠢᠶ᠎ᠠ ᠵᠢᠳᠬᠦᠯ ᠢᠶᠠᠨ ᠦᠵᠡᠬᠦᠯᠦᠭᠰᠡᠨ ᠪᠠᠶᠢᠨ᠎ᠠ᠃ ᠶᠠᠭ ᠡᠶᠢᠮᠦ ᠠᠴᠠ ᠴᠢᠩᠭᠢᠰ ᠬᠠᠭᠠᠨ ᠪᠤᠯ ᠮᠤᠩᠭᠤᠯ ᠦᠨᠳᠦᠰᠦᠳᠡᠨ ᠤ ᠠᠭᠤᠤ ᠶᠡᠭᠡ ᠪᠠᠭᠠᠳᠤᠷ ᠪᠤᠯᠬᠤ ᠎ ᠨᠢ ᠨᠡᠷ᠎ᠡ ᠨᠢᠳᠡᠷ ᠳᠡᠭᠡᠨ ᠲᠤᠬᠢᠷᠠᠭᠰᠠᠨ ᠪᠠᠶᠢᠳᠠᠭ᠃      ᠴᠢᠩᠭᠢᠰ ᠬᠠᠭᠠᠨ ᠪᠠ ᠲᠡᠬᠦᠨ ᠤ ᠵᠠᠯᠭᠠᠮᠵᠢᠯᠠᠭᠴᠢᠳ ᠠᠴᠠ ᠪᠦᠬᠦ ᠲᠤᠮᠳᠠᠳᠤ ᠤᠯᠤᠰ ᠢ ᠨᠢᠬᠡᠳᠬᠡᠭᠰᠡᠨ ᠨᠢ ᠲᠤᠮᠳᠠᠳᠤ ᠤᠯᠤᠰ ᠤᠨ ᠲᠡᠤᠭᠡᠨ ᠬᠦᠭᠵᠢᠯᠳᠡ ᠳᠤ ᠲᠤᠮᠤ ᠶᠡᠭᠡ ᠦᠢᠯᠡᠳᠦᠯ ᠦᠵᠡᠬᠦᠯᠦᠭᠰᠡᠨ ᠪᠠᠶᠢᠳᠠᠭ᠃ ᠮᠤᠩᠭᠤᠯᠴᠤᠳ 13 ᠳ᠋ᠣᠭᠠᠷ ᠵᠠᠭᠤᠨ ᠤ ᠡᠬᠢ ᠪᠠᠷ ᠭᠤᠪᠢ ᠶᠢᠨ ᠠᠷᠤ ᠳᠤ ᠬᠦᠭᠵᠢᠨ ᠮᠠᠨᠳᠤᠬᠤ ᠦᠶ᠎ᠡ ᠳᠤ ᠲᠤᠮᠳᠠᠳᠤ ᠤᠯᠤᠰ ᠬᠠᠷᠠᠬᠠᠨ ᠲᠦᠷᠦ ᠵᠠᠰᠠᠭ ᠬᠤᠭᠤᠷᠤᠨᠳᠤ ᠪᠠᠨ ᠬᠠᠷᠰᠢᠯᠳᠤᠵᠤ ᠵᠠᠳᠠᠷᠠᠨ ᠲᠤᠰᠭᠠᠷᠯᠠᠵᠤ ᠪᠠᠶᠢᠪᠠ᠃ ᠡᠬᠦᠨ ᠢ ᠲᠠᠩ ᠤᠯᠤᠰ ᠤᠨ ᠲᠤᠮᠳᠠᠴᠢ ᠦᠶ᠎ᠡ ᠶᠢᠨ ᠠᠨ ᠯᠤ᠋ ᠱᠠᠨ᠂ ᠰᠢ ᠰᠧ ᠮᠢᠩ ᠤᠨ ᠤᠷᠪᠠᠯᠭᠠᠨ ᠠᠴᠠ ᠡᠬᠢᠯᠡᠵᠦ ᠪᠤᠳᠤᠪᠠᠯ ᠨᠢᠬᠡᠨᠳᠡ ᠲᠦᠷᠪᠡ ᠲᠠᠪᠤᠨ ᠵᠠᠭᠤᠨ ᠤ ᠬᠤᠭᠤᠴᠠᠭ᠎ᠠ ᠦᠷᠬᠦᠯᠵᠢᠯᠡᠬᠡᠳ ᠲᠤᠮᠳᠠᠳᠤ ᠶᠢᠨ ᠲᠡᠤᠬᠡᠨ ᠬᠦᠭᠵᠢᠯ ᠢ ᠬᠦᠨᠳᠦ ᠨᠤᠴᠢᠳᠠᠢ ᠨᠦᠯᠦᠬᠡᠯᠡᠵᠦ ᠪᠠᠶᠢᠵᠠᠢ᠃ ᠴᠢᠩᠭᠢᠰ ᠬᠠᠭᠠᠨ ᠵᠡᠪᠰᠡᠭᠳᠦ ᠬᠦᠴᠦᠨ ᠢᠶᠠᠷ ᠤᠶᠢᠭᠤᠷ ᠢ ᠤᠷᠤᠭᠤᠯᠤᠨ ᠠᠪᠤᠭᠠᠳ᠂ ᠪᠠᠷᠠᠭᠤᠨ ᠯᠢᠶᠤᠤ ᠤᠯᠤᠰ ᠢ ᠮᠦᠬᠦᠬᠡᠵᠦ᠂ ᠲᠠᠩᠭᠤᠳ ᠢ ᠲᠠᠭᠠᠭᠠᠭᠤᠯᠵᠤ᠂ ᠠᠯᠳᠠᠨ ᠤᠯᠤᠰ ᠢ ᠢᠯᠡᠭᠠᠳ᠂ 1227 ᠤᠨ ᠳᠤ ᠨᠠᠰᠤ ᠨᠦᠭᠴᠢᠬᠦ ᠠᠴᠠ ᠡᠮᠦᠨ᠎ᠡ᠂ ᠲᠤᠮᠳᠠᠳᠤ ᠶᠢᠨ ᠤᠮᠠᠷᠠᠳᠤ ᠬᠡᠰᠡᠭ ᠤᠨ ᠦᠷᠬᠡᠨ ᠠᠭᠤᠳᠠᠮ ᠭᠠᠵᠠᠷ ᠤᠷᠤᠨ ᠢ ᠮᠤᠩᠭᠤᠯ ᠲᠦᠷᠦ ᠶᠢᠨ ᠵᠠᠬᠢᠷᠭᠠᠨ ᠤ ᠪᠠᠨ ᠡᠷᠬᠡ ᠮᠡᠳᠡᠯ ᠳᠤ ᠤᠷᠤᠭᠤᠯᠵᠤ ᠠᠪᠤᠭᠰᠠᠨ ᠪᠠᠶᠢᠨ᠎ᠠ᠃ ᠲᠡᠬᠦᠨ ᠤ ᠵᠠᠯᠭᠠᠮᠵᠢᠯᠠᠭᠴᠢᠳ ᠨᠢ ᠬᠠᠮᠤᠭ ᠤᠨ ᠰᠡᠬᠦᠯ ᠳᠤ ᠠᠯᠳᠠᠨ ᠤᠯᠤᠰ᠂ ᠰᠦᠩ ᠤᠯᠤᠰ ᠢ ᠮᠦᠬᠦᠬᠡᠵᠦ᠂ ᠲᠦᠪᠡᠳ᠂ ᠳ᠋ᠠᠯᠢ ᠶᠢ ᠨᠢᠬᠡᠳᠬᠡᠵᠦ᠂ ᠤᠯᠤᠰ ᠲᠠᠶᠠᠭᠠᠷ ᠬᠤᠪᠢᠶᠠᠭᠳᠠᠨ ᠲᠤᠰᠭᠠᠷᠯᠠᠭᠰᠠᠨ ᠪᠠᠶᠢᠳᠠᠯ ᠢ ᠡᠴᠦᠰᠯᠡᠬᠦᠯᠦᠭᠰᠡᠨ ᠪᠠᠶᠢᠨ᠎ᠠ᠃      ᠬᠤᠶᠠᠷ᠂ ᠴᠢᠩᠭᠢᠰ ᠬᠠᠭᠠᠨ ᠤ ᠨᠢᠬᠡᠨ ᠨᠠᠰᠤᠨ ᠤ ᠭᠠᠪᠢᠶᠠᠳᠤ ᠦᠢᠯᠡᠰ᠃ ᠴᠢᠩᠭᠢᠰ ᠬᠠᠭᠠᠨ ᠤ ᠮᠤᠩᠭᠤᠯ ᠦᠨᠳᠦᠰᠦᠳᠡᠨ ᠪᠤᠯᠤᠨ ᠲᠤᠮᠳᠠᠳᠤ ᠤᠯᠤᠰ ᠵᠢᠴᠢ ᠲᠡᠯᠡᠬᠡᠢ ᠶᠢᠨ ᠲᠡᠤᠬᠡᠨ ᠳᠤ ᠦᠵᠡᠬᠦᠯᠦᠭᠰᠡᠨ ᠭᠠᠪᠢᠶ᠎ᠠ ᠵᠢᠳᠬᠦᠯ ᠢ ᠮᠤᠩᠭᠤᠯ ᠤᠨ ᠲᠡᠤᠬᠡ ᠰᠤᠳᠤᠯᠤᠭᠴᠢᠳ ᠠᠴᠠ ᠲᠤᠤᠷᠠᠬᠢ ᠮᠡᠳᠦ ᠭᠤᠷᠪᠠᠨ ᠱᠠᠳᠤ ᠦᠶ᠎ᠡ ᠪᠤᠯᠭᠠᠨ ᠬᠤᠪᠢᠶᠠᠭᠰᠠᠨ ᠪᠠᠶᠢᠨ᠎ᠠ᠃ ᠨᠢᠬᠡ ᠳᠤ᠂ 1206 ᠤᠨ ᠠᠴᠠ ᠡᠮᠦᠨ᠎ᠡ ᠭᠤᠤᠯᠳᠠᠭᠤ ᠭᠤᠪᠢ ᠶᠢᠨ ᠤᠮᠠᠷᠠᠳᠤ ᠶᠢᠨ ᠡᠯ᠎ᠡ ᠠᠶᠢᠮᠠᠭ ᠤᠭᠰᠠᠭᠠᠳᠠᠨ ᠢ ᠨᠢᠬᠡᠳᠬᠡᠵᠦ᠂ ᠶᠡᠭᠡ ᠮᠤᠩᠭᠤᠯ ᠬᠠᠭᠠᠨᠳᠤ ᠤᠯᠤᠰ ᠢ ᠪᠠᠶᠢᠭᠤᠯᠤᠭᠰᠠᠨ︔ ᠬᠤᠶᠠᠷ ᠲᠤ᠂ 1207 ᠤᠨ ᠠᠴᠠ ᠡᠬᠢᠯᠡᠨ ᠭᠤᠤᠯᠳᠠᠭᠤ ᠲᠤᠮᠳᠠᠳᠤ ᠶᠢᠨ ᠤᠮᠠᠷᠠᠳᠤ ᠬᠡᠰᠡᠭ ᠢ ᠨᠢᠬᠡᠳᠬᠡᠬᠦ ᠲᠠᠶᠢᠨ ᠬᠢᠭᠰᠡᠨ︔ ᠭᠤᠷᠪᠠ ᠳᠤ᠂ 1219 ᠤᠨ ᠠᠴᠠ ᠬᠤᠶᠢᠰᠢ ᠭᠤᠤᠯᠳᠠᠭᠤ ᠪᠠᠷᠠᠭᠤᠨᠰᠢ ᠲᠠᠶᠢᠯᠠᠵᠤ᠂ ᠠᠽᠢᠶ᠎ᠠ ᠡᠸᠦ᠋ᠷᠦᠫᠡ ᠶᠢ ᠰᠤᠨᠳᠠᠯᠠᠭᠰᠠᠨ ᠶᠡᠭᠡ ᠡᠵᠡᠨᠳᠦ ᠤᠯᠤᠰ ᠢ ᠪᠠᠶᠢᠭᠤᠯᠤᠭᠰᠠᠨ ᠠᠵᠢᠯᠯᠠᠭ᠎ᠠ ᠪᠤᠯᠤᠨ᠎ᠠ᠃ ᠡᠶᠢᠮᠦ ᠠᠴᠠ ᠲᠡᠬᠦᠨ ᠤ ᠨᠢᠬᠡ ᠨᠠᠰᠤ ᠨᠢ ᠮᠤᠩᠭᠤᠯ ᠦᠨᠳᠦᠰᠦᠳᠡᠨ᠂ ᠲᠤᠮᠳᠠᠳᠤ ᠤᠯᠤᠰ ᠪᠤᠯᠤᠨ ᠲᠡᠯᠡᠬᠡᠢ ᠲᠠᠢ ᠨᠢᠭᠳᠠ ᠬᠤᠯᠪᠤᠭ᠎ᠠ ᠲᠠᠢ ᠪᠠᠶᠢᠳᠠᠭ ᠶᠤᠮ᠃      ᠴᠢᠩᠭᠢᠰ ᠬᠠᠭᠠᠨ ᠤ ᠲᠡᠤᠬᠡᠨ ᠳᠤ ᠦᠵᠡᠬᠦᠯᠦᠭᠰᠡᠨ ᠭᠠᠪᠢᠶ᠎ᠠ ᠵᠢᠳᠬᠦᠯ ᠨᠢ ᠭᠤᠤᠯᠳᠠᠭᠤ ᠲᠤᠤᠷᠠᠬᠢ ᠮᠡᠳᠦ ᠬᠡᠳᠦᠨ ᠲᠠᠯ᠎ᠠ ᠪᠠᠷ ᠢᠯᠡᠷᠡᠭᠰᠡᠨ ᠪᠠᠶᠢᠳᠠᠭ᠃ ︵ᠨᠢᠬᠡ︶ ᠴᠢᠩᠭᠢᠰ ᠬᠠᠭᠠᠨ ᠤ ᠮᠤᠩᠭᠤᠯ ᠦᠨᠳᠦᠰᠦᠳᠡᠨ ᠤ ᠲᠡᠤᠬᠡᠨ ᠎ ᠳᠠᠬᠢ ᠪᠠᠶᠢᠷᠢ ᠰᠠᠭᠤᠷᠢ ᠪᠤᠯᠤᠨ ᠭᠠᠪᠢᠶ᠎ᠠ ᠵᠢᠳᠬᠦᠯ ᠪᠤᠯ ᠮᠦᠩᠬᠡ ᠪᠠᠯᠠᠷᠠᠰᠢ ᠦᠬᠡᠢ ᠶᠤᠮ᠃ ᠴᠢᠩᠭᠢᠰ ᠬᠠᠭᠠᠨ ᠤ ᠪᠠᠶᠢᠭᠰᠠᠨ ᠠᠴᠠ ᠮᠠᠨ ᠤ ᠮᠤᠩᠭᠤᠯ ᠦᠨᠳᠦᠰᠦᠳᠡᠨ ᠰᠠᠶ᠋ᠢ ᠪᠤᠢ ᠪᠤᠯᠵᠤ ᠮᠤᠩᠭᠤᠯ ᠤᠨ ᠨᠡᠶᠢᠬᠡᠮ ᠰᠠᠶ᠋ᠢ ᠬᠦᠭᠵᠢᠭᠰᠡᠨ ᠶᠤᠮ᠃ ᠴᠢᠩᠭᠢᠰ ᠬᠠᠭᠠᠨ ᠤ ᠮᠤᠩᠭᠤᠯ ᠤᠨ ᠲᠡᠤᠬᠡᠨ ᠳᠤ ᠦᠵᠡᠬᠦᠯᠦᠭᠰᠡᠨ ᠤᠨᠴᠠᠭᠠᠢ ᠭᠠᠪᠢᠶ᠎ᠠ ᠵᠢᠳᠬᠦᠯ ᠨᠢ ᠲᠤᠤᠷᠠᠬᠢ ᠮᠡᠳᠦ ᠲᠦᠷᠪᠡᠨ ᠲᠠᠯ᠎ᠠ ᠪᠠᠷ ᠢᠯᠡᠷᠡᠬᠦ ᠪᠤᠯᠤᠨ᠎ᠠ᠃       1᠂ ᠮᠤᠩᠭᠤᠯ ᠠᠶᠢᠮᠠᠭ ᠪᠦᠯᠦᠭ ᠢ ᠨᠢᠬᠡᠳᠬᠡᠨ᠂ ᠶᠡᠭᠡ ᠮᠤᠩᠭᠤᠯ ᠤᠯᠤᠰ ᠢ ᠴᠤᠭᠴᠠᠯᠠᠨ ᠪᠠᠶᠢᠭᠤᠯᠤᠭᠰᠠᠨ᠃ ᠴᠢᠩᠭᠢᠰ ᠬᠠᠭᠠᠨ ᠢ ᠮᠡᠨᠳᠦᠯᠡᠬᠦ ᠦᠶ᠎ᠡ ᠳᠤ ᠦᠷᠬᠡᠨ ᠠᠭᠤᠳᠠᠮ ᠮᠤᠩᠭᠤᠯ ᠤᠨ ᠦᠨᠳᠦᠷᠯᠢᠭ ᠲᠤ ᠶᠡᠭᠡ ᠪᠠᠭ᠎ᠠ ᠤᠯᠠᠨ ᠠᠶᠢᠮᠠᠭ ᠪᠦᠯᠦᠭ ᠪᠤᠯᠤᠨ ᠠᠶᠢᠮᠠᠭ ᠤᠭᠰᠠᠭ᠎ᠠ ᠤᠨ ᠬᠤᠯᠪᠤᠭ᠎ᠠ ᠲᠠᠷᠬᠠᠵᠤ ᠪᠠᠶᠢᠵᠠᠢ᠃ ᠡᠬᠦᠨ ᠳᠤ ᠬᠡᠷᠦᠯᠦᠨ᠂ ᠤᠨᠤᠨ᠂ ᠲᠤᠤᠯᠠ ᠭᠤᠷᠪᠠᠨ ᠮᠦᠷᠡᠨ ᠤ ᠡᠬᠢᠨ ᠳᠤ ᠪᠠᠶᠢᠭ᠎ᠠ ᠮᠤᠩᠭᠤᠯ ᠠᠶᠢᠮᠠᠭ ᠠᠴᠠ ᠭᠠᠳᠠᠨ᠎ᠠ ᠨᠡᠯᠢᠶᠡᠳ ᠬᠦᠴᠦᠷᠬᠡᠭ ᠠᠶᠢᠮᠠᠭ ᠤᠳ ᠤᠨ ᠲᠤᠳᠤᠷ᠎ᠠ᠂ ᠵᠡᠬᠦᠨ ᠲᠠᠯ᠎ᠠ ᠶᠢᠨ ᠬᠦᠯᠦᠨ ᠪᠦᠢᠷ ᠨᠠᠭᠤᠷ ᠪᠤᠯᠤᠨ ᠡᠷᠬᠦᠨ᠎ᠡ ᠭᠤᠤᠯ ᠎ ᠤᠨ ᠲᠠᠭᠠᠤ ᠳᠠᠬᠢ ᠲᠠᠲ᠋ᠠᠷ ᠢᠶᠠᠷ ᠲᠡᠷᠢᠬᠦᠯᠡᠬᠦᠯᠦᠭᠰᠡᠨ ᠤᠯᠠᠨ ᠠᠶᠢᠮᠠᠭ︔ ᠲᠤᠤᠯᠠ ᠮᠦᠷᠡᠨ ᠤ ᠰᠠᠪᠠ ᠲᠠᠭᠠᠤ ᠶᠢᠨ ᠬᠡᠷᠡᠶᠢᠳ ᠤᠨ ᠤᠯᠠᠨ ᠠᠶᠢᠮᠠᠭ᠂ ᠰᠡᠯᠡᠩᠬᠡ ᠮᠦᠷᠡᠨ ᠤ ᠲᠤᠤᠷᠠᠳᠤ ᠤᠷᠤᠰᠬᠠᠯ ᠲᠠᠭᠠᠤ ᠮᠡᠷᠬᠡᠳ ᠤᠨ ᠤᠯᠠᠨ ᠠᠶᠢᠮᠠᠭ ︔ ᠪᠠᠷᠠᠭᠤᠨ ᠡᠳᠡᠬᠡᠳ ᠲᠠᠢ ᠠᠯᠳᠠᠢ ᠨᠢᠷᠦᠭᠤᠨ ᠤᠷᠴᠢᠮ ᠤᠨ ᠨᠠᠢᠮᠠᠨ᠂ ᠡᠮᠦᠨ᠎ᠡ ᠬᠡᠰᠡᠭ ᠤᠨ ᠤᠩᠭᠤᠳ ᠠᠶᠢᠮᠠᠭ ᠵᠡᠷᠬᠡ ᠪᠤᠯᠤᠨ᠎ᠠ᠃ ᠡᠳᠡᠬᠡᠷ ᠤᠯᠠᠨ ᠠᠶᠢᠮᠠᠭ ᠤᠨ ᠲᠦᠷᠦᠬᠦᠴᠦᠳ᠂ ᠵᠡᠷᠬᠡᠯᠳᠡᠭᠡ ᠠᠶᠢᠮᠠᠭ ᠪᠦᠯᠦᠭ ᠤᠨ ᠢᠶᠠᠨ ᠡᠳ᠋ ᠪᠠᠶᠠᠯᠢᠭ ᠪᠤᠯᠤᠨ ᠪᠤᠭᠤᠯ ᠢ ᠪᠤᠯᠢᠶᠠᠨ ᠲᠡᠬᠡᠷᠡᠮᠳᠡᠬᠦ ᠶᠢᠨ ᠲᠦᠯᠦᠬᠡ ᠡᠰᠡᠪᠡᠯ ᠦᠰᠢᠶ᠎ᠡ ᠬᠠᠷᠢᠭᠤ ᠠᠪᠬᠤ ᠪᠠᠷ ᠤᠳᠠᠭᠠᠨ ᠵᠢᠯ ᠵᠤᠵᠠᠭᠠᠨ ᠬᠤᠨᠤᠭ ᠢᠶᠠᠷ ᠬᠠᠷᠢᠯᠴᠠᠨ ᠠᠯᠠᠯᠳᠤᠨ ᠲᠡᠮᠡᠴᠡᠯᠳᠦᠵᠤ᠂ ᠪᠠᠷᠠᠭᠳᠠᠰᠢ ᠦᠬᠡᠢ ᠲᠠᠶᠢᠨ ᠪᠠᠶᠢᠯᠳᠤᠭᠠᠨ ᠬᠢᠵᠦ᠂ ᠬᠡᠴᠢᠨᠠᠨ ᠤᠯᠠᠨ ᠠᠷᠠᠳ ᠢᠷᠬᠡᠳ ᠤᠨ ᠠᠮᠢ ᠨᠠᠰᠤ ᠶᠢ ᠬᠤᠬᠢᠷᠠᠭᠤᠯᠵᠤ᠂ ᠨᠡᠶᠢᠬᠡᠮ ᠤᠨ ᠬᠦᠭᠵᠢᠯᠳᠡ ᠶᠢ ᠶᠡᠬᠡᠪᠡᠷ ᠨᠦᠯᠦᠬᠡᠯᠡᠵᠦ ᠪᠠᠶᠢᠪᠠ᠃ ᠡᠨᠡ ᠨᠢ ᠠᠯᠳᠠᠨ ᠤᠯᠤᠰ ᠲᠤ ᠲᠠᠯ᠎ᠠ ᠨᠤᠳᠤᠭ ᠲᠤ ᠲᠤᠷ᠎ᠠ ᠲᠠᠪᠠ ᠪᠠᠷ ᠠᠯᠠᠵᠤ ᠬᠢᠳᠦᠬᠤ᠂ ᠪᠤᠯᠢᠶᠠᠨ ᠲᠡᠬᠡᠷᠡᠮᠳᠡᠬᠦ ᠳᠤ ᠨᠦᠬᠦᠴᠡᠯ ᠤᠯᠭᠤᠭᠰᠠᠨ ᠪᠠᠶᠢᠯ᠎ᠠ᠃      ᠴᠢᠩᠭᠢᠰ ᠬᠠᠭᠠᠨ ᠠᠴᠠ ᠡᠮᠦᠨ᠎ᠡ ᠮᠤᠩᠭᠤᠯ ᠤᠨ ᠦᠨᠳᠦᠷᠯᠢᠭ ᠰᠠᠷᠨᠢᠨ ᠪᠤᠳᠠᠷᠠᠵᠤ᠂ ᠲᠠᠶᠢᠨ ᠪᠠᠶᠢᠯᠳᠤᠭᠠᠨ ᠦᠷᠬᠦᠯᠵᠢᠯᠡᠨ᠂ ᠠᠷᠠᠳ ᠲᠦᠮᠡᠨ ᠳᠤ ᠭᠠᠰᠢᠭᠤᠨ ᠵᠤᠪᠠᠯᠠᠩ ᠤᠴᠠᠷᠠᠭᠤᠯᠵᠤ ᠪᠠᠶᠢᠪᠠ᠃ ᠲᠤᠬᠠᠢ ᠶᠢᠨ ᠦᠶ᠎ᠡ ᠳᠤ ᠮᠤᠩᠭᠤᠯ ᠤᠨ ᠦᠨᠳᠦᠷᠯᠢᠭ ᠤᠨ ᠠᠷᠠᠳ ᠢᠷᠬᠡᠳ ᠤᠨ ᠡᠩᠬᠡ ᠲᠠᠶᠢᠪᠤᠩ ᠢ ᠬᠦᠰᠡᠨ ᠡᠷᠡᠮᠡᠯᠵᠡᠵᠦ᠂ ᠨᠢᠬᠡᠨ ᠠᠶᠢᠮᠠᠭ ᠡᠰᠡᠪᠡᠯ ᠨᠢᠬᠡᠨ ᠪᠠᠭᠠᠳᠤᠷ ᠬᠦᠮᠦᠨ ᠴᠤᠯᠭᠤᠷᠠᠨ ᠭᠠᠷᠴᠤ᠂ ᠲᠡᠤᠬᠡ ᠶᠢᠨ ᠡᠨᠡᠬᠦ ᠡᠬᠦᠷᠬᠡ ᠶᠢ ᠪᠡᠶᠡᠯᠡᠬᠦᠯᠬᠦ ᠶᠢ ᠬᠦᠰᠡᠨ ᠮᠦᠷᠦᠬᠡᠳᠦᠵᠦ ᠪᠠᠶᠢᠯ᠎ᠠ᠃ ᠲᠡᠮᠦᠵᠢᠨ ᠴᠢᠩᠭᠢᠰ ᠬᠠᠭᠠᠨ ᠶᠠᠭ ᠡᠨᠡᠬᠦ ᠠᠤᠭ᠎ᠠ ᠲᠡᠤᠬᠡᠨ ᠡᠬᠦᠷᠬᠡ ᠶᠢ ᠪᠡᠶᠡᠯᠡᠬᠦᠯᠦᠭᠰᠡᠨ ᠠᠭᠤᠤ ᠶᠡᠭᠡ ᠬᠦᠮᠦᠨ ᠮᠦᠨ ᠪᠠᠶᠢᠵᠠᠢ᠃ ᠴᠢᠩᠭᠢᠰ ᠬᠠᠭᠠᠨ ᠤ ᠪᠠᠭ᠎ᠠ ᠶᠢᠨ ᠦᠶ᠎ᠡ ᠪᠡᠷᠬᠡ ᠬᠠᠳᠠᠭᠤᠵᠢᠯᠳᠠᠢ ᠠᠮᠢᠳᠤᠷᠠᠯ ᠨᠢ ᠲᠡᠬᠦᠨ ᠢ ᠬᠠᠷᠠᠬᠠᠨ ᠪᠠᠭ᠎ᠠ ᠠᠴᠠ ᠪᠠᠨ ᠡᠷᠡᠯᠬᠡᠭ ᠪᠠᠭᠠᠳᠤᠷᠯᠢᠭ ᠢᠶᠠᠷ ᠲᠡᠮᠡᠴᠡᠬᠦ ᠬᠠᠳᠠᠭᠤ ᠵᠤᠷᠢᠭ ᠲᠠᠢ ᠪᠤᠯᠭᠠᠭᠰᠠᠨ ᠠᠴᠠ ᠲᠡᠶᠢᠮᠦᠷᠬᠦ ᠬᠠᠳᠠᠭᠤ ᠪᠡᠷᠬᠡ ᠤᠷᠴᠢᠨ ᠠᠬᠤᠢ ᠳᠤ ᠡᠷᠡᠯᠬᠡᠭᠯᠡᠨ ᠪᠤᠰᠴᠤ ᠬᠦᠮᠦᠨ ᠢ ᠰᠤᠴᠢᠭᠠᠮ᠎ᠠ ᠬᠠᠳᠠᠨ ᠵᠤᠷᠢᠭ᠂ ᠨᠤᠭᠤᠷᠠᠰᠢ ᠦᠬᠡᠢ ᠪᠠᠭᠠᠳᠤᠷᠯᠢᠭ ᠲᠡᠮᠡᠴᠡᠯ ᠢᠶᠠᠷ ᠲᠠᠮᠵᠢᠨ᠂ ᠤᠯᠠᠨ ᠠᠷᠪᠢᠨ ᠠᠶᠢᠮᠠᠭ ᠤᠭᠰᠠᠭᠠᠳᠠᠨ ᠢ ᠦᠪᠡᠷ ᠤᠨ ᠲᠤᠭ ᠤᠨ ᠲᠤᠤᠷ᠎ᠠ ᠴᠤᠭᠯᠠᠭᠤᠯᠤᠨ᠂ ᠬᠠᠮᠤᠭ ᠰᠡᠬᠦᠯ ᠳᠤᠨᠢ ᠪᠦᠬᠦ ᠮᠤᠩᠭᠤᠯ ᠢ ᠨᠢᠬᠡᠳᠬᠡᠵᠦ᠂ ᠶᠡᠭᠡ ᠮᠤᠩᠭᠤᠯ ᠤᠯᠤᠰ ᠢ ᠪᠠᠶᠢᠭᠤᠯᠤᠭᠰᠠᠨ ᠪᠠᠶᠢᠨ᠎ᠠ᠃ ᠲᠡᠮᠦᠵᠢᠨ ᠬᠠᠮᠤᠭ ᠮᠤᠩᠭᠤᠯ ᠢ ᠨᠢᠬᠡᠳᠬᠡᠭᠰᠡᠨ ᠤ ᠲᠠᠷᠠᠭ᠎ᠠ ᠮᠤᠩᠭᠤᠯ ᠤᠨ ᠦᠨᠳᠦᠷᠯᠢᠭ ᠲᠠᠬᠢ ᠬᠠᠷᠢᠯᠴᠠᠨ ᠲᠡᠮᠡᠴᠡᠯᠳᠦᠬᠦ ᠰᠠᠮᠠᠭᠤᠨ ᠪᠠᠶᠢᠳᠠᠯ ᠢ ᠡᠴᠦᠰᠯᠡᠬᠦᠯᠵᠦ᠂ ᠮᠤᠩᠭᠤᠯ ᠤᠨ ᠨᠡᠶᠢᠬᠡᠮ ᠳᠤ ᠡᠮᠬᠢ ᠵᠢᠷᠤᠮ᠂ ᠡᠩᠬᠡ ᠲᠠᠶᠢᠪᠤᠩ ᠲᠠᠢ ᠤᠷᠴᠢᠨ ᠠᠬᠤᠢ ᠶᠢ ᠪᠤᠢ ᠪᠤᠯᠭᠠᠵᠤ᠂ ᠨᠡᠶᠢᠬᠡᠮ ᠤᠨ ᠰᠢᠨ᠎ᠡ ᠬᠦᠭᠵᠢᠨ ᠴᠡᠴᠡᠭᠯᠡᠯᠳᠡ ᠶᠢ ᠠᠬᠢᠭᠤᠯᠤᠭᠰᠠᠨ ᠪᠠᠶᠢᠨ᠎ᠠ᠃       2᠂ ᠮᠤᠩᠭᠤᠯ ᠦᠨᠳᠦᠰᠦᠳᠡᠨ ᠢ ᠪᠤᠢ ᠪᠤᠯᠭᠠᠭᠰᠠᠨ᠃ ᠤᠤᠯ ᠨᠢ ᠮᠤᠩᠭᠤᠯ ᠤᠨ ᠦᠨᠳᠦᠷᠯᠢᠭ ᠲᠠᠬᠢ ᠶᠡᠭᠡ ᠪᠠᠭ᠎ᠠ ᠤᠯᠠᠨ ᠠᠶᠢᠮᠠᠭ ᠪᠦᠯᠦᠭ ᠤᠨ ᠲᠤᠳᠤᠷ᠎ᠠ ᠮᠤᠩᠭᠤᠯ ᠠᠶᠢᠮᠠᠭ ᠨᠢ ᠲᠡᠮᠡᠢ ᠶᠡᠭᠡ ᠨᠦᠯᠦᠬᠡ ᠦᠬᠡᠢ ᠨᠢᠬᠡᠨ ᠠᠶᠢᠮᠠᠭ ᠪᠠᠶᠢᠵᠠᠢ᠃ ᠤᠯᠠᠨ ᠠᠶᠢᠮᠠᠭ ᠤᠳ ᠬᠠᠷᠢᠯᠴᠠᠨ ᠲᠡᠮᠡᠴᠡᠯᠳᠦᠵᠦ ᠪᠠᠶᠢᠭᠰᠠᠨ ᠲᠡᠷᠡ ᠦᠶ᠎ᠡ ᠳᠤ ᠤᠯᠠᠨ ᠠᠶᠢᠮᠠᠭ ᠪᠦᠯᠦᠭ ᠤᠨ ᠬᠠᠮᠳᠤ ᠶᠢᠨ ᠠᠵᠤ ᠠᠬᠤᠢ᠂ ᠠᠮᠢᠳᠤᠷᠠᠯ᠂ ᠦᠬᠡ ᠬᠡᠯᠡ ᠪᠤᠢ ᠪᠤᠯᠬᠤ ᠨᠦᠬᠦᠴᠡᠯ ᠪᠠᠶᠢᠭ᠎ᠠ ᠦᠬᠡᠢ ᠶᠤᠮ ᠃ ᠬᠡᠪᠡᠴᠦ ᠬᠠᠮᠳᠤ ᠶᠢᠨ ᠤᠷᠴᠢᠨ ᠠᠬᠤᠢ ᠳᠤ ᠪᠠᠶᠢᠭᠰᠠᠨ ᠡᠳᠡᠬᠡᠷ ᠠᠶᠢᠮᠠᠭ ᠪᠦᠯᠦᠭ ᠨᠢ ᠤᠯᠠᠨ ᠲᠠᠯ᠎ᠠ ᠪᠠᠷ ᠤᠶᠢᠷᠠᠯᠴᠠᠭ᠎ᠠ ᠪᠠᠶᠢᠭᠰᠠᠨ ᠪᠤᠯᠬᠤᠷ ᠨᠢᠬᠡᠳᠦᠭᠰᠡᠨ ᠦᠨᠳᠦᠰᠦᠳᠡᠨ ᠤ ᠪᠦᠷᠢᠯᠳᠦᠬᠦ ᠳᠤ ᠰᠠᠭᠤᠷᠢ ᠲᠠᠯᠪᠢᠭᠰᠠᠨ ᠪᠠᠶᠢᠳᠠᠭ ᠃ ᠶᠡᠭᠡ ᠮᠤᠩᠭᠤᠯ ᠤᠯᠤᠰ ᠪᠠᠶᠢᠭᠤᠯᠤᠭᠳᠠᠭᠰᠠᠨ ᠤ ᠲᠠᠷᠠᠭ᠎ᠠ ᠤᠯᠠᠨ ᠠᠶᠢᠮᠠᠭ ᠤᠭᠰᠠᠭᠠᠳᠠᠨ ᠨᠢᠬᠡ ᠲᠦᠷᠦ ᠶᠢᠨ ᠨᠤᠶᠠᠷᠬᠠᠯ ᠢ ᠬᠦᠯᠢᠶᠡᠨ ᠠᠪᠴᠤ ᠬᠠᠮᠳᠤ ᠪᠠᠷ ᠮᠢᠩᠭᠠᠳᠤ᠂ ᠵᠠᠭᠤᠳᠤ ᠶᠢᠨ ᠪᠠᠶᠢᠭᠤᠯᠤᠮᠵᠢ ᠳᠤ ᠪᠠᠭᠳᠠᠭᠰᠠᠨ ᠠᠴᠠ ᠲᠠᠷᠬᠠᠢ ᠪᠤᠳᠠᠷᠬᠠᠢ ᠠᠶᠢᠮᠠᠭ ᠪᠦᠯᠦᠭ ᠬᠠᠷᠢᠯᠴᠠᠨ ᠤᠶᠢᠷᠠᠳᠤᠬᠤ ᠨᠦᠬᠦᠴᠡᠯ ᠪᠤᠢ ᠪᠤᠯᠪᠠ᠃ ᠵᠠᠷᠢᠮ ᠠᠶᠢᠮᠠᠭ ᠪᠦᠯᠦᠭ ᠎ ᠤᠨ ᠵᠠᠭᠠᠭ ᠱᠤᠭᠤᠮ ᠠᠭᠠᠵᠢᠮ ᠢᠶᠠᠷ ᠦᠬᠡᠶᠢᠰᠴᠦ᠂ ᠰᠢᠨ᠎ᠡ ᠪᠠᠶᠢᠭᠤᠯᠤᠮᠵᠢ ᠶᠢᠨ ᠲᠤᠳᠤᠷ᠎ᠠ ᠬᠠᠮᠳᠤ ᠶᠢᠨ ᠠᠮᠢᠳᠤᠷᠠᠯ ᠎ ᠢ ᠦᠩᠬᠡᠷᠡᠬᠡᠬᠦ ᠪᠤᠯᠤᠭᠰᠠᠨ ᠪᠠᠶᠢᠨ᠎ᠠ᠃ ᠴᠢᠩᠭᠢᠰ ᠬᠠᠭᠠᠨ ᠤ ᠶᠡᠭᠡ ᠴᠡᠷᠢᠭ ᠨᠢ ᠨᠡᠩ ᠴᠤ ᠰᠡᠳᠬᠢᠯ ᠵᠢᠷᠦᠬᠡ ᠪᠠᠨ ᠬᠤᠯᠪᠤᠭᠰᠠᠨ ᠪᠠᠳᠤ ᠪᠦᠯᠬᠦᠮᠳᠡᠯ ᠲᠠᠢ ᠬᠠᠮᠳᠤ ᠶᠢᠨ ᠴᠤᠭᠴᠠ ᠪᠤᠯᠤᠭᠰᠠᠨ ᠪᠠᠶᠢᠵᠠᠢ᠃ ᠮᠤᠩᠭᠤᠯ ᠦᠰᠦᠭ ᠪᠢᠴᠢᠭ ᠢ ᠨᠡᠶᠢᠳᠡᠮ ᠢᠶᠠᠷ ᠬᠡᠷᠡᠭᠯᠡᠭᠰᠡᠨ ᠪᠤᠯᠬᠤᠷ᠂ ᠵᠠᠰᠠᠭ ᠵᠠᠬᠢᠷᠭᠠᠨ ᠤ ᠵᠠᠷᠯᠢᠭ ᠵᠢᠭᠠᠪᠤᠷᠢ ᠢ ᠤᠯᠠᠮᠵᠢᠯᠠᠨ ᠲᠤᠤᠱᠯᠠᠭᠤᠯᠬᠤ ᠳᠤ ᠲᠦᠬᠦᠮ ᠪᠤᠯᠤᠭᠰᠠᠨ ᠢᠶᠠᠷ ᠦᠯᠦ ᠪᠠᠷᠠᠮ ᠪᠦᠬᠦ ᠮᠤᠩᠭᠤᠯ ᠤᠨ ᠰᠤᠶᠤᠯ ᠢ ᠲᠡᠬᠡᠭᠰᠢᠯᠡᠬᠦᠯᠦᠭᠰᠡᠨ ᠪᠠᠶᠢᠨ᠎ᠠ᠃ ᠦᠬᠡ ᠬᠡᠯᠡ ᠦᠰᠦᠭ ᠪᠢᠴᠢᠭ ᠨᠢ ᠴᠤ ᠠᠭᠠᠵᠢᠮ ᠢᠶᠠᠷ ᠡᠯ᠎ᠡ ᠠᠶᠢᠮᠠᠭ ᠪᠦᠯᠦᠭ ᠤᠨ ᠬᠠᠮᠳᠤ ᠶᠢᠨ ᠦᠬᠡ ᠬᠡᠯᠡ ᠪᠤᠯᠤᠭᠰᠠᠨ ᠪᠠᠶᠢᠪᠠ᠃ ᠮᠤᠩᠭᠤᠯ ᠬᠡᠳᠡᠭ ᠨᠡᠷ᠎ᠡ ᠤᠤᠯ ᠤᠨ ᠠᠶᠢᠮᠠᠭ ᠤᠨ ᠨᠡᠷᠡᠶᠢᠳᠦᠯ ᠪᠢᠰᠢ ᠪᠤᠯᠵᠤ᠂ ᠬᠠᠷᠢᠨ ᠤᠯᠠᠨ ᠠᠶᠢᠮᠠᠭ ᠤᠭᠰᠠᠭᠠᠳᠠᠨ ᠢᠶᠠᠷ ᠪᠦᠷᠢᠯᠳᠦᠭᠰᠡᠨ ᠨᠢᠬᠡᠨ ᠬᠠᠮᠳᠤ ᠶᠢᠨ ᠴᠤᠭᠴᠠ ᠪᠤᠯᠬᠤ ᠦᠨᠳᠦᠰᠦᠳᠡᠨ ᠤ ᠨᠡᠷᠡᠶᠢᠳᠦᠯ ᠪᠤᠯᠤᠭᠰᠠᠨ ᠎ ᠠᠴᠠ ᠮᠤᠩᠭᠤᠯ ᠦᠨᠳᠦᠰᠦᠳᠡᠨ ᠰᠠᠶ᠋ᠢ ᠵᠢᠩᠭᠢᠨᠢ ᠪᠠᠷ ᠪᠤᠢ ᠪᠤᠯᠤᠭᠰᠠᠨ ᠪᠠᠶᠢᠨ᠎ᠠ᠃      3᠂ ᠮᠤᠩᠭᠤᠯ ᠤᠨ ᠨᠡᠶᠢᠬᠡᠮ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠦᠭᠵᠢᠬᠦᠯᠦᠭᠰᠡᠨ᠃ ᠴᠢᠩᠭᠢᠰ ᠬᠠᠭᠠᠨ ᠮᠤᠩᠭᠤᠯ ᠢ ᠨᠢᠬᠡᠳᠬᠡᠬᠦ ᠠᠴᠠ ᠡᠮᠦᠨ᠎ᠡ ᠮᠤᠩᠭᠤᠯ ᠤᠨ ᠦᠨᠳᠦᠷᠯᠢᠭ ᠤᠪᠤᠭ ᠲᠦᠷᠦᠯ ᠤᠨ ᠨᠡᠶᠢᠬᠡᠮ ᠪᠤᠶᠤ ᠤᠪᠤᠭ ᠲᠦᠷᠦᠯ ᠤᠨ ᠨᠡᠶᠢᠬᠡᠮ ᠠᠴᠠ ᠪᠤᠯᠪᠠᠰᠤᠨ ᠤᠷᠤᠭᠤ ᠤᠯᠠᠷᠢᠨ ᠬᠤᠪᠢᠰᠴᠤ ᠪᠠᠶᠢᠭᠰᠠᠨ ᠴᠠᠭ ᠦᠶ᠎ᠡ ᠳᠤ ᠪᠠᠶᠢᠵᠠᠢ᠃ ᠲᠤᠬᠠᠢ ᠶᠢᠨ ᠦᠶ᠎ᠡ ᠳᠤ ᠮᠤᠩᠭᠤᠯ ᠤᠨ ᠨᠡᠶᠢᠬᠡᠮ ᠤᠨ ᠦᠢᠯᠡᠳᠪᠦᠷᠢᠯᠡᠯ ᠤᠨ ᠬᠦᠴᠦᠨ ᠶᠠᠷᠢᠶᠠᠨ ᠦᠬᠡᠢ ᠬᠤᠴᠤᠷᠠᠩᠭᠤᠢ ᠪᠠᠶᠢᠪᠠ᠃ ᠬᠡᠪᠡᠴᠦ ᠲᠤᠮᠳᠠᠳᠤ ᠶᠢᠨ ᠲᠠᠯ᠎ᠠ ᠭᠠᠵᠠᠷ ᠪᠤᠯᠤᠨ ᠪᠠᠷᠠᠭᠤᠨ ᠬᠢᠵᠠᠭᠠᠷ ᠤᠷᠤᠨ ᠤ ᠨᠦᠯᠦᠬᠡ ᠎ ᠪᠠᠷ ᠵᠤᠬᠢᠬᠤ ᠬᠡᠮᠵᠢᠶᠡᠨ ᠤ ᠬᠦᠭᠵᠢᠭᠰᠡᠨ ᠪᠠᠶᠢᠪᠠ᠃ ᠲᠤᠬᠠᠢ ᠶᠢᠨ ᠦᠶ᠎ᠡ ᠳᠤ ᠡᠳᠡᠬᠡᠷ ᠭᠠᠵᠠᠷ ᠤᠷᠤᠨ ᠲᠠᠢ ᠠᠵᠤ ᠠᠬᠤᠢ ᠶᠢᠨ ᠰᠤᠯᠢᠯᠴᠠᠭᠠᠨ ᠤ ᠬᠠᠷᠢᠴᠠᠭ᠎ᠠ ᠲᠠᠢ ᠪᠠᠶᠢᠭᠰᠠᠨ ᠪᠤᠯᠪᠠᠴᠤ ᠦᠷᠬᠦᠯᠵᠢᠯᠡᠭᠰᠡᠨ ᠲᠠᠶᠢᠨ ᠪᠠᠶᠢᠯᠳᠤᠭᠠᠨ ᠨᠢ ᠦᠢᠯᠡᠳᠪᠦᠷᠢᠯᠡᠯ ᠤᠨ ᠬᠦᠴᠦᠨ ᠤ ᠬᠦᠭᠵᠢᠬᠦ ᠶᠢ ᠶᠡᠬᠡᠪᠡᠷ ᠨᠦᠯᠦᠬᠡᠯᠡᠵᠦ ᠪᠠᠶᠢᠵᠠᠢ᠃ ᠴᠢᠩᠭᠢᠰ ᠬᠠᠭᠠᠨ ᠮᠤᠩᠭᠤᠯ ᠢ ᠨᠢᠬᠡᠳᠬᠡᠭᠰᠡᠨ ᠤ ᠲᠠᠷᠠᠭ᠎ᠠ᠂ ᠨᠡᠶᠢᠬᠡᠮ ᠤᠨ ᠪᠠᠶᠢᠳᠠᠯ ᠠᠮᠦᠷ ᠲᠤᠭᠳᠠᠭᠤᠨ ᠪᠤᠯᠵᠤ᠂ ᠦᠢᠯᠡᠳᠪᠦᠷᠢᠯᠡᠯ ᠤᠨ ᠬᠦᠴᠦᠨ ᠎ ᠤ ᠠᠰᠢᠭᠳᠠᠢ ᠤᠷᠴᠢᠨ ᠲᠤᠭᠤᠷᠢᠨ ᠢ ᠪᠤᠢ ᠪᠤᠯᠭᠠᠭᠰᠠᠨ ᠪᠠᠶᠢᠪᠠ᠃ ᠭᠠᠳᠠᠨᠠᠬᠢ ᠲᠠᠢ ᠠᠵᠤ ᠠᠬᠤᠢ ᠶᠢᠨ ᠰᠤᠯᠢᠯᠴᠠᠭ᠎ᠠ ᠴᠤ ᠤᠯᠠᠮ ᠢᠶᠠᠷ ᠬᠦᠭᠵᠢᠶᠡᠨ ᠲᠠᠢ ᠪᠤᠯᠤᠭᠰᠠᠨ ᠪᠠᠶᠢᠨ᠎ᠠ᠃ ᠴᠢᠩᠭᠢᠰ ᠬᠠᠭᠠᠨ ᠤᠯᠠᠨ ᠤᠳᠠᠭ᠎ᠠ ᠡᠮᠦᠨᠡᠰᠢ ᠲᠠᠶᠢᠯᠠᠵᠤ᠂ ᠮᠤᠩᠭᠤᠯ ᠤᠨ ᠲᠠᠯ᠎ᠠ ᠨᠤᠳᠤᠭ ᠲᠤ ᠲᠤᠮᠳᠠᠳᠤ ᠲᠠᠯ᠎ᠠ ᠭᠠᠵᠠᠷ ᠤᠨ ᠲᠠᠪᠰᠢᠩᠭᠤᠢ ᠮᠡᠷᠬᠡᠵᠢᠯ ᠪᠤᠯᠤᠨ ᠲᠠᠷᠬᠠᠨᠴᠤᠳ ᠢ ᠠᠪᠴᠢᠷᠠᠭᠰᠠᠨ ᠠᠴᠠ ᠮᠤᠩᠭᠤᠯ ᠤᠷᠤᠨ ᠤ ᠭᠠᠷ ᠦᠢᠯᠡᠳᠪᠦᠷᠢᠯᠡᠯ᠂ ᠲᠠᠷᠢᠶᠠᠯᠠᠩ ᠠᠵᠤ ᠠᠬᠤᠢ ᠨᠡᠯᠢᠶᠡᠳ ᠬᠦᠭᠵᠢᠭᠰᠡᠨ ᠪᠠᠶᠢᠪᠠ᠃ ᠮᠤᠩᠭᠤᠯ ᠤᠷᠤᠨ ᠤ ᠮᠠᠯ ᠠᠵᠤ ᠠᠬᠤᠢ ᠴᠤ ᠰᠢᠨ᠎ᠡ ᠬᠦᠭᠵᠢᠯᠳᠡ ᠲᠠᠢ ᠪᠤᠯᠵᠤ᠂ ᠮᠤᠩᠭᠤᠯ ᠎ ᠤᠨ ᠠᠳᠤᠭᠤ ᠮᠠᠯ ᠲᠠᠯᠡᠬᠡᠢ ᠶᠢᠨ ᠲᠡᠷᠢᠬᠦᠨ ᠪᠠᠶᠢᠷᠢ ᠶᠢ ᠡᠵᠡᠯᠡᠵᠦ ᠪᠠᠶᠢᠵᠠᠢ᠃ ᠲᠡᠷᠡ ᠦᠶ᠎ᠡ ᠳᠤ ᠬᠠᠷᠠᠬᠤᠷᠤᠮ ᠬᠤᠳᠠ ᠶᠢ ᠡᠬᠢᠯᠡᠵᠦ ᠪᠠᠶᠢᠭᠤᠯᠵᠤ᠂ ᠰᠡᠬᠦᠯᠡᠷ ᠶᠡᠭᠡ ᠮᠤᠩᠭᠤᠯ ᠤᠯᠤᠰ ᠤᠨ ᠲᠦᠷᠦ᠂ ᠠᠵᠤ ᠠᠬᠤᠢ᠂ ᠴᠡᠷᠢᠭ ᠤᠨ ᠵᠡᠪᠰᠡᠭ ᠲᠤᠨᠤᠭᠯᠠᠯ ᠤᠨ ᠰᠠᠭᠤᠷᠢᠨ ᠭᠠᠵᠠᠷ ᠪᠤᠯᠤᠭᠰᠠᠨ ᠢᠶᠠᠷ ᠪᠠᠷᠠᠬᠤ ᠦᠬᠡᠢ᠂ ᠭᠠᠷ ᠦᠢᠯᠡᠳᠪᠦᠷᠢ ᠪᠤᠯᠤᠨ ᠬᠤᠳᠠᠯᠳᠤᠭᠠᠨ ᠤ ᠲᠦᠪᠯᠡᠷᠡᠭᠰᠡᠨ ᠤᠷᠤᠨ ᠪᠤᠯᠤᠭᠰᠠᠨ ᠪᠠᠶᠢᠨ᠎ᠠ᠃ ᠠᠳᠡ ᠮᠠᠰᠢ ᠤᠯᠠᠨ ᠬᠢᠳᠠᠳ ᠬᠦᠮᠦᠨ᠂ ᠦᠷᠦᠨᠡᠳᠦ ᠶᠢᠨ ᠲᠠᠷᠬᠠᠨ ᠴᠤᠭᠯᠠᠷᠠᠵᠤ᠂ ᠮᠤᠩᠭᠤᠯ ᠤᠨ ᠭᠠᠷ ᠦᠢᠯᠡᠳᠪᠦᠷᠢ ᠶᠢᠨ ᠬᠦᠭᠵᠢᠯᠳᠡ ᠶᠢ ᠠᠬᠢᠭᠤᠯᠬᠤ ᠳᠤ ᠴᠢᠬᠤᠯᠠ ᠶᠡᠭᠡ ᠦᠢᠯᠡᠳᠦᠯ ᠦᠵᠡᠬᠦᠯᠦᠭᠰᠡᠨ ᠪᠠᠶᠢᠳᠠᠭ᠃ ᠤᠤᠯ ᠤᠨ ᠨᠢᠬᠡᠨ ᠶᠠᠳᠠᠭᠤ ᠬᠤᠴᠤᠷᠠᠩᠭᠤᠢ ᠪᠠᠶᠢᠭᠰᠠᠨ ᠮᠤᠩᠭᠤᠯ ᠦᠨᠳᠦᠰᠦᠳᠡᠨ᠂ ᠴᠢᠩᠭᠢᠰ ᠬᠠᠭᠠᠨ ᠤ ᠲᠡᠭᠵᠢᠨ ᠮᠠᠨᠳᠤᠭᠰᠠᠨ ᠢ ᠲᠠᠭᠠᠯᠳᠤᠨ ᠲᠠᠰᠤᠷᠠᠯᠳᠠ ᠦᠬᠡᠢ ᠬᠦᠭᠵᠢᠨ ᠲᠠᠪᠰᠢᠭᠰᠠᠨ ᠬᠦᠴᠦᠷᠬᠡᠭ ᠦᠨᠳᠦᠰᠦᠳᠡᠨ ᠪᠤᠯᠤᠨ ᠬᠤᠪᠢᠷᠠᠭᠰᠠᠨ ᠪᠠᠶᠢᠨ᠎ᠠ᠃       4᠂ ᠮᠤᠩᠭᠤᠯ ᠦᠨᠳᠦᠰᠦᠳᠡᠨ ᠤ ᠰᠤᠶᠤᠯ ᠢ ᠬᠦᠭᠵᠢᠬᠦᠯᠦᠭᠰᠡᠨ᠃ ᠮᠤᠩᠭᠤᠯ ᠬᠦᠮᠦᠨ ᠤᠤᠯ ᠨᠢ ᠨᠢᠬᠡᠳᠦᠮᠡᠯ ᠦᠰᠦᠭ ᠪᠢᠴᠢᠭ ᠪᠠᠶᠢᠭᠰᠠᠨ ᠦᠬᠡᠢ ᠪᠠᠶᠢᠵᠠᠢ᠃ ᠴᠢᠩᠭᠢᠰ ᠬᠠᠭᠠᠨ ᠨᠠᠢᠮᠠᠨ ᠢ ᠰᠦᠨᠦᠬᠡᠵᠦ᠂ ᠤᠶᠢᠭᠤᠷ ᠬᠦᠮᠦᠨ ᠲᠠᠳᠠᠳᠤᠩᠭ᠎ᠠ ᠶᠢ ᠤᠯᠵᠣ᠂ ᠤᠶᠢᠭᠤᠷᠵᠢᠨ ᠮᠤᠩᠭᠤᠯ ᠦᠰᠦᠭ ᠵᠤᠬᠢᠶᠠᠯᠭᠠᠭᠰᠠᠨ ᠠᠴᠠ ᠪᠦᠬᠦ ᠮᠤᠩᠭᠤᠯ ᠤᠨ ᠨᠡᠶᠢᠳᠡᠮ ᠬᠡᠷᠡᠭᠯᠡᠬᠦ ᠦᠰᠦᠭ ᠪᠢᠴᠢᠭ ᠪᠤᠢ ᠪᠤᠯᠤᠭᠰᠠᠨ ᠶᠤᠮ᠃ ᠡᠨᠡ ᠨᠢ ᠪᠦᠬᠦᠳᠡ ᠮᠤᠩᠭᠤᠯ ᠤᠨ ᠰᠤᠶᠤᠯ ᠤᠨ ᠬᠦᠭᠵᠢᠯᠳᠡ ᠪᠤᠯᠤᠨ ᠵᠠᠰᠠᠭ ᠵᠠᠬᠢᠷᠭᠠᠨ ᠤ ᠵᠠᠷᠯᠢᠭ ᠵᠢᠭᠠᠪᠤᠷᠢ ᠶᠢ ᠨᠠᠶᠢᠳᠠᠪᠤᠷᠢᠵᠢᠭᠤᠯᠤᠨ ᠬᠡᠷᠡᠭᠵᠢᠬᠦᠯᠬᠦ ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠴᠢᠩᠭᠢᠰ ᠬᠠᠭᠠᠨ ᠲᠡᠬᠦᠨ ᠤ ᠲᠤᠭᠳᠠᠭᠠᠭᠰᠠᠨ ᠬᠠᠤᠯᠢ ᠲᠦᠷᠢᠮ ᠢ ᠪᠢᠴᠢᠭ ᠪᠤᠯᠭᠠᠨ ︽ᠶᠡᠭᠡ ᠵᠠᠰᠠᠭ︾ ᠬᠡᠮᠡᠨ ᠨᠡᠶᠢᠳᠡᠯᠡᠭᠰᠡᠨ ᠪᠠᠶᠢᠪᠠ᠃ ᠲᠡᠬᠦᠨᠴᠢᠯᠠᠨ ᠬᠠᠮᠤᠭ ᠤᠨ ᠲᠡᠬᠡᠳᠦ ᠵᠠᠷᠭᠤᠴᠢ ᠎ ᠶᠢ ᠲᠤᠮᠢᠯᠠᠭᠰᠠᠨ ᠠᠴᠠ ᠶᠡᠭᠡ ᠮᠤᠩᠭᠤᠯ ᠤᠯᠤᠰ ᠨᠢ ᠦᠪᠡᠷ ᠤᠨ ᠬᠠᠤᠯᠢ ᠴᠠᠭᠠᠵᠠ ᠲᠠᠢ ᠤᠯᠤᠰ ᠪᠤᠯᠤᠭᠰᠠᠨ ᠪᠢᠯᠠ᠃ ᠴᠢᠩᠭᠢᠰ ᠬᠠᠭᠠᠨ ᠲᠠᠪᠰᠢᠩᠭᠤᠢ ᠦᠨᠳᠦᠰᠦᠳᠡᠨ ᠤ ᠰᠤᠶᠤᠯ ᠢ ᠶᠡᠬᠡᠪᠡᠷ ᠴᠢᠬᠤᠯᠠᠴᠢᠯᠠᠨ ᠦᠵᠡᠳᠡᠭ ᠪᠠᠶᠢᠵᠠᠢ᠃ ᠲᠡᠷᠡ ᠡᠷᠳᠡᠮ ᠴᠢᠳᠠᠪᠤᠷᠢ ᠲᠠᠢ ᠬᠦᠮᠦᠰ ᠢ ᠬᠦᠨᠳᠦᠳᠬᠡᠨ ᠬᠡᠷᠡᠭᠯᠡᠭᠰᠡᠨ ᠠᠴᠠ ᠲᠡᠬᠦᠨ ᠤ ᠲᠡᠷᠬᠡᠳᠡ ᠮᠠᠰᠢ ᠤᠯᠠᠨ ᠤᠶᠢᠭᠤᠷ ᠬᠢᠳᠠᠨ ᠦᠨᠳᠦᠰᠦᠳᠡᠨ ᠤ ᠨᠢᠬᠡᠨ ᠪᠦᠯᠦᠭ ᠡᠷᠳᠡᠮᠳᠡᠳ ᠴᠤᠭᠯᠠᠷᠠᠵᠤ᠂ ᠮᠤᠩᠭᠤᠯ ᠤᠨ ᠰᠤᠶᠤᠯ ᠢ ᠬᠦᠭᠵᠢᠬᠦᠯᠬᠦ ᠳᠤ ᠮᠠᠰᠢ ᠶᠡᠭᠡ ᠦᠢᠯᠡᠳᠦᠯ ᠦᠵᠡᠬᠦᠯᠦᠭᠰᠡᠨ ᠪᠠᠶᠢᠵᠠᠢ᠃ ᠴᠢᠩᠬᠢᠰ ᠬᠠᠭᠠᠨ ᠪᠦᠬᠦ ᠮᠤᠩᠭᠤᠯ ᠢ ᠨᠢᠬᠡᠳᠬᠡᠵᠦ ᠠᠪᠤᠭᠰᠠᠨ ᠤ ᠲᠠᠷᠠᠭ᠎ᠠ ᠮᠤᠩᠭᠤᠯ ᠤᠨ ᠰᠤᠶᠤᠯ ᠤᠨ ᠬᠤᠴᠤᠷᠠᠩᠭᠤᠢ ᠪᠠᠶᠢᠳᠠᠯ ᠢ ᠬᠤᠪᠢᠷᠠᠭᠤᠯᠤᠨ᠂ ᠮᠤᠩᠭᠤᠯ ᠤᠨ ᠨᠡᠶᠢᠬᠡᠮ ᠤᠨ ᠬᠦᠭᠵᠢᠯᠳᠡ ᠶᠢ ᠲᠦᠯᠬᠢᠨ ᠤᠷᠤᠭᠰᠢᠯᠠᠭᠤᠯᠬᠤ ᠳᠤ ᠤᠨᠴᠠᠭᠠᠢ ᠶᠡᠭᠡ ᠦᠢᠯᠡᠳᠦᠯ ᠭᠠᠷᠭᠠᠭᠰᠠᠨ ᠪᠠᠶᠢᠳᠠᠭ᠃      ᠴᠢᠩᠭᠢᠰ ᠬᠠᠭᠠᠨ ᠪᠦᠬᠦ ᠮᠤᠩᠭᠤᠯ ᠢ ᠨᠢᠬᠡᠳᠬᠡᠨ ᠶᠡᠭᠡ ᠮᠤᠩᠭᠤᠯ ᠤᠯᠤᠰ ᠢ ᠪᠠᠶᠢᠭᠤᠯᠬᠤ ᠦᠶ᠎ᠡ ᠳᠤ ᠲᠤᠮᠳᠠᠳᠤ ᠤᠯᠤᠰ ᠤᠨ ᠨᠤᠳᠤᠭ ᠲᠡᠪᠢᠰᠬᠡᠷ ᠬᠡᠰᠡᠭᠯᠡᠭᠳᠡᠨ ᠬᠤᠪᠢᠶᠠᠭᠳᠠᠭᠰᠠᠨ ᠪᠠᠶᠢᠳᠠᠯ ᠳᠤ ᠪᠠᠶᠢᠪᠠ᠃ ᠤᠳᠤ ᠶᠢᠨ ᠵᠡᠬᠦᠨ ᠬᠤᠶᠢᠳᠤ ᠤᠷᠤᠨ ᠪᠠ ᠤᠮᠠᠷᠠᠳᠤ ᠤᠷᠤᠨ ᠳᠤ ᠵᠦᠷᠴᠢᠳ ᠤᠨ ᠠᠯᠳᠠᠨ ᠤᠯᠤᠰ︔ ᠨᠢᠩᠰᠢᠶᠠ᠂ ᠱᠠᠨᠰᠢ᠂ ᠭᠠᠨᠰᠤ᠂ ᠦᠪᠦᠷ ᠮᠤᠩᠭᠤᠯ ᠤᠨ ᠲᠤᠮᠳᠠ ᠪᠠᠷᠠᠭᠤᠨ ᠬᠡᠰᠡᠭ ︵ᠤᠷᠳᠤᠰ ᠪᠠᠭᠳᠠᠨ᠎ᠠ︶᠎ ᠢᠶᠠᠷ ᠲᠠᠩᠭᠤᠳ ᠤᠨ ᠪᠠᠷᠠᠭᠤᠨ ᠰᠢᠶᠠ ᠤᠯᠤᠰ︔ ᠰᠢᠨᠵᠢᠶᠠᠩ ᠵᠢᠴᠢ ᠪᠠᠷᠠᠭᠤᠨᠰᠢ ᠤᠶᠢᠭᠤᠷ ᠪᠤᠯᠤᠨ ᠬᠢᠳᠠᠨ ᠤ ᠪᠠᠷᠠᠭᠤᠨ ᠯᠢᠶᠤᠤ ᠤᠯᠤᠰ ︔ ᠲᠦᠪᠡᠳ ᠬᠦᠬᠡᠨᠠᠭᠤᠷ ᠤᠷᠴᠢᠮ ᠲᠦᠪᠡᠳ ᠤᠯᠤᠰ︔ ᠶᠦᠨᠨᠠᠨ᠂ ᠬᠦᠢᠵᠸᠦ ᠤᠷᠴᠢᠮ ᠳᠠᠬᠢ ᠳ᠋ᠠᠯᠢ ᠤᠯᠤᠰ︔ ᠶᠡᠭᠡ ᠮᠦᠷᠡᠨ ᠤ ᠰᠠᠪᠠ ᠭᠠᠵᠠᠷ ᠠᠴᠠ ᠤᠷᠤᠭᠰᠢ ᠬᠢᠳᠠᠳ ᠤᠨ ᠡᠮᠦᠨᠡᠳᠦ ᠰᠦᠩ ᠤᠯᠤᠰ ᠪᠠᠶᠢᠷᠢᠰᠢᠵᠤ ᠪᠠᠶᠢᠪᠠ᠃ ᠴᠢᠩᠭᠢᠰ ᠬᠠᠭᠠᠨ ᠮᠤᠩᠭᠤᠯ ᠢ ᠨᠢᠬᠡᠳᠬᠡᠭᠰᠡᠨ ᠤ ᠲᠠᠷᠠᠭ᠎ᠠ᠂ ᠦᠪᠡᠷ ᠤᠨ ᠵᠠᠰᠠᠭ ᠤᠨ ᠡᠷᠬᠡ ᠪᠠᠨ ᠤᠯᠠᠮ ᠢᠯᠡᠬᠦᠦ ᠪᠠᠳᠤᠳᠬᠠᠵᠤ᠂ ᠬᠠᠷᠢᠭᠤ ᠦᠰᠢᠶ᠎ᠡ ᠪᠠᠨ ᠠᠪᠴᠤ᠂ ᠦᠪᠡᠷ ᠤᠨ ᠬᠢᠵᠠᠭᠠᠷ ᠤᠷᠤᠨ ᠪᠠᠨ ᠦᠷᠬᠡᠳᠬᠡᠨ᠂ ᠲᠡᠭᠷᠢ ᠶᠢᠨ ᠲᠤᠤᠷᠠᠬᠢ ᠶᠢ ᠡᠵᠡᠮᠰᠢᠬᠦ ᠵᠤᠷᠢᠯᠳᠠ ᠪᠠᠷ ᠰᠢᠨᠵᠢᠶᠠᠩ᠂ ᠭᠤᠪᠢ ᠶᠢᠨ ᠤᠮᠠᠷᠠᠳᠤ ᠠᠴᠠ ᠲᠦᠪᠡᠳ ᠬᠦᠷᠳᠡᠯ᠎ᠡ ᠪᠤᠢ ᠪᠦᠬᠦᠢ ᠭᠠᠵᠠᠷ ᠤᠷᠤᠨ᠂ ᠪᠤᠢ ᠪᠦᠬᠦᠢ ᠦᠨᠳᠦᠰᠦᠳᠡᠨ ᠴᠦᠮ ᠶᠡᠭᠡ ᠮᠤᠩᠭᠤᠯ ᠤᠯᠤᠰ ᠤᠨ ᠲᠤᠤᠷ᠎ᠠ ᠬᠠᠷᠢᠶᠠᠯᠠᠭᠳᠠᠬᠤ ᠪᠤᠯᠤᠭᠰᠠᠨ ᠪᠠᠶᠢᠨ᠎ᠠ᠃ ᠡᠨᠡ ᠨᠢ ᠤᠯᠠᠨ ᠦᠨᠳᠦᠰᠦᠳᠡᠨ ᠤ ᠨᠢᠬᠡᠳᠦᠭᠰᠡᠨ ᠲᠤᠮᠳᠠᠳᠤ ᠤᠯᠤᠰ ᠢ ᠪᠠᠶᠢᠭᠤᠯᠬᠤ ᠳᠤ ᠰᠠᠭᠤᠷᠢ ᠲᠠᠯᠪᠢᠵᠤ ᠦᠭᠬᠦᠭᠰᠡᠨ ᠪᠠᠶᠢᠵᠠᠢ᠃ ᠡᠨᠡ ᠪᠤᠯ ᠲᠠᠷᠤᠢ ᠴᠢᠩᠭᠢᠰ ᠬᠠᠭᠠᠨ ᠤ ᠲᠠᠶᠢᠨ ᠤ ᠦᠷ᠎ᠡ ᠳ᠋ᠦᠩ᠂ ᠨᠢᠬᠡᠨ ᠨᠠᠰᠤᠨ ᠤ ᠭᠠᠪᠢᠶᠠᠳᠤ ᠦᠢᠯᠡᠰ ᠮᠦᠨ᠃ ᠡᠨᠡ ᠨᠢ ᠮᠦᠨᠴᠦ ᠴᠢᠩᠭᠢᠰ ᠬᠠᠭᠠᠨ ᠤ ᠲᠤᠮᠳᠠᠳᠤ ᠤᠯᠤᠰ ᠢ ᠨᠢᠬᠡᠳᠬᠡᠬᠦ ᠲᠠᠶᠢᠨ ᠤ ᠪᠤᠳᠤᠯᠭ᠎ᠠ ᠶᠢᠨ ᠠᠩᠬ᠎ᠠ ᠠᠯᠬᠤᠮ ᠪᠠᠶᠢᠵᠤ᠂ ᠲᠠᠷᠠᠭᠠᠴᠢ ᠶᠢᠨ ᠠᠯᠬᠤᠮ ᠢ ᠲᠡᠬᠦᠨ ᠎ ᠤ ᠵᠠᠯᠭᠠᠮᠵᠢᠯᠠᠭᠴᠢᠳ ᠪᠡᠶᠡᠯᠡᠬᠦᠯᠵᠦ᠂ ᠦᠷᠬᠡᠨ ᠠᠭᠤᠳᠠᠮ ᠨᠤᠳᠤᠭ ᠲᠡᠪᠢᠰᠬᠡᠷ ᠲᠠᠢ ᠶᠤᠸᠠᠨ ᠤᠯᠤᠰ ᠢ ᠪᠠᠶᠢᠭᠤᠯᠵᠤ᠂ ᠲᠤᠮᠳᠠᠳᠤ ᠤᠯᠤᠰ ᠤᠨ ᠲᠠᠪᠤᠨ ᠵᠠᠭᠤ ᠰᠢᠬᠠᠮ ᠵᠢᠯ ᠤᠨ ᠬᠠᠭᠠᠴᠠᠭᠰᠠᠨ ᠪᠠᠶᠢᠳᠠᠯ ᠢ ᠡᠴᠦᠰᠯᠡᠬᠦᠯᠦᠭᠰᠡᠨ ᠪᠠᠶᠢᠪᠠ᠃ ᠲᠤᠮᠳᠠᠳᠤ ᠤᠯᠤᠰ ᠤᠨ ᠲᠡᠤᠬᠡᠨ ᠲᠡᠬᠡᠷ᠎ᠡ ᠴᠢᠩᠭᠢᠰ ᠬᠠᠭᠠᠨ ᠠᠤᠭ᠎ᠠ ᠶᠡᠭᠡ ᠵᠤᠷᠢᠭ ᠵᠢᠪᠬᠤᠭ᠎ᠠ ᠪᠠᠷ ᠬᠠᠳᠠᠭᠤᠵᠢᠯᠳᠠᠢ ᠰᠢᠷᠭᠠᠭᠤ ᠲᠡᠮᠡᠴᠡᠯ ᠢᠶᠠᠷ ᠲᠠᠮᠵᠢᠨ ᠬᠠᠭᠠᠴᠠᠨ ᠪᠤᠳᠠᠷᠠᠭᠰᠠᠨ ᠤᠯᠠᠨ ᠦᠨᠳᠦᠰᠦᠳᠡᠨ ᠢ ᠨᠢᠬᠡᠳᠬᠡᠵᠦ᠂ ᠲᠤᠮᠳᠠᠳᠤ ᠤᠯᠤᠰ ᠤᠨ ᠦᠨᠳᠦᠰᠦᠳᠡᠨ ᠤ ᠤᠷᠤᠰᠢᠨ ᠲᠤᠭᠳᠠᠨᠢᠬᠤ ᠤᠷᠤᠨ ᠬᠡᠪᠴᠢᠶ᠎ᠡ ᠶᠢ ᠦᠷᠬᠡᠳᠬᠡᠭᠰᠡᠨ ᠠᠯᠳᠠᠷ ᠭᠠᠪᠢᠶ᠎ᠠ᠂ ᠠᠭᠤᠤ ᠶᠡᠭᠡ ᠦᠢᠯᠡᠰ ᠨᠢ ᠠᠯᠳᠠᠨ ᠲᠡᠯᠡᠬᠡᠢ ᠳᠤ ᠴᠤᠤᠷᠢᠶᠠᠳᠤᠵᠤ᠂ ᠲᠤᠮᠳᠠᠳᠤ ᠶᠢᠨ ᠮᠤᠩᠭᠤᠯ ᠦᠨᠳᠦᠰᠦᠳᠡᠨ ᠤ ᠠᠯᠳᠠᠷᠳᠤ ᠬᠠᠭᠠᠨ ᠪᠤᠯᠤᠭᠰᠠᠨ ᠪᠠᠶᠢᠭ᠎ᠠ ᠶᠤᠮ᠃      ᠭᠤᠷᠪᠠ᠂ ᠪᠠᠷᠠᠭᠤᠨᠰᠢ ᠲᠠᠶᠢᠯᠠᠵᠤ ᠠᠽᠢᠶ᠎ᠠ ᠡᠸᠦ᠋ᠷᠦᠫᠡ ᠶᠢ ᠰᠤᠨᠳᠠᠯᠠᠭᠰᠠᠨ᠃ 1219 ᠤᠨ ᠳᠤ ᠴᠢᠩᠭᠢᠰ ᠬᠠᠭᠠᠨ ᠮᠤᠩᠭᠤᠯ ᠤᠨ ᠶᠡᠭᠡ ᠴᠡᠷᠢᠭ ᠢᠶᠠᠨ ᠲᠠᠶᠢᠴᠢᠯᠠᠨ ᠪᠠᠷᠠᠭᠤᠨᠰᠢ ᠲᠠᠶᠢᠯᠠᠵᠤ᠂ ᠬᠡᠳᠦᠨ ᠵᠢᠯ ᠤᠨ ᠬᠠᠳᠠᠭᠤ ᠪᠡᠷᠬᠡᠰᠢᠶᠡᠯᠳᠦ ᠲᠠᠶᠢᠨ ᠢᠶᠠᠷ ᠲᠠᠮᠵᠢᠨ ᠲᠤᠮᠳᠠᠳᠤ ᠠᠽᠢᠶ᠎ᠠ᠂ ᠤᠷᠤᠰ ᠤᠨ ᠬᠡᠰᠡᠭ ᠭᠠᠵᠠᠷ ᠤᠳ ᠢ ᠡᠵᠡᠯᠡᠪᠡ᠃ ᠲᠡᠬᠦᠨ ᠤ ᠵᠠᠯᠭᠠᠮᠵᠢᠯᠠᠭᠴᠢᠳ ᠤᠷᠤᠰ ᠢ ᠡᠷᠬᠡᠰᠢᠶᠡᠯ ᠳᠡᠭᠡᠨ ᠤᠷᠤᠭᠤᠯᠵᠤ᠂ ᠵᠡᠬᠦᠨ ᠡᠸᠦ᠋ᠷᠦᠫᠡ ᠶᠢ ᠲᠠᠭᠠᠷᠢᠪᠠ᠃ ᠡᠳᠡᠬᠡᠷ ᠡᠷᠬᠡᠰᠢᠶᠡᠯ ᠳᠡᠭᠡᠨ ᠤᠷᠤᠭᠤᠯᠤᠭᠰᠠᠨ ᠭᠠᠵᠠᠷ ᠨᠤᠳᠤᠭ ᠲᠡᠬᠡᠷ᠎ᠡ ᠤᠷᠢᠳ ᠬᠤᠵᠢᠳ ᠬᠢᠪᠴᠠᠭ ᠬᠠᠭᠠᠨᠳᠤ ᠤᠯᠤᠰ᠂ ᠴᠠᠭᠠᠳᠠᠢ ᠬᠠᠭᠠᠨᠳᠤ ᠤᠯᠤᠰ᠂ ᠦᠬᠡᠳᠠᠢ ᠬᠠᠭᠠᠨᠳᠤ ᠤᠯᠤᠰ᠂ ᠢᠯ ᠬᠠᠭᠠᠨᠳᠤ ᠤᠯᠤᠰ ᠢ ᠪᠠᠶᠢᠭᠤᠯᠤᠭᠰᠠᠨ ᠪᠠᠶᠢᠪᠠ᠃ ᠲᠦᠷᠪᠡᠨ ᠬᠠᠭᠠᠨᠳᠤ ᠤᠯᠤᠰ ᠠᠩᠬᠠᠨ ᠳᠠᠭᠠᠨ ᠪᠦᠷ ᠶᠡᠭᠡ ᠮᠤᠩᠭᠤᠯ ᠤᠯᠤᠰ ᠤᠨ ᠨᠢᠬᠡ ᠬᠡᠰᠡᠭ ᠨᠢ ᠪᠠᠶᠢᠵᠤ᠂ ᠶᠤᠸᠠᠨ ᠤᠯᠤᠰ ᠤᠨ ᠦᠶ᠎ᠡ ᠳᠤ ᠠᠭᠠᠵᠢᠮ ᠢᠶᠠᠷ ᠬᠡᠷᠡᠭ ᠲᠡᠬᠡᠷ᠎ᠡ ᠪᠠᠨ ᠲᠤᠰᠭᠠᠷᠵᠢᠭᠰᠠᠨ ᠪᠠᠶᠢᠳᠠᠯ ᠳᠤ ᠤᠷᠤᠭᠰᠠᠨ ᠪᠠᠶᠢᠵᠠᠢ᠃ ᠬᠡᠪᠡᠴᠦ ᠡᠯ᠎ᠡ ᠬᠠᠭᠠᠨᠳᠤ ᠤᠯᠤᠰ ᠨᠢ ᠶᠤᠸᠠᠨ ᠤᠯᠤᠰ ᠤᠨ ᠬᠠᠭᠠᠨ ᠢ ᠦᠪᠡᠷ ᠤᠨ ᠡᠵᠡᠨ ᠎ ᠢᠶᠠᠷ ᠦᠵᠡᠵᠦ ᠪᠠᠶᠢᠵᠠᠢ᠃ ᠴᠢᠩᠭᠢᠰ ᠬᠠᠭᠠᠨ ᠤ ᠪᠠᠷᠠᠭᠤᠨᠰᠢ ᠲᠠᠶᠢᠯᠠᠭᠰᠠᠨ ᠨᠢ ᠦᠷᠬᠡᠨ ᠠᠭᠤᠳᠠᠮ ᠠᠽᠢᠶ᠎ᠠ ᠡᠸᠦ᠋ᠷᠦᠫᠡ ᠶᠢ ᠨᠢᠬᠡᠨ ᠲᠤᠮᠤ ᠤᠯᠤᠰ ᠤᠨ ᠲᠤᠳᠤᠷ᠎ᠠ ᠪᠠᠭᠳᠠᠭᠠᠵᠤ᠂ ᠡᠳᠡᠬᠡᠷ ᠤᠯᠤᠰ ᠤᠷᠤᠨ ᠤ ᠤᠷᠳᠤ ᠤᠳᠠᠭᠠᠨ ᠬᠤᠭᠤᠴᠠᠭᠠᠨ ᠤ ᠲᠠᠶᠢᠨ ᠪᠠᠶᠢᠯᠳᠤᠭᠠᠨ ᠦᠷᠬᠦᠯᠵᠢᠯᠡᠭᠰᠡᠨ ᠰᠠᠮᠠᠭᠤᠨ ᠪᠠᠶᠢᠳᠠᠯ ᠢ ᠲᠦᠪᠰᠢᠳᠬᠡᠵᠦ᠂ ᠲᠡᠤᠬᠡ ᠶᠢᠨ ᠤᠷᠳᠤ ᠬᠤᠭᠤᠴᠠᠭᠠᠨ ᠤ ᠡᠩᠬᠡ ᠲᠠᠶᠢᠪᠤᠩ ᠢ ᠤᠯᠭᠤᠵᠤ᠂ ᠲᠤᠮᠳᠠᠳᠤ ᠤᠯᠤᠰ ᠪᠠ ᠲᠠᠯᠡᠬᠡᠢ ᠶᠢᠨ ᠲᠡᠤᠬᠡᠨ ᠬᠦᠭᠵᠢᠯᠳᠡ ᠳᠤ ᠰᠢᠨ᠎ᠡ ᠡᠨᠧᠷᠬᠢ ᠶᠢ ᠪᠤᠢ ᠪᠤᠯᠭᠠᠵᠤ ᠦᠭᠬᠦᠭᠰᠡᠨ ᠶᠤᠮ᠃ ᠡᠨᠡᠬᠦ ᠲᠦᠪ ᠰᠤᠨᠳᠠᠯᠠᠭᠰᠠᠨ ᠠᠪᠤᠷᠭᠤ ᠲᠤᠮᠤ ᠤᠯᠤᠰ ᠤᠨ ᠪᠤᠢ ᠪᠤᠯᠤᠭᠰᠠᠨ ᠨᠢ ᠲᠤᠷᠤᠨᠠᠳᠤ ᠦᠷᠦᠨᠡᠳᠤ ᠶᠢᠨ ᠠᠵᠤ ᠠᠬᠤᠢ᠂ ᠰᠤᠶᠤᠯ᠂ ᠠᠷᠠᠯᠵᠢᠶ᠎ᠠ ᠰᠤᠯᠢᠯᠴᠠᠭᠠᠨ ᠤ ᠵᠠᠮ ᠢ ᠨᠡᠬᠡᠬᠡᠨ ᠦᠭᠬᠦᠭᠰᠡᠨ ᠪᠢᠯᠡ᠃ ᠮᠤᠩᠭᠤᠯ ᠤᠨ ᠴᠡᠷᠢᠭ ᠤᠨ ᠭᠤᠷᠪᠠᠨ ᠤᠳᠠᠭ᠎ᠠ ᠪᠠᠷᠠᠭᠤᠨᠰᠢ ᠲᠠᠶᠢᠯᠠᠭᠰᠠᠨ ᠨᠢ ᠬᠡᠷᠡᠭ ᠲᠡᠬᠡᠷ᠎ᠡ ᠪᠠᠨ ᠲᠡᠯᠡᠬᠡᠢ ᠶᠢᠨ ᠲᠡᠤᠬᠡ ᠶᠢ ᠦᠬᠡᠷᠡᠴᠢᠯᠡᠨ ᠪᠢᠴᠢᠭᠯᠡᠵᠦ᠂ ᠲᠠᠯᠡᠬᠡᠢ ᠶᠢᠨ ᠭᠠᠵᠠᠷ ᠎ ᠤᠨ ᠵᠢᠷᠤᠭ ᠢ ᠬᠤᠪᠢᠷᠠᠭᠤᠯᠤᠨ ᠵᠢᠷᠤᠵᠤ᠂ ᠲᠡᠯᠡᠬᠡᠢ ᠶᠢᠨ ᠤᠯᠤᠰ ᠤᠳ ᠤᠨ ᠬᠢᠯᠢ ᠶᠢᠨ ᠵᠠᠭᠠᠭ ᠢ ᠦᠬᠡᠷᠡᠴᠢᠯᠡᠨ ᠬᠤᠪᠢᠶᠠᠭᠰᠠᠨ ᠪᠠᠶᠢᠨ᠎ᠠ᠃ ᠬᠡᠯᠡᠯᠬᠡᠨ ᠦᠬᠡᠢ ᠲᠠᠶᠢᠨ ᠤ ᠬᠤᠪᠢ ᠳᠤ ᠲᠤᠬᠠᠢ ᠶᠢᠨ ᠭᠠᠵᠠᠷ ᠤᠨ ᠤᠯᠤᠰ ᠪᠤᠯᠤᠨ ᠠᠷᠠᠳ ᠲᠦᠮᠡᠨ ᠳᠤ ᠭᠠᠢ ᠭᠠᠮᠰᠢᠭ ᠤᠴᠠᠷᠠᠭᠤᠯᠵᠤ᠂ ᠮᠤᠩᠭᠤᠯ ᠤᠨ ᠴᠡᠷᠢᠭ ᠴᠤ ᠬᠦᠨᠳᠦ ᠨᠤᠴᠢᠳᠠᠢ ᠬᠤᠬᠢᠷᠠᠯ ᠠᠮᠰᠠᠭᠰᠠᠨ ᠨᠢ ᠲᠠᠮᠵᠢᠭ ᠦᠬᠡᠢ᠃ ᠬᠡᠪᠡᠴᠦ ᠲᠠᠶᠢᠨ ᠤ ᠦᠷ᠎ᠡ ᠳ᠋ᠦᠩ ᠠᠴᠠ ᠦᠵᠡᠬᠦ ᠳᠤ ᠴᠢᠩᠭᠢᠰ ᠬᠠᠭᠠᠨ ᠪᠠᠷᠠᠭᠤᠨᠰᠢ ᠲᠠᠶᠢᠯᠠᠭᠰᠠᠨ ᠤ ᠲᠠᠷᠠᠭ᠎ᠠ᠂ ᠲᠤᠷᠤᠨᠠᠳᠤ ᠦᠷᠦᠨᠡᠳᠦ ᠶᠢᠨ ᠠᠵᠤ ᠠᠬᠤᠢ᠂ ᠰᠤᠶᠤᠯ ᠬᠦᠭᠵᠢᠵᠦ᠂ ᠡᠸᠦ᠋ᠷᠦᠫᠡ ᠶᠢᠨ ᠶᠠᠳᠠᠭᠤ ᠬᠤᠴᠤᠷᠠᠩᠭᠤᠢ ᠬᠤᠳᠠᠳ ᠲᠤ ᠬᠦᠭᠵᠢᠯ ᠪᠠᠳᠠᠷᠠᠯ ᠢ ᠠᠪᠴᠢᠷᠠᠨ᠂ ᠦᠷᠦᠨᠡᠳᠦ ᠶᠢᠨ ᠬᠠᠷᠠᠩᠭᠤᠢ ᠲᠤᠮᠳᠠᠳᠤ ᠡᠷᠢᠨ ᠢ ᠡᠪᠳᠡᠪᠡ᠃ ᠲᠡᠬᠦᠨᠴᠢᠯᠡᠨ ᠮᠤᠩᠭᠤᠯ ᠤᠨ ᠦᠨᠳᠦᠷᠯᠢᠭ ᠲᠤ ᠴᠤ ᠤᠷᠢᠳ ᠡᠮᠦᠨ᠎ᠡ ᠭᠠᠷᠤᠭ᠎ᠠ ᠦᠬᠡᠢ ᠠᠮᠤᠷ ᠲᠤᠭᠳᠠᠭᠤᠨ ᠬᠦᠭᠵᠢᠯ ᠮᠠᠨᠳᠤᠯ ᠢ ᠠᠪᠴᠢᠷᠠᠭᠰᠠᠨ ᠪᠠᠶᠢᠪᠠ᠃       ᠶᠡᠭᠡ ᠮᠤᠩᠭᠤᠯ ᠤᠯᠤᠰ 65 ᠵᠢᠯ ᠲᠦᠷᠦ ᠪᠠᠷᠢᠵᠤ᠂ ᠲᠡᠮᠦᠵᠢᠨ᠂ ᠦᠬᠡᠳᠠᠢ᠂ ᠬᠦᠶᠦᠭ᠂ ᠮᠦᠩᠬᠡ ᠲᠦᠷᠪᠡᠨ ᠬᠠᠭᠠᠨ ᠰᠠᠭᠤᠵᠤ ᠦᠩᠬᠡᠷᠡᠪᠡ᠃ ᠴᠢᠩᠭᠢᠰ ᠬᠠᠭᠠᠨ 21 ᠵᠢᠯ ᠬᠠᠭᠠᠨ ᠰᠢᠷᠡᠬᠡᠨ ᠳᠤ ᠰᠠᠭᠠᠳᠠᠵᠤ᠂ 1227 ᠤᠨ ᠤ 8 ᠰᠠᠷᠠᠶᠢᠨ 25᠎ ᠤ ᠡᠳᠦᠷ 66 ᠨᠠᠰᠤᠳᠠᠢ ᠲᠦᠷᠢᠮᠡᠬᠡᠢ ᠪᠠᠯᠭᠠᠰᠤᠨ᠎ᠠ ᠲᠡᠭᠷᠢ ᠳᠤ ᠬᠠᠯᠢᠪᠠ᠃ ᠲᠡᠬᠦᠨ ᠤ ᠨᠠᠰᠤ ᠨᠦᠭᠴᠢᠭᠰᠡᠨ ᠰᠢᠯᠳᠠᠭᠠᠨ ᠢ ᠲᠡᠤᠬᠡᠴᠢᠳ ᠶᠠᠩᠵᠦ ᠪᠦᠷᠢ ᠢᠶᠠᠷ ᠲᠡᠮᠳᠡᠭᠯᠡᠵᠦ ᠪᠠᠶᠢᠳᠠᠭ᠃     1᠂ ᠮᠤᠷᠢᠨ ᠠᠴᠠ ᠤᠨᠠᠵᠤ ᠪᠠᠷᠠᠳᠠᠭᠰᠠᠨ     2᠂ ᠡᠪᠡᠳᠴᠢᠨ ᠢᠶᠠᠷ ᠨᠠᠰᠤ ᠪᠠᠷᠠᠭᠰᠠᠨ     3᠂ ᠲᠠᠩᠭᠤᠳ ᠤᠨ ᠬᠦᠷᠪᠡᠯᠵᠢᠨ ᠬᠠᠳᠤᠨ ᠳᠤ ᠬᠤᠤᠷᠯᠠᠭᠳᠠᠵᠤ ᠨᠠᠰᠤ ᠪᠠᠷᠠᠭᠰᠠᠨ ᠬᠡᠳᠡᠭ᠃ ᠴᠢᠩᠭᠢᠰ ᠬᠠᠭᠠᠨ ᠤ ᠨᠠᠰᠤ ᠨᠦᠭᠴᠢᠭᠰᠡᠨ ᠡᠳᠦᠷ ᠨᠢ 1227 ᠤᠨ ᠤ 8 ᠰᠠᠷᠠᠶᠢᠨ 25 ᠬᠡᠳᠡᠭ ᠨᠢ ᠦᠨᠡᠨ ᠪᠤᠯᠤᠯᠳᠠᠢ᠃ 1162 ᠤᠨ ᠳᠤ ᠲᠠᠮᠦᠵᠢᠨ ᠮᠡᠨᠳᠦᠯᠡᠭᠰᠡᠨ ᠠᠴᠠ 1368 ᠤᠨ ᠶᠤᠸᠠᠨ ᠤᠯᠤᠰ ᠮᠦᠬᠦᠳᠡᠯ᠎ᠡ ᠨᠡᠶᠢᠳᠡ 206 ᠵᠢᠯ ᠪᠤᠯᠵᠠᠢ᠃      ᠲᠦᠷᠪᠡ᠂ ᠴᠢᠩᠭᠢᠰ ᠬᠠᠭᠠᠨ ᠤ ᠲᠤᠬᠠᠢ ᠡᠷᠳᠡᠮᠳᠡᠳ ᠤᠨ ᠦᠨᠡᠯᠡᠯᠳᠡ᠃ ᠴᠢᠩᠭᠢᠰ ᠬᠠᠭᠠᠨ ᠤ ᠦᠨᠡᠯᠡᠯᠳᠡ ᠎ ᠶᠢᠨ ᠲᠤᠬᠠᠢ ᠶᠡᠷᠦ ᠠᠴᠠ ᠪᠠᠨ ᠮᠠᠷᠭᠤᠯᠳᠤᠭᠠᠨ ᠵᠤᠭᠰᠤᠬᠤ ᠦᠬᠡᠢ ᠠᠰᠠᠭᠤᠳᠠᠯ ᠪᠤᠯᠵᠤ ᠪᠠᠶᠢᠭᠰᠠᠨ ᠶᠤᠮ᠃ ᠲᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠤᠳᠤᠷᠢᠳᠤᠭᠴᠢ ᠮᠠᠤ ᠽᠧ ᠳ᠋ᠦᠩ ᠠᠴᠠ ︽ᠴᠠᠰᠤ︾ ᠬᠡᠳᠡᠭ ︽ᠴᠢᠨ ᠶᠤᠸᠠᠨ ᠴᠦᠨ ᠬᠡᠮᠡᠬᠦ ᠰᠢᠯᠦᠭ ᠲᠠᠭᠤᠯᠠᠯ︾᠎ ᠳᠠᠭᠠᠨ ᠴᠢᠩᠭᠢᠰ ᠬᠠᠭᠠᠨ ᠢ ︽ᠨᠢᠬᠡᠨ ᠦᠶ᠎ᠡ ᠶᠢᠨ ᠲᠡᠭᠷᠢᠯᠢᠭ ᠬᠦᠪᠡᠬᠦᠨ︾ ᠬᠡᠵᠦ᠂ ᠲᠠᠩ ᠤᠯᠤᠰ ᠤᠨ ᠲᠠᠩ ᠲᠠᠶᠢᠽᠦ᠋ᠩ᠂ ᠰᠦᠩ ᠤᠯᠤᠰ ᠤᠨ ᠲᠠᠶᠢᠽᠦ ᠠᠴᠠ ᠢᠯᠡᠬᠦᠦ ᠲᠠᠪᠠᠭᠤᠯᠤᠨ ᠦᠨᠡᠯᠡᠭᠰᠡᠨ ᠪᠠᠶᠢᠳᠠᠭ᠃ ᠴᠢᠨ ᠱᠢ ᠬᠤᠸᠠᠩ᠂ ᠬᠠᠨ ᠡᠤ ᠳ᠋ᠢ᠂ ᠲᠠᠩ ᠲᠠᠶᠢᠽᠦ᠋ᠩ᠂ ᠰᠦᠩ ᠲᠠᠶᠢᠽᠤ ᠨᠠᠷ ᠪᠤᠯ ᠲᠤᠮᠳᠠᠳᠤ ᠤᠯᠤᠰ ᠤᠨ ᠲᠡᠤᠬᠡᠨ ᠲᠡᠬᠡᠷᠡᠬᠢ ᠠᠯᠳᠠᠷᠳᠤ ᠬᠠᠭᠠᠳ ᠮᠦᠨ ᠪᠤᠯᠤᠨ᠎ᠠ᠃ ᠲᠡᠳᠡ ᠪᠦᠷ ᠲᠤᠮᠳᠠᠳᠤ ᠤᠯᠤᠰ ᠤᠨ ᠲᠡᠤᠬᠡ ᠪᠠ ᠨᠡᠶᠢᠬᠡᠮ ᠤᠨ ᠬᠦᠭᠵᠢᠯᠳᠡ ᠳᠤ ᠬᠤᠪᠢ ᠬᠤᠪᠢᠨ ᠤ ᠪᠠᠨ ᠠᠳᠠᠯᠢ ᠪᠤᠰᠤ ᠭᠠᠪᠢᠶ᠎ᠠ ᠵᠢᠳᠬᠦᠯ ᠢᠶᠠᠨ ᠦᠵᠡᠬᠦᠯᠦᠭᠰᠡᠨ ᠶᠤᠮ᠃ ᠮᠠᠤ ᠽᠧ ᠳ᠋ᠦᠩ ᠨᠦᠬᠦᠷ ᠴᠢᠩᠭᠢᠰ ᠬᠠᠭᠠᠨ ᠢ ᠡᠳᠡᠬᠡᠷ ᠬᠠᠭᠠᠳ ᠎ ᠠᠴᠠ ᠢᠯᠡᠬᠦᠦ ᠡᠷᠬᠦᠨ ᠮᠠᠭᠳᠠᠭᠰᠠᠨ ᠨᠢ ᠴᠢᠩᠭᠢᠰ ᠬᠠᠭᠠᠨ ᠪᠤᠯ ᠲᠤᠮᠳᠠᠳᠤ ᠤᠯᠤᠰ ᠤᠨ ᠨᠡᠶᠢᠬᠡᠮ ᠤᠨ ᠬᠦᠭᠵᠢᠨ ᠴᠡᠴᠡᠭᠯᠡᠯᠳᠡ ᠳᠤ ᠠᠤᠭ᠎ᠠ ᠶᠡᠭᠡ ᠭᠠᠪᠢᠶ᠎ᠠ ᠵᠢᠳᠬᠦᠯ ᠦᠵᠡᠬᠦᠯᠦᠭᠰᠡᠨ ᠨᠡᠩ ᠶᠡᠭᠡ ᠠᠯᠳᠠᠷ ᠬᠦᠨᠳᠦᠳᠠᠢ ᠬᠠᠭᠠᠨ ᠪᠤᠯᠤᠨ᠎ᠠ ᠬᠡᠳᠡᠭ ᠢ ᠲᠤᠳᠤᠷᠬᠠᠶᠢᠯᠠᠭᠰᠠᠨ ᠪᠠᠶᠢᠨ᠎ᠠ᠃ ᠬᠡᠪᠡᠴᠦ ᠦᠩᠬᠡᠷᠡᠭᠰᠡᠨ ᠳᠤ ᠵᠠᠷᠢᠮ ᠦᠬᠦᠯᠡᠯ ᠳᠤ ᠴᠢᠩᠭᠢᠰ ᠬᠠᠭᠠᠨ ᠪᠤᠯ ᠲᠤᠮᠳᠠᠳᠤ ᠤᠯᠤᠰ ᠤᠨ ᠲᠡᠤᠬᠡᠨ ᠲᠡᠬᠡᠷᠡᠬᠢ ᠠᠯᠳᠠᠷ ᠶᠡᠬᠡᠳᠠᠢ ᠬᠠᠭᠠᠨ ᠬᠡᠳᠡᠭ ᠢ ᠮᠡᠳᠡᠬᠦ ᠠᠴᠠ ᠲᠡᠬᠦᠨ ᠎ ᠤ ᠭᠠᠪᠢᠶ᠎ᠠ ᠵᠢᠳᠬᠦᠯ ᠢ ᠪᠦᠷᠢᠮᠤᠰᠤᠨ ᠦᠬᠡᠶᠢᠰᠬᠡᠵᠦ᠂ ᠨᠡᠩ ᠴᠢᠨᠠᠭᠰᠢᠯᠠᠭᠠᠳ ᠲᠡᠬᠦᠨ ᠢ ᠲᠤᠮᠳᠠᠳᠤ ᠤᠯᠤᠰ ᠤᠨ ᠬᠦᠮᠦᠨ ᠬᠡᠵᠦ ᠮᠡᠳᠡᠬᠦ ᠦᠬᠡᠢ ᠪᠠᠶᠢᠪᠠ᠃ ᠵᠠᠷᠢᠮ ᠨᠤᠮ ᠰᠡᠳᠬᠦᠯ ᠳᠤ ᠲᠤᠮᠳᠠᠳᠤ ᠤᠯᠤᠰ ᠤᠨ ᠬᠦᠮᠦᠨ ᠬᠡᠵᠦ ᠮᠡᠳᠡᠳᠡᠭ ᠪᠤᠯᠪᠠᠴᠤ ᠵᠦᠪᠬᠡᠨ ᠵᠡᠪᠰᠡᠭᠳᠦ ᠬᠦᠴᠦᠨ ᠢᠶᠠᠷ ᠬᠦᠮᠦᠨ ᠠᠯᠠᠵᠤ᠂ ᠪᠤᠯᠢᠶᠠᠨ ᠲᠡᠬᠡᠷᠡᠮᠳᠡᠭᠴᠢ᠂ ᠵᠡᠷᠯᠢᠭ ᠪᠠᠯᠮᠠᠳ᠂ ᠬᠠᠷᠬᠢᠰ ᠬᠡᠷᠴᠡᠬᠡᠢ ᠮᠦᠷᠳᠡᠬᠡᠨ ᠬᠤᠴᠤᠷᠠᠩᠭᠤᠢ ᠪᠤᠭᠤᠯ ᠤᠨ ᠡᠵᠡᠨ᠂ ᠲᠠᠪᠰᠢᠩᠭᠤᠢ ᠪᠤᠯᠪᠠᠰᠤᠨ ᠨᠡᠶᠢᠬᠡᠮ ᠎ ᠢ ᠰᠦᠢᠳᠬᠡᠵᠦ᠂ ᠲᠡᠤᠬᠡ ᠶᠢᠨ ᠰᠦᠷᠦᠭᠴᠢ ᠲᠤᠭᠰᠢᠨ ᠬᠠᠭᠠᠨ᠂ ᠨᠢᠬᠡ ᠴᠤ ᠰᠠᠶᠢᠨ ᠲᠠᠯ᠎ᠠ ᠪᠠᠶᠢᠬᠤ ᠦᠬᠡᠢ᠂ ᠲᠡᠤᠬᠡᠨ ᠤ ᠶᠠᠯᠠᠳᠤ ᠬᠦᠮᠦᠨ ᠬᠡᠵᠦ ᠪᠢᠴᠢᠭᠰᠡᠨ ᠪᠠᠶᠢᠳᠠᠭ᠃ ᠲᠡᠳᠡᠬᠡᠷ ᠬᠦᠮᠦᠰ ᠲᠡᠤᠬᠡᠳᠦ ᠠᠭᠤᠤ ᠶᠡᠭᠡ ᠬᠦᠮᠦᠨ ᠢ ᠦᠨᠡᠯᠡᠬᠦ ᠳᠡᠭᠡᠨ ᠦᠨᠡᠨ ᠠᠴᠠ ᠵᠦᠪ ᠢ ᠡᠷᠢᠬᠦ ᠲᠡᠤᠬᠡ ᠶᠢᠨ ᠪᠤᠳᠠᠰᠴᠢ ᠦᠵᠡᠯ ᠢᠶᠠᠷ ᠦᠵᠡᠳᠡᠭ ᠪᠢᠰᠢ᠂ ᠬᠠᠷᠢᠨ ᠦᠨᠳᠦᠰᠦᠳᠡᠨ ᠤ ᠢᠪᠴᠤᠤ ᠬᠡᠯᠪᠡᠶᠢᠬᠦᠦ ᠦᠵᠡᠯᠳᠡ ᠪᠠᠷ ᠦᠵᠡᠳᠡᠭ ᠪᠠᠶᠢᠵᠠᠢ᠃ ᠡᠨᠡ ᠨᠢ ᠲᠡᠳᠡᠨ ᠤ ᠹᠸᠤᠳᠠᠯ ᠤᠨ ᠤᠳᠤᠮᠰᠢᠯ ᠤᠨ ᠦᠵᠡᠯ ᠤᠨ ᠨᠦᠯᠦᠬᠡ ᠠᠴᠠ ᠪᠤᠯᠵᠤ᠂ ᠮᠤᠩᠭᠤᠯ ᠬᠦᠮᠦᠨ ᠲᠤᠮᠳᠠᠳᠤ ᠤᠯᠤᠰ ᠲᠤ ᠬᠠᠭᠠᠨ ᠰᠠᠭᠤᠭᠰᠠᠨ ᠨᠢ ᠲᠡᠭᠷᠢ ᠶᠢᠨ ᠵᠦᠢ ᠶᠤᠰᠤᠨ ᠠᠴᠠ ᠲᠡᠷᠰᠯᠡᠭᠰᠡᠨ ᠰᠦᠷᠬᠡᠦ ᠶᠠᠪᠤᠳᠠᠯ ᠪᠤᠯᠤᠨ᠎ᠠ ᠬᠡᠵᠦ ᠦᠵᠡᠳᠡᠭ ᠪᠠᠶᠢᠭᠰᠠᠨ ᠪᠠᠶᠢᠨ᠎ᠠ᠃ ᠬᠡᠳᠡᠯ᠎ᠡ ᠲᠡᠤᠬᠡᠨ ᠪᠤᠳᠠᠳᠤ ᠶᠠᠪᠤᠳᠠᠯ ᠪᠤᠯ ᠬᠠᠶᠢᠷ᠎ᠠ ᠨᠠᠶᠢᠷ ᠦᠬᠡᠢ ᠪᠦᠬᠡᠳ ᠬᠠᠮᠤᠭ ᠤᠨ ᠵᠦᠪ ᠤᠨᠤᠪᠴᠢᠳᠠᠢ ᠬᠡᠷᠡᠴᠢ ᠪᠠᠷᠢᠮᠳᠠ ᠪᠤᠯᠬᠤ ᠶᠤᠮ᠃ ᠴᠢᠩᠭᠢᠰ ᠬᠠᠭᠠᠨ ᠪᠤᠯ ᠲᠤᠮᠳᠠᠳᠤ ᠤᠯᠤᠰ ᠤᠨ ᠲᠡᠤᠬᠡᠨ ᠲᠡᠬᠡᠷᠡᠬᠢ ᠠᠯᠳᠠᠷᠳᠤ ᠬᠠᠭᠠᠨ ᠪᠤᠯᠬᠤ ᠪᠠᠷ ᠪᠠᠷᠠᠬᠤ ᠦᠬᠡᠢ᠂ ᠲᠤᠮᠳᠠᠳᠤ ᠤᠯᠤᠰ ᠤᠨ ᠲᠡᠤᠬᠡᠨ ᠬᠦᠭᠵᠢᠯᠳᠡ ᠳᠤ ᠤᠨᠴᠠᠭᠠᠢ ᠶᠡᠭᠡ ᠭᠠᠪᠢᠶ᠎ᠠ ᠵᠢᠳᠬᠦᠯ ᠭᠠᠷᠭᠠᠭᠰᠠᠨ ᠲᠠᠯᠡᠬᠡᠢ ᠶᠢᠨ ᠠᠪᠤᠷᠭᠤ ᠬᠦᠮᠦᠨ ᠬᠡᠳᠡᠭ ᠢ ᠲᠡᠤᠬᠡᠨ ᠪᠤᠳᠠᠳᠤ ᠬᠡᠷᠡᠭ ᠠᠴᠠ ᠮᠡᠳᠡᠵᠦ ᠪᠤᠯᠬᠤ ᠶᠤᠮ᠃ ᠶᠠᠷᠢᠶᠠᠨ ᠦᠬᠡᠢ ᠲᠡᠬᠦᠨ ᠤ ᠭᠠᠪᠢᠶ᠎ᠠ ᠵᠢᠳᠬᠦᠯ ᠨᠢ ᠶᠡᠭᠡ ᠪᠦᠬᠡᠳ ᠤᠰᠤᠯ ᠪᠤᠷᠤᠭᠤ ᠨᠢ ᠪᠠᠭ᠎ᠠ ᠪᠠᠶᠢᠳᠠᠭ ᠬᠡᠰᠡᠨ ᠢ ᠲᠤᠳᠤᠷᠬᠠᠢ ᠤᠯᠵᠤ ᠲᠠᠨᠢᠬᠤ ᠬᠡᠷᠡᠭᠳᠠᠢ᠃      ᠴᠢᠩᠭᠢᠰ ᠬᠠᠭᠠᠨ ᠪᠤᠯ ᠮᠤᠩᠭᠤᠯ ᠦᠨᠳᠦᠰᠦᠳᠡᠨ ᠤ ᠰᠢᠯᠭᠠᠷᠠᠭᠰᠠᠨ ᠴᠡᠷᠢᠭ ᠤᠨ ᠡᠷᠳᠡᠮᠳᠡᠨ᠂ ᠠᠭᠤᠤ ᠶᠡᠭᠡ ᠤᠯᠤᠰ ᠲᠦᠷᠦ ᠶᠢᠨ ᠵᠢᠳᠬᠦᠯᠳᠡᠨ᠂ ᠦᠵᠡᠯ ᠰᠠᠨᠠᠭᠠᠨ ᠤ ᠤᠬᠠᠭᠠᠨᠳᠠᠨ᠂ ᠪᠠᠶᠢᠯᠳᠤᠭᠠᠨ ᠤ ᠪᠤᠳᠤᠯᠭᠠᠳᠠᠨ ᠮᠦᠨ ᠬᠡᠵᠦ ᠣᠶᠢᠯᠠᠭᠠᠬᠤ ᠴᠢᠬᠤᠯᠠᠳᠠᠢ᠃ ᠲᠡᠬᠡᠷ᠎ᠡ ᠦᠬᠦᠯᠡᠭᠰᠡᠨ ᠢ ᠬᠤᠷᠢᠶᠠᠩᠭᠤᠶᠢᠯᠠᠪᠠᠯ᠄ ᠴᠢᠩᠭᠢᠰ ᠬᠠᠭᠠᠨ ᠤ ᠪᠠᠷᠠᠭᠤᠨᠰᠢ ᠲᠠᠶᠢᠯᠠᠭᠰᠠᠨ ᠨᠢ ᠬᠡᠳᠦᠶᠢᠪᠡᠷ ︽ᠦᠰᠢᠶ᠎ᠡ ᠠᠪᠬᠤ︾᠎ ᠪᠠᠷ ᠰᠢᠯᠳᠠᠭᠠᠨ ᠪᠤᠯᠭᠠᠵᠤ᠂ ᠪᠤᠰᠤᠳ ᠤᠷᠤᠨ ᠢ ᠲᠤᠪᠳᠤᠯᠤᠭᠰᠠᠨ ᠪᠤᠯᠪᠠᠴᠤ ᠲᠡᠬᠦᠨ ᠤ ᠲᠡᠤᠬᠡᠨ ᠳᠤ ᠦᠵᠡᠬᠦᠯᠦᠭᠰᠡᠨ ᠭᠠᠪᠢᠶ᠎ᠠ ᠵᠢᠳᠬᠦᠯ ᠲᠠᠢ ᠬᠠᠷᠢᠭᠤᠴᠠᠭᠤᠯᠪᠠᠯ ᠭᠤᠤᠯ ᠪᠠᠶᠢᠷᠢ ᠶᠢ ᠡᠵᠡᠯᠡᠬᠦ ᠶᠤᠮ᠃ ᠡᠶᠢᠮᠦ ᠠᠴᠠ ᠴᠢᠩᠭᠢᠰ ᠬᠠᠭᠠᠨ ᠤ ᠪᠠᠷᠠᠭᠤᠨᠰᠢ ᠲᠠᠶᠢᠯᠠᠭᠰᠠᠨ ᠢ ᠦᠨᠡᠯᠡᠬᠦ ᠳᠡᠭᠡᠨ ᠡᠷᠬᠡᠪᠰᠢ ᠪᠤᠳᠠᠰᠴᠢ ᠦᠵᠡᠯ ᠤᠨ ᠠᠷᠭ᠎ᠠ ᠪᠠᠷ ᠦᠵᠡᠬᠦ ᠬᠡᠷᠡᠭᠳᠠᠢ᠃ ᠪᠦᠬᠦᠨ ᠢ ᠦᠬᠡᠶᠢᠰᠬᠡᠬᠦ ᠪᠤᠶᠤ ᠵᠦᠪᠳᠡᠬᠡᠬᠦ ᠨᠢ ᠨᠠᠵᠠᠭᠠᠢ ᠪᠠᠶᠢᠳᠠᠭ᠃ ᠬᠡᠯᠡᠯᠬᠡᠨ ᠦᠬᠡᠢ ᠴᠢᠩᠭᠢᠰ ᠬᠠᠭᠠᠨ ᠤ ᠬᠤᠪᠢ ᠪᠡᠶ᠎ᠡ ᠶᠢᠨ ᠬᠢᠵᠠᠭᠠᠷᠯᠠᠯ ᠪᠠ ᠲᠡᠤᠬᠡ ᠶᠢᠨ ᠬᠢᠵᠠᠭᠠᠷᠯᠠᠯ ᠠᠴᠠ ᠪᠤᠯᠵᠤ᠂ ᠪᠠᠷᠠᠭᠤᠨᠰᠢ ᠲᠠᠶᠢᠯᠠᠬᠤ ᠳᠠᠭᠠᠨ ᠮᠠᠰᠢ ᠠᠷᠪᠢᠨ ᠬᠤᠳᠠ ᠪᠠᠯᠢᠭ ᠢ ᠡᠪᠳᠡᠵᠦ᠂ ᠬᠠᠷᠬᠢᠰ ᠬᠡᠷᠴᠡᠬᠡᠢ ᠪᠠᠷ ᠠᠷᠠᠳ ᠲᠦᠮᠡᠨ ᠢ ᠬᠢᠳᠤᠭᠰᠠᠨ ᠶᠠᠪᠤᠳᠠᠯ ᠪᠠᠶᠢᠳᠠᠭ ᠶᠤᠮ᠃ ᠬᠤᠷᠸᠠᠽᠠᠮ ᠤᠨ ᠨᠠᠶᠢᠰᠯᠡᠯ ᠬᠤᠳᠠ ᠦᠷᠭᠧᠴᠢ ᠶᠢ ᠤᠰᠤᠨ ᠳᠤ ᠵᠢᠪᠤᠬᠦᠯᠵᠦ᠂ ᠮᠠᠷᠸᠧ ᠶᠢᠨ ᠲᠠᠯ᠎ᠠ ᠨᠤᠳᠤᠭ ᠢ ᠦᠨᠡᠰᠦᠨ ᠲᠤᠪᠷᠤᠭ ᠪᠤᠯᠭᠠᠭᠰᠠᠨ ᠶᠠᠪᠤᠳᠠᠯ ᠪᠠᠶᠢᠭ᠎ᠠ ᠶᠤᠮ᠃ ᠡᠳᠡᠬᠡᠷ ᠨᠢ ᠴᠦᠮ ᠲᠡᠬᠦᠨ ᠤ ᠠᠷᠬᠠᠭ ᠬᠡᠮ᠂ ᠬᠠᠷᠠᠩᠭᠤᠢ ᠲᠠᠯ᠎ᠠ ᠨᠢ ᠪᠤᠯᠬᠤ ᠶᠤᠮ᠃ ᠮᠦᠨᠴᠦ ᠡᠨᠡ ᠨᠢ ᠲᠡᠬᠦᠨ ᠤ ᠨᠢᠬᠡᠨ ᠨᠠᠰᠤᠨ ᠤ ᠦᠢᠯᠡᠰ ᠲᠤ ᠠᠵᠠ ᠪᠤᠰᠤ ᠵᠦᠢᠯ ᠠᠪᠴᠢᠷᠠᠭᠰᠠᠨ ᠡᠮᠵᠡᠭ ᠲᠠᠢ ᠲᠠᠯ᠎ᠠ ᠪᠤᠯᠬᠤ ᠶᠤᠮ᠃ ᠡᠨᠡᠬᠦ ᠠᠵᠠ ᠪᠤᠰᠤ ᠶᠠᠪᠤᠳᠠᠯ ᠢᠶᠠᠷ ᠲᠡᠬᠦᠨ ᠤ ᠨᠢᠬᠡᠨ ᠨᠠᠰᠤᠨ ᠤ ᠪᠦᠬᠦᠶᠢᠯᠡ ᠭᠠᠪᠢᠶᠠᠳᠤ ᠦᠢᠯᠡᠰ ᠢ ᠦᠬᠡᠶᠢᠰᠬᠡᠬᠦ ᠳᠤ ᠬᠦᠷᠪᠡᠯ ᠪᠤᠷᠤᠭᠤ ᠪᠤᠯᠬᠤ ᠶᠤᠮ᠃ ᠪᠢᠳᠠ ᠡᠷᠬᠡᠪᠰᠢ ᠲᠡᠤᠬᠡᠴᠢ ᠤᠪᠤᠷ ᠢᠶᠠᠷ ᠪᠤᠳᠠᠳᠠᠢ ᠎ ᠪᠠᠷ ᠴᠢᠩᠭᠢᠰ ᠬᠠᠭᠠᠨ ᠢ ᠦᠨᠡᠯᠡᠬᠦ ᠶᠤᠰᠤᠳᠠᠢ᠃ ᠶᠠᠮᠠᠷ ᠨᠢᠬᠡᠨ ᠲᠠᠯ᠎ᠠ ᠶᠢ ᠴᠢᠬᠤᠯᠠᠴᠢᠯᠠᠵᠤ᠂ ᠪᠦᠬᠦ ᠲᠠᠯ᠎ᠠ ᠶᠢ ᠠᠩᠬᠠᠷᠬᠤ ᠦᠬᠡᠢ ᠪᠤᠯ ᠰᠢᠨᠵᠢᠯᠡᠬᠦ ᠤᠬᠠᠭᠠᠨᠴᠢ ᠤᠪᠤᠷ ᠪᠢᠰᠢ᠃      ᠬᠡᠳᠦᠨ ᠵᠠᠭᠤᠨ ᠵᠢᠯ ᠤᠨ ᠲᠤᠷᠰᠢ ᠴᠢᠩᠭᠢᠰ ᠬᠠᠭᠠᠨ ᠤ ᠲᠤᠬᠠᠢ ᠬᠡᠳᠦᠢ ᠤᠯᠠᠨ ᠴᠤ ᠠᠷᠪᠢᠨ ᠦᠬᠦᠯᠡᠯ ᠪᠢᠴᠢᠵᠦ᠂ ᠬᠡᠳᠦᠢ ᠴᠤ ᠤᠯᠠᠨ ᠤᠷᠠᠯᠢᠭ ᠤᠨ ᠪᠦᠳᠦᠬᠡᠯ ᠱᠤᠭᠤᠳᠠᠭᠰᠠᠨ ᠢ ᠪᠤᠤ ᠮᠡᠳᠡ᠃ ᠦᠬᠡᠷᠡᠴᠢᠯᠡᠯᠳᠡ ᠬᠢᠵᠦ ᠴᠢᠯᠦᠬᠡᠳᠠᠢ ᠶᠠᠪᠤᠯᠴᠠᠭᠰᠠᠨ ᠠᠴᠠ ᠬᠤᠶᠢᠰᠢ ᠤᠳᠬ᠎ᠠ ᠤᠷᠠᠯᠢᠭ ᠤᠨ ᠬᠢᠨ ᠴᠢᠩᠭᠢᠰ ᠬᠠᠭᠠᠨ ᠤ ᠲᠤᠬᠠᠢ ᠺᠢᠨᠤ᠋ ᠵᠦᠴᠦᠬᠡ ᠪᠤᠯᠤᠨ ᠲᠧᠯᠸᠢᠰ ᠵᠦᠴᠦᠬᠡ ᠤᠯᠠᠨ ᠰᠡᠬᠦᠳᠡᠷᠯᠡᠵᠦ ᠭᠠᠷᠭᠠᠭᠰᠠᠨ ᠪᠠᠶᠢᠨ᠎ᠠ᠃ ᠡᠬᠦᠨ ᠳᠤ ᠲᠤᠮᠳᠠᠳᠤ ᠤᠯᠤᠰ᠂ ᠶᠠᠫᠦᠨ᠂ ᠪᠤᠰᠤᠳ ᠤᠯᠤᠰ ᠤᠨ ᠴᠤ ᠰᠡᠬᠦᠳᠡᠷᠯᠡᠵᠦ ᠦᠩᠬᠡᠷᠡᠵᠠᠢ᠃ ᠶᠠᠭ ᠡᠶᠢᠮᠦ ᠠᠴᠠ ᠲᠤᠮᠳᠠᠳᠤ ᠤᠯᠤᠰ ᠎ ᠤᠨ ᠲᠡᠤᠬᠡᠨ ᠲᠡᠬᠡᠷ᠎ᠡ ᠴᠢᠩᠭᠢᠰ ᠬᠠᠭᠠᠨ ᠰᠢᠭ᠋ ᠲᠡᠯᠡᠬᠡᠢ ᠲᠠᠶᠠᠭᠠᠷ ᠤᠨ ᠠᠩᠬᠠᠷᠤᠯ ᠢ ᠢᠩᠬᠡᠵᠦ ᠶᠡᠬᠡᠪᠡᠷ ᠲᠠᠳᠠᠭᠰᠠᠨ ᠬᠦᠮᠦᠨ ᠦᠬᠡᠷ᠎ᠡ ᠭᠠᠷᠤᠭᠰᠠᠨ ᠦᠬᠡᠢ ᠪᠠᠶᠢᠳᠠᠭ ᠬᠡᠵᠦ ᠬᠡᠯᠡᠵᠦ ᠪᠤᠯᠤᠮᠠᠷ ᠪᠠᠶᠢᠨ᠎ᠠ᠃ ᠡᠸᠦ᠋ᠷᠦᠫᠡ ᠶᠢᠨ ᠵᠠᠷᠢᠮ ᠵᠠᠭᠤᠴᠢᠯᠠᠭᠤᠷ ᠤᠨ ᠬᠢᠨ ᠴᠢᠩᠭᠢᠰ ᠬᠠᠭᠠᠨ ᠤ ᠲᠤᠬᠠᠢ ᠦᠨᠡᠯᠡᠯᠳᠡ ᠨᠡᠩ ᠦᠨᠳᠦᠷ ᠪᠠᠶᠢᠵᠤ᠂ ᠴᠢᠩᠭᠢᠰ ᠬᠠᠭᠠᠨ ᠢ ᠲᠡᠯᠡᠬᠡᠢ ᠶᠢᠨ ᠠᠪᠤᠷᠭᠤ ᠬᠦᠮᠦᠨ ᠬᠡᠵᠦ ᠦᠨᠡᠯᠡᠭᠰᠡᠨ ᠪᠠᠶᠢᠳᠠᠭ᠃      ᠴᠢᠩᠭᠢᠰ ᠬᠠᠭᠠᠨ ᠤ ᠭᠠᠪᠢᠶᠠᠳᠤ ᠦᠢᠯᠡᠰ ᠪᠤᠯᠤᠨ ᠠᠯᠳᠠᠭ᠎ᠠ ᠲᠤᠳᠠᠭᠳᠠᠯ ᠤᠨ ᠲᠤᠬᠠᠢ ᠠᠳᠠᠯᠢ ᠪᠤᠰᠤ ᠲᠠᠨᠢᠯᠳᠠ ᠪᠠᠶᠢᠬᠤ ᠨᠢ ᠶᠠᠷᠢᠶᠠᠨ ᠦᠬᠡᠢ᠃ ᠡᠶᠢᠮᠦ ᠠᠴᠠ ᠤᠯᠠᠨ ᠤ ᠲᠠᠨᠢᠯᠳᠠ ᠶᠢ ᠨᠢᠬᠡᠳᠬᠡᠬᠦ ᠬᠡᠵᠦ ᠱᠠᠭᠠᠷᠳᠠᠬᠤ ᠴᠢᠬᠤᠯᠠ ᠴᠤ ᠦᠬᠡᠢ᠃ ᠦᠩᠬᠡᠷᠡᠭᠰᠡᠨ ᠤ ᠲᠡᠤᠬᠡᠨ ᠲᠡᠬᠡᠷᠡᠬᠢ ᠴᠢᠩᠭᠢᠰ ᠬᠠᠭᠠᠨ ᠤ ᠲᠤᠬᠠᠢ ᠪᠤᠷᠤᠭᠤ ᠦᠵᠡᠯᠳᠡ ᠶᠢ ᠡᠷᠬᠡᠪᠰᠢ ᠵᠦᠪᠳᠡᠬᠡᠵᠦ ᠲᠠᠬᠢᠨ ᠰᠢᠨ᠎ᠡ ᠦᠨᠡᠯᠯᠡᠳᠡ ᠬᠢᠬᠦ ᠴᠢᠬᠤᠯᠠᠳᠠᠢ᠃ ᠴᠢᠩᠭᠢᠰ ᠬᠠᠭᠠᠨ ᠪᠤᠯ ᠮᠤᠩᠭᠤᠯ ᠦᠨᠳᠦᠰᠦᠳᠡᠨ ᠪᠤᠯᠤᠨ  ᠪᠦᠬᠦ ᠲᠤᠮᠳᠠᠳᠤ ᠤᠯᠤᠰ ᠤᠨ ᠡᠯ᠎ᠡ ᠦᠨᠳᠦᠰᠦᠳᠡᠨ ᠤ ᠡᠷᠡᠯᠬᠡᠭ ᠲᠠᠶᠢᠴᠢᠨ ᠪᠠᠭᠠᠳᠤᠷ᠂ ᠲᠤᠮᠳᠠᠳᠤ ᠤᠯᠤᠰ ᠤᠨ ᠲᠡᠤᠬᠡᠨ ᠲᠡᠬᠡᠷᠡᠬᠢ ᠬᠡᠬᠡᠨ ᠮᠡᠷᠬᠡᠨ ᠠᠯᠳᠠᠷᠳᠤ ᠬᠠᠭᠠᠨ ᠮᠦᠨ ᠬᠡᠵᠦ ᠲᠠᠨᠢᠬᠤ ᠬᠡᠷᠡᠭᠳᠠᠢ᠃ ᠲᠡᠤᠬᠡᠨ ᠲᠡᠬᠡᠷ᠎ᠡ ᠮᠤᠩᠭᠤᠯᠴᠤᠳ ᠢ ᠨᠢᠬᠡᠳᠬᠡᠨ ᠵᠠᠬᠢᠷᠴᠤ᠂ ᠬᠠᠮᠳᠤ ᠶᠢᠨ ᠠᠵᠢᠯᠯᠠᠭ᠎ᠠ ᠶᠢ ᠭᠠᠶᠢᠬᠠᠯᠳᠠᠢ ᠵᠤᠬᠢᠶᠠᠨ ᠪᠠᠶᠢᠭᠤᠯᠵᠤ ᠦᠨᠳᠦᠷ ᠠᠮᠵᠢᠯᠳᠠ ᠳᠤ ᠬᠦᠷᠬᠡᠭᠰᠡᠨ ᠬᠦᠮᠦᠨ ᠪᠤᠯ ᠭᠠᠭᠴᠠ ᠴᠢᠩᠭᠢᠰ ᠬᠠᠭᠠᠨ ᠪᠠᠶᠢᠵᠠᠢ᠃ ᠪᠠᠭᠴᠠᠯᠠᠪᠠᠯ᠄ ᠲᠡᠮᠦᠵᠢᠨ ᠴᠢᠩᠭᠢᠰ ᠬᠠᠭᠠᠨ ᠪᠤᠯ ᠮᠤᠩᠭᠤᠯ ᠦᠨᠳᠦᠰᠦᠳᠡᠨ ᠤ ᠲᠡᠤᠬᠡᠨ ᠲᠡᠬᠡᠷᠡᠬᠢ ᠰᠢᠯᠭᠠᠷᠠᠭᠰᠠᠨ ᠪᠠᠭᠠᠳᠤᠷ᠂ ᠭᠠᠷᠮᠠᠭᠠᠢ ᠶᠡᠭᠡ ᠵᠢᠳᠬᠦᠯᠳᠡᠨ ᠪᠤᠯᠬᠤ ᠪᠠᠷ ᠪᠠᠷᠠᠬᠤ ᠦᠬᠡᠢ᠂ ᠲᠤᠮᠳᠠᠳᠤ ᠤᠯᠤᠰ ᠤᠨ ᠲᠡᠤᠬᠡ ᠪᠤᠯᠤᠨ ᠲᠡᠯᠡᠬᠡᠢ ᠶᠢᠨ ᠲᠡᠤᠬᠡᠨ ᠳᠤ ᠠᠯᠳᠠᠷ ᠴᠤᠤᠳᠠᠢ ᠠᠭᠤᠤ ᠶᠡᠭᠡ ᠲᠡᠤᠬᠡᠳᠦ ᠬᠦᠮᠦᠨ ᠪᠤᠯᠤᠨ᠎ᠠ᠃ ᠲᠡᠬᠦᠨ ᠤ ᠨᠢᠬᠡᠨ ᠨᠠᠰᠤᠨ ᠲᠤᠷᠰᠢᠬᠢ ᠭᠠᠪᠢᠶᠠᠳᠤ ᠦᠢᠯᠡᠰ ᠨᠢ ᠮᠤᠩᠭᠤᠯ ᠦᠨᠳᠦᠰᠦᠳᠡᠨ ᠤ ᠬᠦᠭᠵᠢᠯ ᠪᠠᠳᠠᠷᠠᠯ ᠪᠤᠯᠤᠨ ᠲᠤᠮᠳᠠᠳᠤ ᠤᠯᠤᠰ ᠵᠢᠴᠢ ᠲᠡᠯᠡᠬᠡᠢ ᠶᠢᠨ ᠲᠡᠤᠬᠡᠨ ᠬᠦᠭᠵᠢᠯᠳᠡ ᠳᠤ ᠪᠠᠯᠠᠷᠠᠰᠢ ᠦᠬᠡᠢ ᠠᠤᠭ᠎ᠠ ᠶᠡᠭᠡ ᠭᠠᠪᠢᠶ᠎ᠠ ᠵᠢᠳᠬᠦᠯ ᠦᠵᠡᠬᠦᠯᠦᠭᠰᠡᠨ ᠪᠠᠶᠢᠳᠠᠭ᠃ ᠴᠢᠩᠭᠢᠰ ᠬᠠᠭᠠᠨ ᠪᠤᠯ ᠲᠡᠯᠡᠬᠡᠢ ᠶᠢᠨ ᠰᠠᠶᠢᠨ ᠮᠠᠭᠤ ᠶᠢ ᠦᠵᠡᠵᠦ᠂ ᠬᠠᠮᠤᠭ ᠤᠴᠢᠷ ᠶᠠᠪᠤᠳᠠᠯ ᠤᠨ ᠠᠰᠢᠭ ᠲᠤᠰᠠ᠂ ᠬᠦᠴᠢᠷ ᠪᠡᠷᠬᠡᠰᠢᠶᠡᠯ ᠢ ᠦᠪᠡᠷ ᠤᠨ ᠪᠡᠶ᠎ᠡ ᠪᠠᠷ ᠢᠶᠠᠨ ᠲᠤᠭᠤᠯᠵᠤ᠂ ᠶᠠᠩᠵᠤ ᠪᠦᠷᠢ ᠎ ᠶᠢᠨ ᠭᠠᠵᠠᠷ ᠤᠷᠤᠨ ᠳᠤ ᠤᠯᠠᠨ ᠤᠳᠠᠭ᠎ᠠ ᠴᠡᠷᠢᠭ ᠲᠠᠶᠢᠴᠢᠯᠠᠨ ᠲᠠᠶᠢᠨ ᠬᠢᠵᠦ ᠶᠠᠪᠤᠭᠰᠠᠨ ᠤᠬᠠᠭᠠᠨ ᠪᠢᠯᠢᠭ ᠨᠢ ᠤᠯᠠᠨ ᠠᠴᠠ ᠬᠡᠳᠦᠷᠡᠭᠰᠡᠨ ᠲᠡᠯᠡᠬᠡᠢ ᠶᠢᠨ ᠠᠪᠤᠷᠭᠤ ᠬᠦᠮᠦᠨ ᠮᠦᠨ ᠬᠡᠵᠦ ᠲᠠᠨᠢᠬᠤ ᠴᠢᠬᠤᠯᠠᠳᠠᠢ ᠪᠠᠶᠢᠨ᠎ᠠ᠃                         ᠲᠤ᠋᠂ ᠠᠷᠪᠢᠨᠪᠠᠶᠠᠷ                           2019.10.25 ᠡᠰᠢᠯᠡᠭᠰᠡᠨ ᠨᠤᠮ᠄  ︽ᠴᠢᠩᠭᠢᠰ ᠬᠠᠭᠠᠨ ᠤ ᠲᠤᠬᠠᠢ ᠰᠤᠳᠤᠯᠤᠭᠰᠠᠨ ᠦᠬᠦᠯᠡᠯ︾                    ︽ᠴᠢᠩᠭᠢᠰ ᠬᠠᠭᠠᠨᠨ ᠤ ᠤᠩᠭᠤᠨ ᠰᠢᠳᠤᠬᠡᠨ︾                   ︽ᠲᠤᠮᠳᠠᠳᠤ ᠶᠢᠨ ᠲᠡᠤᠬᠡᠨ ᠳᠠᠬᠢ ᠠᠭᠤᠤ ᠶᠡᠭᠡ                     ᠬᠠᠭᠠᠨᠳᠤ ᠲᠦᠷᠦ ᠶᠤᠸᠠᠨ ᠤᠯᠤᠰ︾                      ︽ᠮᠤᠩᠭᠤᠯ ᠤᠨ ᠲᠡᠤᠬᠡ ᠶᠢᠨ ᠴᠤᠪᠤᠷᠠᠯ ᠪᠢᠴᠢᠭ︾
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号