ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠤ | ᠪᠢᠴᠢᠭ ᠮᠠᠲ᠋ᠧᠷᠢᠶᠠᠯ ︵ᠨᠢᠬᠡ︶ | ᠵᠠᠰᠠᠭ ᠤᠨ ᠤᠷᠳᠤᠨ ᠤ ᠠᠵᠢᠯ ᠤᠨ ᠢᠯᠡᠳᠬᠡᠯ | | | 2020 ᠤᠨ ᠤ 4 ᠰᠠᠷ᠎ᠠ ᠶᠢᠨ 28 ᠤ ᠡᠳᠦᠷ ᠡᠵᠡᠨ ᠬᠤᠷᠤᠭ᠎ᠠ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠲᠡᠬᠡᠷ᠎ᠡ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠤᠷᠤᠯᠠᠭᠴᠢ ᠬᠤᠰᠢᠭᠤ ᠲᠠᠷᠤᠭ᠎ᠠ ᠰᠤ᠋ ᠰᠢᠨ ᠶᠠ | ᠲᠥᠯᠥᠭᠡᠯᠡᠭᠴᠢᠳ ᠡ᠄ | ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠲᠡᠷᠡᠴᠢᠯᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠲᠡᠪᠰᠢᠬᠦᠯᠬᠦ ᠪᠤᠯᠪᠠᠤ᠃ | ᠨᠢᠭᠡ᠂ ᠦᠩᠬᠡᠷᠡᠭᠰᠡᠨ ᠨᠢᠬᠡ ᠵᠢᠯ ᠤᠨ ᠠᠵᠢᠯ ᠤᠨ ᠡᠷᠭᠢᠴᠡᠭᠦᠯᠦᠯ | 2019 ᠤᠨ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠦ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠡᠮᠵᠢᠯᠬᠡ ᠳᠣᠤᠷ᠎ᠠ᠂ ᠪᠥᠬᠦ ᠬᠤᠰᠢᠭᠤᠨ ᠤ ᠡᠯ᠎ᠡ | ᠦᠨᠳᠦᠰᠦᠲᠡᠨ ᠤ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ᠂ ᠨᠡᠮᠡᠭᠳᠡᠯ ᠢ ᠲᠤᠭᠳᠠᠭᠤᠨ ᠪᠠᠶᠢᠯᠭᠠᠵᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠳᠣᠭᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠲᠦᠷᠦᠯ ᠤᠨ | ᠠᠵᠢᠯ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ | ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠰᠠᠶᠢᠨ ᠪᠠᠶᠢᠳᠠᠯ ᠢᠯᠡᠷᠡᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 731.8 ᠳ᠋ᠦᠩᠰᠢᠭᠤᠷ ᠲᠥᠭᠦᠷᠢᠭ ᠪᠡᠶᠡᠯᠡᠬᠦᠯᠵᠦ᠂ 0.5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠤᠭ᠎ᠠ ᠪᠠᠷᠢᠮᠲᠠ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠠᠩᠬ᠎ᠠ ᠤᠳᠠᠭ᠎ᠠ ᠰᠥᠭᠡᠷᠭᠦ ᠠᠴᠠ ᠡᠶᠡᠷᠬᠦ ᠪᠤᠯᠤᠭᠰᠠᠨ ᠰᠠᠶᠢᠨ ᠪᠠᠶᠢᠳᠠᠯ ᠢᠯᠡᠷᠡᠨ᠂ | 8.4% ᠪᠠᠷ ᠨᠡᠮᠡᠭᠳᠡᠪᠡ︔ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠶ ᠣᠷᠣᠯᠭ᠎ᠠ 263.7 ᠳ᠋ᠦᠩᠰᠢᠭᠤᠷ ᠲᠥᠭᠦᠷᠢᠭ᠂ 2.5% ᠪᠠᠷ ᠨᠡᠮᠡᠭᠳᠡᠵᠦ᠂ | ᠡᠭᠦᠨ ᠳᠤ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 75.2 ᠳ᠋ᠦᠩᠰᠢᠭᠤᠷ ᠲᠥᠭᠦᠷᠢᠭ ᠲᠤ ᠬᠦᠷᠴᠦ᠂ 2.1% ᠪᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠳᠡᠭ 58.4 ᠳ᠋ᠦᠩᠰᠢᠭᠤᠷ ᠲᠥᠭᠦᠷᠢᠭ ᠲᠤ ᠬᠦᠷᠴᠦ᠂ 3.8% ᠪᠠᠷ ᠨᠡᠮᠡᠭᠳᠡᠪᠡ︔ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠠᠷᠤᠴᠠᠭᠤᠯᠵᠤ ᠪᠤᠯᠬᠤ ᠣᠷᠣᠯᠭ᠎ᠠ ᠲᠤᠰᠪᠤᠷᠢ 51382 ᠲᠥᠭᠦᠷᠢᠭ ᠪᠠ | 20064 ᠲᠥᠭᠦᠷᠢᠭ ᠲᠤ ᠬᠦᠷᠴᠦ᠂ ᠲᠤᠰᠪᠤᠷᠢ 6.4% ᠪᠠ 9.6% ᠪᠠᠷ ᠨᠡᠮᠡᠭᠳᠡᠪᠡ᠃ ᠮᠠᠨ ᠤ ᠬᠤᠰᠢᠭᠤ ︽ᠪᠠᠷᠠᠭᠤᠨ ᠤᠷᠤᠨ ᠢ ᠶᠡᠬᠡᠪᠡᠷ ᠨᠡᠬᠡᠬᠡᠨ | ᠬᠦᠭᠵᠢᠬᠦᠯᠬᠦ 20 ᠵᠢᠯ ᠤᠨ ᠰᠢᠶᠡᠨ ᠤ ᠬᠡᠪᠴᠢᠶᠠᠨ ᠤ ᠴᠢᠨᠠᠷ ᠰᠠᠶᠢᠳᠠᠢ ᠬᠦᠭᠵᠢᠯᠳᠡ ᠶᠢᠨ 20 ᠨᠡᠶᠢᠳᠡᠯᠢᠭ ᠵᠢᠱᠢᠶ᠎ᠡ︾ ᠪᠠᠷ ᠰᠤᠩᠭᠤᠭᠳᠠᠨ᠂ ᠰᠢᠶᠠᠨ ᠤ | ᠬᠡᠪᠴᠢᠶᠡᠨ ᠤ ᠠᠵᠤ ᠠᠬᠤᠢ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠦᠬᠦ ᠤᠯᠤᠰ ᠤᠨ ᠵᠠᠭᠤᠨ ᠬᠦᠴᠦᠷᠭᠡᠭ ᠰᠢᠶᠠᠨ ᠤ 20 ᠳ᠋ᠤᠭᠠᠷ ᠲᠤ | ᠲᠤᠭᠳᠠᠪᠤᠷᠢᠵᠢᠵᠤ᠂ ᠬᠤᠶᠠᠷ ᠵᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ ᠣᠷᠣᠪᠠ᠃ | ︵ᠨᠢᠭᠡ︶ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢᠯᠡᠳᠲᠡ ᠲᠡᠬᠡᠭᠰᠢᠯᠡᠪᠡ᠃ ᠪᠦᠲᠦᠮᠵᠢᠲᠡᠶ ᠪᠡᠯᠡ ᠤᠷᠤᠭᠤᠯᠤᠯᠳᠠ ᠶᠢ ᠦᠷᠭᠦᠯᠵᠢᠯᠡᠨ | ᠦᠷᠬᠡᠳᠭᠡᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭᠠᠳᠤ ᠲᠥᠷᠥᠯ ᠵᠦᠢᠯ ᠢ 234 ᠬᠡᠷᠡᠭᠵᠢᠭᠦᠯᠵᠦ᠂ ᠡᠭᠦᠨ ᠳᠤ ᠬᠤᠳᠠ ᠶᠢᠨ ᠲᠡᠰ ᠤᠨ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭᠠᠳᠤ ᠲᠥᠷᠥᠯ ᠵᠦᠢᠯ 25 ᠪᠠᠶᠢᠵᠤ᠂ ᠠᠵᠤ ᠦᠢᠯᠡᠳᠪᠦᠷᠢ᠂ ᠦᠢᠯᠡᠳᠬᠦ ᠠᠵᠤ ᠦᠢᠯᠡᠰ ᠤᠨ ᠪᠠᠯᠠ | ᠣᠷᠣᠭᠤᠯᠤᠯᠲᠠ ᠲᠤᠰᠪᠤᠷᠢ 14.5% ᠪᠠ 35.1% ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠤᠨ ᠬᠡᠷ᠎ᠡ ᠲᠤᠭᠳᠠᠭᠰᠠᠨ ᠲᠦᠷᠦᠯ ᠵᠦᠢᠯ | 52 ᠵᠦᠢᠯ᠂ 39.7 ᠳ᠋ᠦᠩᠰᠢᠭᠤᠷ ᠲᠦᠬᠦᠷᠢᠭ ᠤᠨ ᠪᠡᠯᠡ ᠮᠥᠩᠭᠦ ᠶᠢ ᠪᠠᠶᠢᠷᠢᠰᠢᠭᠤᠯᠪᠠ᠃ ᠵᠧᠩ ᠲᠠᠢ ᠢ ᠳ᠋ᠡ ᠪᠠᠶᠢᠭᠠᠯᠢ ᠶᠢᠨ ᠰᠢᠲᠠᠮᠠᠬᠠᠶ ᠬᠡᠢ ᠶᠢ ᠶᠡᠷᠦᠩᠬᠡᠶᠢᠯᠡᠨ | ᠠᠰᠢᠭᠯᠠᠬᠤ᠂ ᠱᠧᠨ ᠬᠤᠸᠠ ᠨᠡᠬᠦᠷᠡᠰᠦᠨ ᠤ ᠰᠢᠩᠭᠡᠨᠵᠢᠮᠡᠯ ᠲᠣᠰᠣᠨ ᠰᠢᠭᠠᠷᠤ ᠶᠢ ᠴᠣᠬᠤᠯᠠᠭᠤᠯᠬᠤ᠂ ᠺᠧ ᠱᠢ ᠠᠭᠤᠷᠬᠠᠶ ᠶᠢᠨ ᠬᠡᠷᠡᠭᠯᠡᠬᠡᠨ ᠤ ᠲᠡᠮᠦᠷ ᠵᠠᠮ ᠦᠭᠡᠢ | ᠭᠤᠮ ᠬᠦᠷᠳᠦᠲᠦ ᠲᠡᠷᠭᠡ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ ᠬᠤᠢ ᠨᠧᠩ ᠨᠡᠭᠦᠷᠡᠰᠦ ᠪᠠᠷ | ᠪᠠᠶᠢᠭᠠᠯᠢ ᠶᠢᠨ ᠰᠢᠲᠠᠮᠠᠬᠠᠶ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠲᠠᠢ ᠢ ᠾᠧᠩ ᠬᠠᠶᠢᠯᠠᠰᠤᠨ ᠬᠤᠭᠤᠯᠠᠢ ᠶᠢᠨ ᠨᠡᠭᠦᠷᠡᠰᠦ ᠶᠢ ᠲᠥᠪᠯᠡᠷᠡᠭᠦᠯᠦᠨ | ᠲᠡᠭᠡᠭᠡᠪᠦᠷᠢᠯᠡᠬᠦ ᠥᠷᠲᠡᠭᠡ ᠵᠡᠷᠭᠡ ᠲᠥᠷᠥᠯ ᠵᠦᠢᠯ ᠢ ᠤᠷᠤᠭᠰᠢᠲᠠᠶ ᠲᠦᠯᠬᠢᠨ ᠠᠬᠢᠭᠤᠯᠵᠤ᠂ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠶᠢ ᠳᠠᠶᠢᠴᠢᠯᠠᠬᠤ ᠦᠢᠯᠡᠳᠦᠯ ᠤᠯᠠᠮ ᠨᠢᠭᠡ ᠠᠯᠬᠤᠮ ᠲᠤᠪᠤᠶᠢᠪᠠ᠃ ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠪᠡ᠃ ᠮᠧᠩ ᠰᠢ ︵ᠡᠵᠡᠨ ᠬᠤᠷᠤᠭ᠎ᠠ︶ ᠶᠢᠨ ᠡᠨᠧᠷᠭᠢ ᠶᠢᠨ ᠬᠤᠪᠢᠰᠬᠠᠯ ᠤᠨ ᠵᠢᠱᠢᠶ᠎ᠡ ᠦᠵᠡᠭᠦᠯᠬᠦ ᠣᠷᠣᠨ ᠤ | ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠴᠢᠬᠤᠯᠠ ᠦᠷ᠎ᠡ ᠪᠦᠳᠦᠮᠵᠢ ᠣᠯᠵᠤ᠂ ᠣᠷᠳᠣᠰ ᠬᠤᠲᠠ ᠶᠢᠨ ᠤᠳᠤᠬᠢᠴᠢᠯᠠᠭᠰᠠᠨ ᠡᠨᠧᠷᠭᠢ ᠶᠢᠨ ᠠᠵᠤ ᠠᠬᠤᠢ ᠶᠢᠨ | ᠰᠤᠳᠤᠯᠭᠠᠨ ᠤ ᠬᠦᠷᠢᠶᠡᠯᠡᠩ ᠫᠠᠶᠢᠰᠠ ᠡᠯᠭᠦᠨ ᠪᠠᠶᠢᠭᠤᠯᠤᠭᠳᠠᠪᠠ᠃ ︽ᠨᠡᠭᠦᠷᠡᠰᠦᠨ ᠤ ᠲᠠᠪᠤᠨ ᠵᠤᠷᠪᠤᠰ︾ ᠢ ᠰᠢᠨ᠋ ᠪᠠᠷ ᠡᠭᠦᠳᠦᠨ ᠬᠡᠷᠡᠭᠵᠢᠭᠦᠯᠵᠦ᠂ ᠨᠡᠭᠦᠷᠡᠰᠦᠨ ᠤ | ᠨᠢᠭᠡ ᠪᠢᠯᠧᠲ ᠢᠶᠠᠷ ᠳ᠋ᠦᠩᠨᠡᠨ ᠪᠣᠳᠣᠬᠤ ᠪᠠ ᠰᠦᠯᠵᠢᠶᠡᠨ ᠲᠠᠪᠴᠠᠩ ᠳᠡᠭᠡᠷ᠎ᠡ ᠰᠤᠯᠢᠯᠴᠠᠬᠤ ᠶᠢ ᠤᠷᠢᠳᠠᠪᠠᠷ ᠲᠦᠯᠬᠢᠨ ᠠᠬᠢᠭᠤᠯᠪᠡ᠃ ᠳ᠋ᠦᠩᠱᠧᠩ ᠤᠨ ᠵᠡᠬᠦᠨ ᠠᠴᠠ | ᠲᠤᠶᠢᠭ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠪᠡ᠃ ᠸᠠᠩ ᠵᠢᠶᠠ ᠲᠠ᠂ ᠮᠠ ᠲᠠᠢ ᠬᠤᠤ ᠨᠡᠭᠦᠷᠡᠰᠦᠨ | ᠠᠭᠤᠷᠬᠠᠶ 520 ᠲᠦᠮᠡᠨ ᠲᠣᠨ ᠴᠢᠨᠠᠷ ᠰᠠᠶᠢᠲᠠᠶ ᠦᠢᠯᠡᠳᠪᠦᠷᠢᠯᠡᠯ ᠤᠨ ᠴᠢᠳᠠᠪᠤᠷᠢ ᠲᠠᠢ ᠪᠤᠯᠪᠠ᠃ ᠪᠦᠬᠦ ᠵᠢᠯ ᠳᠤ 2.1 ᠳ᠋ᠦᠩᠰᠢᠭᠤᠷ ᠲᠣᠨ ᠲᠦᠭᠦᠬᠡᠶ ᠨᠡᠭᠦᠷᠡᠰᠦ | ᠦᠢᠯᠡᠳᠪᠦᠷᠢᠯᠡᠨ ᠪᠣᠷᠣᠯᠠᠭᠤᠯᠵᠤ᠂ 107.7 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 4.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠬᠡᠢ ᠦᠢᠯᠡᠳᠪᠦᠷᠢᠯᠡᠵᠦ᠂ ᠭᠤᠤᠯ ᠪᠤᠯᠬᠤ ᠠᠵᠤ ᠦᠢᠯᠡᠳᠪᠦᠷᠢ ᠶᠢᠨ ᠪᠦᠳᠦᠬᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ | ᠶᠢᠨ ᠲᠣᠭᠲᠠᠭᠤᠨ ᠢ ᠪᠠᠳᠤᠯᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠬᠦᠨ ᠤ ᠦᠷᠳᠡᠭ᠂ ᠡᠵᠡᠩᠨᠡᠯᠳᠡ ᠶᠢᠨ | ᠣᠷᠣᠯᠭ᠎ᠠ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠲᠤᠰᠪᠤᠷᠢ 4.1%᠂ 6% ᠪᠠ 4.3% ᠪᠠᠷ ᠨᠡᠮᠡᠭᠳᠡᠪᠡ᠃ ᠤᠳᠤᠬᠢᠴᠢᠯᠠᠭᠰᠠᠨ ᠦᠢᠯᠡᠴᠢᠯᠡᠭᠡᠨ ᠤ | ᠦᠢᠯᠡᠰ ᠢ ᠳᠡᠰ ᠲᠡᠪᠰᠢᠬᠦᠯᠪᠡ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠯᠥᠪᠵᠢᠭᠦᠯᠭᠡ ᠪᠡ ᠲᠡᠳᠬᠦᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠭᠠᠷᠭᠠᠵᠤ᠂ 1 ᠳ᠋ᠦᠩᠰᠢᠭᠤᠷ ᠲᠥᠭᠦᠷᠢᠭ ᠤᠨ ᠲᠤᠰᠬᠠᠶ ᠲᠦᠷᠦᠯ ᠤᠨ ᠲᠡᠳᠬᠦᠨ ᠲᠠᠮᠵᠢᠬᠦ ᠪᠡᠯᠡ ᠮᠥᠩᠭᠦ ᠶᠢ ᠪᠠᠶᠢᠭᠤᠯᠵᠤ᠂ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 1% ᠪᠠᠷ ᠨᠡᠮᠡᠭᠳᠡᠪᠡ᠃ ᠶᠢᠨ ᠵᠢᠶ ᠨᠡᠷᠡᠨ ᠬᠤᠲᠠ ᠶᠢᠨ ᠬᠤᠳᠠᠯᠳᠤᠭᠠᠨ ᠤ ᠲᠥᠪ ᠢ ᠪᠥᠬᠦ ᠲᠠᠯ᠎ᠠ ᠪᠠᠷ | ᠡᠬᠢᠯᠡᠭᠦᠯᠵᠦ᠂ ᠱᠤᠸᠠᠩ ᠮᠠᠨ ᠹᠦ᠋ ᠶᠤᠸᠠᠨ᠂ ᠯᠢ ᠹᠧᠩ ᠵᠡᠷᠬᠡ ᠪᠠᠭᠤᠳᠠᠯ ᠠᠵᠢᠯ ᠡᠬᠢᠯᠡᠭᠦᠯᠦᠨ ᠡᠵᠡᠩᠨᠡᠯᠳᠡ ᠬᠢᠵᠦ᠂ ᠮᠤᠩᠭᠤᠯ ᠢᠵᠠᠭᠤᠷ ᠰᠤᠶᠤᠯ ᠤᠨ | ᠦᠨᠳᠦᠰᠦᠲᠡᠨ ᠤ ᠵᠡᠭᠡᠯᠢ ᠪᠠ ᠯᠢ ᠵᠢᠩ ᠬᠤᠳᠠᠯᠳᠤᠭᠠᠨ ᠤ ᠶᠠᠪᠤᠳᠠᠯ ᠤᠨ ᠶᠠᠪᠠᠭᠠᠨ ᠵᠡᠭᠡᠯᠢ ᠶᠢᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠵᠤ᠂ ᠪᠠᠷᠤᠭ 30 | ᠲᠦᠮᠡᠨ ᠲᠡᠭᠰᠢ ᠲᠦᠷᠪᠡᠯᠵᠢᠨ ᠮᠧᠲᠷ ᠤᠨ ᠬᠤᠳᠠᠯᠳᠤᠭᠠᠨ ᠤ ᠶᠠᠪᠤᠳᠠᠯ ᠤᠨ ᠨᠦᠬᠡᠴᠡᠯᠡᠯᠳᠡ ᠶᠢ ᠡᠷᠬᠢᠯᠳᠡ ᠳᠤ ᠤᠷᠤᠭᠤᠯᠪᠠ᠃ ᠪᠥᠬᠦ ᠵᠢᠯ ᠤᠨ ᠭᠥᠯᠢᠶᠡᠨ | ᠠᠪᠤᠭᠰᠠᠨ ᠵᠤᠭᠠᠴᠠᠭᠰᠠᠳ 463.3 ᠲᠦᠮᠡᠨ ᠬᠥᠮᠦᠨ ᠤᠳᠠᠭ᠎ᠠ᠂ 13.3% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ ᠶᠢ 53.2 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 15.1% ᠪᠠᠷ ᠨᠡᠮᠡᠭᠳᠡᠪᠡ᠃ ᠮᠠᠨ ᠤ ᠬᠤᠰᠢᠭᠤ ᠪᠥᠬᠦ ᠣᠷᠣᠨ ᠤ ᠴᠣᠷ ᠤᠨ ᠭᠠᠭᠴᠠ ︽ᠪᠥᠬᠦ ᠤᠯᠤᠰ ᠤᠨ ᠬᠥᠳᠡᠭᠡ ᠲᠣᠰᠬᠤᠨ ᠤ | ᠵᠢᠭᠤᠯᠴᠢᠯᠠᠯ ᠬᠦᠭᠵᠢᠬᠦᠯᠦᠯᠳᠡ ᠶᠢᠨ ᠨᠡᠶᠢᠲᠡᠯᠢᠭ ᠵᠢᠱᠢᠶ᠎ᠡ︾ ᠶᠢᠨ ᠬᠤᠰᠢᠭᠤ ᠰᠢᠶᠠᠨ ᠢᠶᠠᠷ ᠰᠣᠩᠭᠤᠭᠳᠠᠵᠤ᠂ ᠴᠢᠩᠭᠢᠰ ᠬᠠᠭᠠᠨ ᠤ ᠣᠩᠭᠤᠨ ᠢ ᠪᠥᠬᠦ ᠣᠷᠣᠨ ᠤ | ᠠᠩᠬᠠᠳᠠᠭᠴᠢ ︽ᠲᠠᠶᠢᠸᠠᠨ ᠪᠠ ᠡᠬᠡ ᠬᠠᠭᠤᠷᠠᠢ ᠶᠢᠨ ᠰᠣᠯᠢᠯᠴᠠᠭᠠᠨ ᠤ ᠰᠠᠭᠤᠷᠢᠨ ᠭᠠᠵᠠᠷ︾ ᠢᠶᠠᠷ ᠲᠣᠭᠲᠠᠭᠠᠪᠠ᠃ | ︵ᠬᠤᠶᠠᠷ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠨᠢ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠥᠷᠢ ᠥᠭᠴᠡᠭᠡ ᠶᠢ ᠰᠢᠢᠳᠪᠦᠷᠢᠯᠡᠬᠦ | ᠠᠵᠢᠯ ᠯᠠᠪᠳᠠᠭᠤᠨ ᠡᠮᠬᠢ ᠵᠢᠷᠤᠮ ᠲᠠᠢ ᠶᠠᠪᠤᠭᠳᠠᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 55.6 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ | ᠵᠢᠯ ᠤᠨ ᠡᠭᠦᠷᠭᠡ ᠶᠢᠨ 273.8% ᠶᠢ ᠪᠡᠶᠡᠯᠡᠭᠦᠯᠵᠦ᠂ ᠥᠷᠢ ᠥᠭᠴᠡᠭᠡ ᠶᠢᠨ ᠨᠣᠷᠮ᠎ᠠ 32.1% ᠪᠠᠷ ᠪᠠᠭᠤᠷᠠᠪᠠ᠃ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ 18.3 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠢᠯ ᠤᠨ | ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ︽ᠠᠷᠪᠠ ᠶᠢ ᠪᠦᠬᠦᠨ ᠢ ᠪᠥᠷᠬᠦᠭᠦᠯᠬᠦ︾ ᠠᠷᠪᠠᠨ ᠵᠦᠢᠯ ᠠᠴᠠ ᠭᠠᠳᠠᠨ᠎ᠠ ᠰᠢᠭᠤᠳ ᠬᠤᠯᠪᠣᠭᠳᠠᠯ ᠪᠥᠬᠦᠶ | ᠢᠨᠵᠧᠨᠧᠷᠢᠩ ᠤᠨ 3.2 ᠳ᠋ᠦᠩᠰᠢᠭᠤᠷ ᠲᠥᠭᠦᠷᠢᠭ ᠤᠨ ᠥᠷᠢᠲᠦᠭᠰᠡᠨ ᠵᠣᠭᠤᠰ ᠢ ᠪᠦᠬᠦᠨ ᠢ ᠲᠦᠯᠦᠵᠦ ᠲᠠᠭᠤᠰᠬᠠᠪᠠ᠃ ᠮᠠᠨ ᠤ ᠬᠤᠰᠢᠭᠤ ᠨᠢ ᠪᠦᠬᠦ ᠤᠯᠤᠰ ᠤᠨ | ᠪᠠᠶᠢᠭᠤᠯᠤᠮᠵᠢᠳᠤ ᠰᠢᠶᠠᠨ ᠤ ᠳᠠᠯᠳᠠ ᠥᠷᠢ ᠥᠭᠴᠡᠭᠡ ᠶᠢᠨ ᠲᠦᠭᠰᠢᠬᠦᠷᠢ ᠶᠢ ᠰᠢᠢᠳᠪᠦᠷᠢᠯᠡᠬᠦ ᠲᠤᠷᠰᠢᠯᠲᠠ ᠶᠢᠨ ᠰᠢᠶᠠᠨ ᠢᠶᠠᠷ ᠵᠢᠭᠰᠠᠭᠠᠭᠳᠠᠵᠤ᠂ ᠵᠢᠭᠡᠯᠡᠯᠭᠡ ᠶᠢᠨ | ᠲᠡᠮᠳᠡᠭᠲᠦ ᠰᠣᠯᠢᠬᠤ ᠪᠡᠯᠡ ᠮᠥᠩᠭᠦ ᠶᠢ 32.2 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠵᠢᠯ ᠳᠤ 1.2 ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ | ᠠᠷᠪᠢᠯᠠᠪᠠ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠬᠠᠪᠰᠤᠷᠤᠨ 7.9 ᠳ᠋ᠦᠩᠰᠢᠭᠤᠷ ᠲᠥᠭᠦᠷᠢᠭ ᠤᠨ ᠡᠷᠡᠭᠦᠯ ᠪᠤᠰᠤ ᠵᠢᠬᠡᠯᠡᠯᠬᠡ ᠶᠢ ᠰᠢᠢᠳᠪᠦᠷᠢᠯᠡᠵᠦ᠂ | ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 3.9% ᠪᠠᠶᠢᠵᠤ᠂ 1.1 ᠵᠠᠭᠤᠨ ᠤ ᠨᠢᠭᠡᠴᠢ ᠪᠠᠷ ᠪᠠᠭᠤᠷᠠᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠤᠯᠳᠠ ᠶᠢ ᠯᠠᠪᠳᠠᠭᠤᠨ ᠪᠠᠲᠤᠲᠠᠶ ᠠᠬᠢᠭᠤᠯᠪᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠮᠥᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ᠂ | ᠨᠠᠭᠠᠳᠤ ᠵᠠᠬ᠎ᠠ ᠶᠢᠨ ᠪᠠᠳᠤᠯᠠᠭ᠎ᠠ ᠵᠡᠷᠭᠡ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠪᠢᠰᠬᠠᠯ ᠤᠨ ᠵᠠᠮᠴᠢ︾ | ︽ᠵᠠᠭᠤᠨ ᠠᠵᠤ ᠠᠬᠤᠶᠢᠯᠠᠯ ᠢᠶᠠᠷ ᠵᠠᠭᠤᠨ ᠲᠣᠰᠬᠤᠨ ᠢ ᠲᠡᠮᠵᠢᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 1.1 ᠳ᠋ᠦᠩᠰᠢᠭᠤᠷ ᠲᠦᠮᠡᠨ ᠲᠥᠭᠦᠷᠢᠭ ᠤᠨ ᠪᠠᠯᠠ | ᠮᠥᠩᠭᠦ ᠶᠢ ᠬᠤᠷᠠᠮᠳᠤᠭᠤᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ 108 ᠬᠡᠷᠡᠭᠵᠢᠭᠦᠯᠵᠦ᠂ 90% ᠠᠴᠠ ᠳᠡᠭᠡᠭᠰᠢᠬᠢ ᠲᠣᠰᠬᠤᠨ ᠤ | ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ 5 ᠲᠦᠮᠡᠨ ᠲᠥᠭᠦᠷᠢᠭ ᠠᠴᠠ ᠲᠠᠪᠠᠵᠤ᠂ 607 ᠡᠷᠦᠬᠡ ᠶᠢᠨ 1369 ᠨᠡᠷ᠎ᠡ ᠲᠠᠩᠰᠠᠯᠠᠭᠳᠠᠭᠰᠠᠨ ᠶᠠᠳᠠᠭᠤ | ᠬᠦᠴᠢᠷᠳᠡᠯᠳᠠᠢ ᠬᠦᠮᠦᠨ ᠠᠮᠠ ᠶᠢ ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠬᠦᠯᠵᠦ᠂ ᠵᠢᠯ ᠤᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ 1. | 8 ᠲᠦᠮᠡᠨ ᠲᠦᠬᠦᠷᠢᠭ ᠲᠤ ᠬᠦᠷᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 56 ᠲᠠᠷᠬᠠᠢ ᠪᠤᠳᠠᠷᠬᠠᠢ ᠨᠡᠬᠦᠷᠡᠰᠦᠨ | ᠲᠠᠯᠠᠪᠠᠢ ᠶᠢ ᠬᠠᠤᠯᠢ ᠶᠤᠰᠤ ᠪᠠᠷ ᠬᠦᠴᠦᠨ ᠦᠬᠡᠢ ᠪᠤᠯᠭᠠᠵᠤ᠂ 96 ᠨᠡᠬᠦᠷᠡᠰᠦᠨ ᠠᠭᠤᠷᠬᠠᠢ᠂ ᠲᠦᠪᠯᠡᠷᠡᠬᠦᠯᠦᠨ ᠰᠠᠪᠠᠯᠠᠬᠤ ᠦᠷᠳᠡᠭᠡ ᠶᠢᠨ ᠬᠠᠷᠠᠭᠠᠨ ᠲᠠᠪᠳᠠᠮᠵᠢ | ᠪᠠᠷ ᠬᠢᠨᠠᠨ ᠡᠵᠡᠮᠰᠢᠬᠦ ᠶᠢ ᠪᠦᠬᠦᠨ ᠢ ᠪᠦᠷᠬᠦᠬᠦᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ 13 ᠪᠤᠬᠢᠷᠳᠤᠯ ᠦᠬᠡᠢ ᠠᠭᠤᠷᠬᠠᠢ ᠶᠢᠨ ᠠᠭᠤᠯᠠ ᠶᠢ ᠡᠬᠦᠳᠦᠨ | ᠪᠠᠶᠢᠭᠤᠯᠪᠠ᠃ 20 ᠠᠭᠤᠷᠰᠢᠯᠳᠠ ᠲᠤᠨ ᠠᠴᠠ ᠲᠡᠬᠡᠭᠰᠢᠬᠢ ᠲᠦᠯᠡᠰᠢᠨ ᠨᠡᠬᠦᠷᠡᠰᠦᠨ ᠵᠤᠤᠬ᠎ᠠ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ | ᠠᠯᠳᠠᠨᠰᠢᠷᠡᠭᠡ ᠪᠠᠯᠭᠠᠰᠤ 10 ᠠᠭᠤᠷᠰᠢᠯᠳᠠ ᠲᠤᠨ ᠠᠴᠠ ᠳᠣᠷᠣᠭᠰᠢᠬᠢ ᠲᠦᠯᠡᠰᠢᠨ ᠨᠡᠬᠦᠷᠡᠰᠦᠨ ᠵᠤᠤᠬ᠎ᠠ ᠶᠢ ᠪᠦᠬᠦᠨ ᠢ ︽ᠦᠬᠡᠶᠢᠰᠬᠡᠪᠡ︾᠃ ᠪᠦᠬᠦ ᠬᠤᠰᠢᠭᠤᠨ | ᠤ ᠠᠭᠠᠷ ᠤᠨ ᠴᠢᠨᠠᠷ ᠤᠨ ᠰᠢᠯᠢᠳᠡᠭ ᠨᠤᠷᠮ᠎ᠠ 92% ᠲᠤ ᠬᠦᠷᠪᠡ᠃ ᠤᠯᠠᠭᠠᠨᠮᠦ᠋ᠷᠡᠨ ᠭᠤᠤᠯ᠂ ᠪᠤᠬ᠎ᠠ ᠶᠢᠨ ᠭᠤᠤᠯ ᠤᠨ ᠰᠠᠪᠠ ᠭᠠᠵᠠᠷ ᠤᠨ ᠤᠰᠤᠨ ᠤ ᠴᠢᠨᠠᠷ ᠨᠢ | ᠭᠠᠵᠠᠷ ᠤᠨ ᠭᠠᠳᠠᠷᠭᠤ ᠶᠢᠨ ᠤᠰᠤᠨ ᠤ ᠭᠤᠷᠪᠠᠳᠤᠭᠠᠷ ᠲᠥᠷᠥᠯ ᠤᠨ ᠪᠠᠷᠢᠮᠵᠢᠶ᠎ᠠ ᠳᠤ ᠬᠥᠷᠪᠡ᠃ | ︵ᠭᠤᠷᠪᠠ︶ ᠴᠢᠨᠠᠷ ᠰᠠᠶᠢᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠪᠡ᠃ ᠬᠤᠲᠠ ᠶᠢᠨ ᠴᠢᠳᠠᠮᠵᠢ ᠨᠠᠩ ᠲᠡᠭᠦᠯᠳᠡᠷᠵᠢᠪᠡ᠃ | ᠠᠯᠳᠠᠨᠰᠢᠷᠡᠭᠡ ᠵᠠᠮ᠂ ᠪᠣᠯᠪᠠᠰᠤᠨ ᠪᠠᠷᠠᠭᠤᠨ ᠵᠡᠭᠡᠯᠢ ᠵᠡᠷᠭᠡ 6 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠦᠬᠡᠷᠡᠴᠢᠯᠡᠯᠳᠡ ᠶᠢ ᠪᠡᠶᠡᠯᠡᠭᠦᠯᠵᠦ᠂ 20.2 ᠲᠦᠮᠡᠨ | ᠲᠡᠭᠰᠢ ᠳᠥᠷᠪᠡᠯᠵᠢᠨ ᠮᠧᠲᠷ ᠬᠠᠳᠠᠷᠠᠭᠤᠯᠤᠯᠳᠠ ᠬᠢᠵᠦ᠂ ᠠᠯᠭᠤᠷ ᠶᠠᠪᠤᠬᠤ ᠨᠣᠭᠤᠭᠠᠨ ᠵᠠᠮ᠂ ᠶᠠᠪᠠᠭᠠᠨ ᠵᠠᠮ 51.8 ᠺᠢᠯᠣᠮᠧᠲᠷ ᠲᠤ ᠬᠦᠷᠪᠡ᠃ ᠪᠠᠷᠢᠮᠵᠢᠶᠠᠵᠢᠭᠰᠠᠨ | ᠂ ᠶᠠᠰᠤ ᠴᠢᠨᠠᠷᠵᠢᠭᠤᠯᠤᠭᠰᠠᠨ 15 ᠨᠡᠶᠢᠳᠡ ᠶᠢᠨ ᠵᠣᠷᠯᠣᠩ ᠢ ᠰᠢᠨ᠎ᠡ ᠪᠠᠷ ᠬᠡᠷᠡᠭᠯᠡᠯᠳᠡ ᠳᠤ ᠣᠷᠣᠭᠤᠯᠪᠠ᠃ ᠠᠯᠳᠠᠨᠰᠢᠷᠡᠭᠡ ᠪᠠᠯᠭᠠᠰᠤ ᠶᠢᠨ 13 ︽ᠲᠤᠳᠠᠭᠤ | ᠲᠤᠷᠭᠤᠨ︾ ᠢᠨᠵᠧᠨᠧᠷᠢᠩ ᠤᠨ ᠪᠠᠷᠢᠯᠭ᠎ᠠ ᠶᠢ ᠪᠦᠬᠦᠨ ᠢ ᠰᠡᠷᠬᠦᠬᠡᠵᠦ᠂ ᠡᠭᠦᠨ ᠳᠤ ᠰᠢᠩ ᠮᠧᠩ ᠱᠢ ᠳ᠋ᠠᠢ᠂ ᠪᠥᠸᠧ ᠶᠧ ᠲᠣᠮᠣ ᠠᠰᠠᠷ ᠵᠡᠷᠭᠡ 8 ᠲᠥᠷᠥᠯ | ᠵᠦᠢᠯ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠱᠦᠢ ᠠᠨ ᠰᠢᠨ᠎ᠡ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ | ᠬᠦᠴᠦ ᠪᠠᠨ ᠲᠥᠪᠯᠡᠷᠡᠭᠦᠯᠦᠨ ᠠᠬᠢᠭᠤᠯᠵᠤ᠂ 17 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠪᠡ᠃ ᠬᠤᠲᠠ ᠶᠢᠨ ᠣᠷᠴᠢᠨ ᠲᠣᠭᠤᠷᠢᠨ ᠨᠢ ᠣᠷᠣᠰᠢᠨ ᠰᠠᠭᠤᠬᠤ ᠳᠤ ᠨᠠᠩ | ᠲᠣᠬᠢᠷᠠᠮᠵᠢᠲᠠᠶ ᠪᠣᠯᠪᠠ᠃ ︽ᠲᠠᠪᠤᠨ ᠬᠥᠨᠳᠡᠯᠡᠨ᠂ ᠵᠢᠷᠭᠤᠭᠠᠨ ᠭᠤᠯᠳᠤ᠂ ᠬᠤᠶᠠᠷ ᠰᠠᠯᠪᠤᠷᠢ︾ ᠶᠢᠨ ᠬᠤᠲᠠ ᠶᠢ ᠲᠤᠭᠤᠷᠢᠭᠰᠠᠨ ᠠᠮᠢ ᠠᠬᠤᠢ ᠶᠢᠨ ᠤᠰᠤᠨ | ᠰᠢᠰᠲ᠋ᠧᠮ ᠤᠨ ᠢᠨᠵᠧᠨᠧᠷᠢᠩ ᠢ ᠬᠡᠷᠡᠭᠵᠢᠭᠦᠯᠵᠦ᠂ ᠤᠰᠤᠨ ᠦᠵᠡᠮᠵᠢ ᠶᠢᠨ ᠵᠡᠭᠡᠯᠢ ᠵᠡᠷᠭᠡ ᠨᠡᠭᠡᠭᠡᠯᠲᠡᠲᠦ ᠬᠡᠯᠪᠡᠷᠢ ᠶᠢᠨ ᠤᠰᠤᠨ ᠦᠵᠡᠮᠵᠢ ᠶᠢ 8 ᠪᠠᠶᠢᠭᠤᠯᠵᠤ᠂ 26 | ᠦᠵᠡᠮᠵᠢ ᠶᠢᠨ ᠨᠠᠭᠤᠷ ᠢ ᠰᠢᠨ᠎ᠡ ᠪᠠᠷ ᠨᠡᠮᠡᠭᠳᠡᠭᠦᠯᠦᠨ᠂ ᠠᠯᠳᠠᠨᠰᠢᠷᠡᠭᠡ ᠪᠠᠯᠭᠠᠰᠤᠨ ᠤ ᠭᠤᠤᠯ ᠬᠤᠲᠠ ᠶᠢᠨ ᠲᠣᠭᠤᠷᠢᠭ ᠤᠨ ᠤᠰᠤᠨ ᠣᠷᠣᠨ ᠤ ᠲᠠᠯᠠᠪᠠᠶ 17.8 | ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ ᠪᠠᠷᠠᠭᠤᠨ ᠬᠤᠶᠢᠲᠤ ᠬᠡᠰᠡᠭ ᠤᠷᠤᠨ᠂ ᠪᠣᠯᠪᠠᠰᠤᠨ ᠵᠡᠭᠦᠨ ᠵᠡᠭᠡᠯᠢ ᠵᠡᠷᠭᠡ ᠤᠷᠤᠨ ᠬᠡᠪᠴᠢᠶ᠎ᠡ ᠪᠠ ᠵᠠᠮ | ᠬᠠᠷᠢᠯᠴᠠᠭᠠᠨ ᠤ ᠨᠤᠭᠤᠭᠠᠷᠠᠭᠤᠯᠤᠯᠳᠠ ᠶᠢᠨ ᠦᠵᠡᠮᠵᠢ ᠶᠢ ᠦᠬᠡᠷᠡᠴᠢᠯᠡᠵᠦ᠂ ᠨᠣᠭᠤᠭᠠᠷᠠᠭᠤᠯᠤᠯᠲᠠ ᠶᠢᠨ ᠲᠠᠯᠠᠪᠠᠢ ᠶᠢ 104 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠭᠦᠯᠣᠨ᠂ ᠬᠥᠮᠦᠨ ᠲᠤᠮᠳᠠᠴᠢ ᠶᠢᠨ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ 94.8 ᠲᠡᠭᠰᠢ ᠳᠥᠷᠪᠡᠯᠵᠢᠨ ᠮᠧᠲᠷ ᠲᠤ ᠬᠦᠷᠪᠡ᠃ | ᠬᠤᠲᠠ ᠶᠢᠨ ᠬᠠᠮᠢᠶᠠᠷᠤᠯᠲᠠ ᠨᠠᠩ ᠨᠠᠷᠢᠯᠢᠭᠵᠢᠪᠠ᠃ ᠴᠡᠪᠡᠷᠵᠢᠬᠦᠯᠦᠭᠰᠡᠨ ᠤᠰᠤᠨ ᠤ ᠬᠤᠭᠤᠯᠠᠢ ᠶᠢᠨ ᠲᠣᠣᠷ ᠢ 130 ᠺᠢᠯᠣᠮᠧᠲᠷ ᠰᠢᠨ᠎ᠡ ᠪᠠᠷ ᠪᠠᠶᠢᠭᠤᠯᠵᠤ᠂ | ᠠᠯᠳᠠᠨᠰᠢᠷᠡᠭᠡ ᠪᠠᠯᠭᠠᠰᠤᠨ ᠤ ᠭᠤᠤᠯ ᠬᠤᠲᠠ ᠶᠢᠨ ᠲᠤᠭᠤᠷᠢᠭ ᠲᠤ ᠴᠡᠪᠡᠷᠵᠢᠬᠦᠯᠦᠭᠰᠡᠨ ᠤᠰᠤ ᠶᠢ ᠠᠰᠢᠭᠯᠠᠨ ᠤᠰᠤᠯᠠᠯᠲᠠ ᠬᠢᠬᠦ ᠶᠢ ︽ᠪᠦᠬᠦᠨ ᠢ ᠪᠦᠷᠬᠦᠭᠦᠯᠬᠦ︾ | ᠪᠠ ᠭᠤᠷᠪᠠᠨ ᠤᠯᠠᠷᠢᠯ ᠳᠤ ︽ᠡᠳᠦᠷ ᠲᠤ ᠰᠢᠢᠳᠪᠦᠷᠢᠯᠡᠬᠦ︾ ᠶᠢ ᠪᠡᠶᠡᠯᠡᠭᠦᠯᠪᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠭᠠᠷ ᠳᠠᠮᠵᠢᠭᠰᠠᠨ ᠲᠡᠷᠭᠡᠨ ᠤ | ᠰᠤᠯᠢᠯᠴᠠᠭᠠᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠡᠭᠴᠡᠯᠡᠨ ᠵᠠᠰᠠᠪᠠ᠃ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ︽ᠠᠮᠤᠭᠤᠯᠠᠩ ᠡᠵᠡᠨ ᠬᠤᠷᠤᠭ᠎ᠠ︾ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠠᠰᠢᠭᠯᠠᠯᠲᠠ ᠳᠤ ᠣᠷᠣᠵᠤ᠂ | ᠭᠤᠤᠯᠳᠠᠯᠭ᠎ᠠ ᠲᠠᠢ ᠣᠷᠣᠨ ᠪᠦᠰᠡ ᠳᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠦᠬᠦᠨ ᠢ ᠪᠦᠷᠬᠦᠭᠦᠯᠪᠡ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠪᠡ᠃ ᠠᠵᠤ ᠦᠢᠯᠡᠰ ᠤᠨ ᠬᠡᠪᠴᠢᠶ᠎ᠡ | ᠦᠷᠭᠦᠯᠵᠢᠯᠡᠨ ᠥᠷᠭᠡᠵᠢᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠰᠦᠯ ᠪᠠ ᠠᠵᠤ ᠦᠢᠯᠡᠰ ᠢᠶᠠᠷ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠪᠠᠷ ᠬᠥᠭᠵᠢᠭᠦᠯᠦᠨ ᠮᠠᠨᠳᠤᠭᠤᠯᠬᠤ ᠵᠡᠷᠭᠡ 5 ᠲᠤᠰᠬᠠᠢ ᠲᠦᠰᠦᠯ ᠢ ᠲᠣᠭᠲᠠᠭᠠᠵᠤ᠂ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ ᠢ ᠲᠦᠬᠦᠷᠵᠢᠬᠦᠯᠦᠨ ᠨᠡᠶᠢᠲᠡᠯᠡᠵᠤ᠂ 5000 ᠲᠦᠮᠡᠨ ᠲᠥᠭᠦᠷᠢᠭ ᠤᠨ ᠪᠡᠯᠡ | ᠮᠥᠩᠭᠦ ᠶᠢ ᠴᠤᠭᠯᠠᠭᠤᠯᠵᠤ᠂ ᠴᠠᠭᠠᠷᠢᠭ ᠤᠨ ᠵᠤᠤ ᠲᠣᠰᠬᠤᠨ ᠤ ᠲᠣᠣᠷ ᠤᠨ ᠦᠢᠯᠡᠳᠪᠦᠷᠢᠯᠡᠯ᠂ ᠬᠠᠳᠠᠲᠤ ᠨᠠᠭᠤᠷ ᠲᠣᠰᠬᠤᠨ ᠤ ᠭᠠᠭ᠋ᠠᠢ ᠲᠡᠵᠢᠭᠡᠨ ᠦᠷᠡᠵᠢᠭᠦᠯᠬᠦ | ᠵᠡᠷᠭᠡ 27 ᠠᠵᠤ ᠦᠢᠯᠡᠰ ᠤᠨ ᠲᠥᠷᠥᠯ ᠵᠦᠢᠯ ᠢ ᠲᠡᠳᠬᠦᠨ ᠳᠡᠮᠵᠢᠪᠡ᠃ ︽ᠲᠠᠪᠤᠨ ᠤᠳᠤᠳᠤ ᠪᠠᠷᠢᠮᠵᠢᠶ᠎ᠠ ᠳᠤ ᠬᠦᠷᠭᠡᠬᠦ᠂ ᠣᠨᠴᠠᠯᠢᠭ ᠢ ᠡᠭᠦᠳᠦᠨ ᠪᠠᠶᠢᠭᠤᠯᠬᠤ︾ | ᠱᠠᠭᠠᠷᠳᠠᠯᠭ᠎ᠠ ᠪᠠᠷ᠂ ᠤᠯᠠᠭᠠᠨᠮᠦ᠋ᠷᠡᠨ ᠲᠣᠰᠬᠤᠨ᠂ ᠮᠡᠩᠬᠡ ᠲᠣᠰᠬᠤᠨ ᠵᠡᠷᠭᠡ 5 ᠬᠤᠲᠠ ᠶᠢᠨ ᠲᠡᠰ ᠤᠨ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠴᠢᠭ ᠢ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠳᠬᠡᠨ ᠪᠤᠶᠢᠵᠢᠭᠤᠯᠪᠠ᠃ | ᠬᠤᠲᠠ ᠶᠢᠨ ᠲᠡᠰ ᠠᠴᠠ ᠲᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ 3 ᠲᠤᠯᠤᠭᠠᠶᠢᠯᠠᠭᠴᠢ ᠠᠵᠤ ᠠᠬᠤᠶᠢᠯᠠᠯ᠂ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠢ 60 ᠰᠢᠨ᠎ᠡ ᠪᠠᠷ ᠨᠡᠮᠡᠭᠳᠡᠵᠦ᠂ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠡᠷᠢᠶᠠᠴᠢᠳ ᠲᠠᠢ ᠨᠢᠭᠲᠠ ᠠᠰᠢᠭ | ᠲᠤᠰᠠ ᠶᠢᠨ ᠬᠤᠯᠪᠤᠭᠠᠨ ᠤ ᠲᠣᠭᠲᠠᠴᠠ ᠶᠢ 70% ᠳᠤ ᠬᠦᠷᠴᠦ᠂ ᠪᠦᠬᠦ ᠬᠤᠳᠠ ᠶᠢᠨ 12 ᠵᠠᠭᠤᠨ ᠤ ᠨᠢᠭᠡᠴᠢ ᠦᠨᠳᠦᠷ ᠪᠤᠯᠪᠠ᠃ ᠮᠡᠩᠬᠡ ᠶᠢᠨ ᠬᠠᠰᠢᠶᠠᠯᠠᠨ | ᠲᠡᠵᠢᠭᠡᠵᠦ ᠪᠠᠶᠢᠭ᠎ᠠ ᠨᠣᠣᠯᠤᠷ ᠤᠨ ᠢᠮᠠᠭ᠎ᠠ᠂ ᠯᠦᠩ ᠶᠠᠩ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠨᠢ | ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠣᠯᠵᠤ᠂ | ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ | ᠬᠤᠰᠢᠭᠤ ᠪᠠᠷ ᠦᠨᠡᠯᠡᠭᠳᠡᠪᠡ᠃ ᠣᠷᠣᠰᠢᠨ ᠰᠠᠭᠤᠬᠤ ᠣᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠ ᠶᠢ ᠲᠣᠳᠣᠷᠬᠠᠶᠢᠯᠠᠵᠤ ᠨᠢᠭᠡ ᠶᠢ | ᠥᠭᠡᠷᠡᠴᠢᠯᠡᠬᠦ︾ ᠠᠵᠢᠯᠯᠠᠭ᠎ᠠ ᠶᠢ ᠦᠷᠨᠢᠬᠦᠯᠵᠦ᠂ 15 ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 53 ᠪᠤᠯᠠᠬᠤ ᠲᠠᠯᠠᠪᠠᠶ ᠶᠢ ᠪᠠᠶᠢᠭᠤᠯᠵᠤ᠂ | ᠡᠷᠦᠬᠡ ᠬᠤᠷᠰᠢᠶ᠎ᠠ ᠲᠣᠰᠬᠤᠨ ᠪᠠᠯᠭᠠᠰᠤ ᠬᠤᠰᠢᠭᠤ ︽ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ︾ ᠬᠤᠭ ᠨᠣᠪᠰᠢ ᠰᠢᠢᠳᠪᠦᠷᠢᠯᠡᠬᠦ ᠲᠤᠭᠳᠠᠯᠴᠠᠭ᠎ᠠ ᠶᠢ ᠪᠣᠶ | ᠪᠤᠯᠭᠠᠪᠠ᠃ ᠪᠦᠬᠦ ᠬᠤᠳᠠ ᠳᠤ ᠰᠢᠶᠠᠩ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠡᠩ ᠲᠡᠷᠢᠭᠦᠨ ᠳᠤ ᠪᠡᠶᠡᠯᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ 80% ᠠᠴᠠ ᠳᠡᠭᠡᠭᠰᠢᠬᠢ ᠪᠠᠶᠢᠩᠭᠤ ᠰᠠᠭᠤᠭ᠎ᠠ ᠬᠥᠮᠦᠨ ᠠᠮᠠ ᠶᠢ ᠪᠦᠷᠬᠦᠬᠦᠯᠪᠡ᠃ 7556 ᠡᠷᠦᠬᠡ ᠶᠢᠨ ᠵᠣᠷᠯᠣᠩ ᠢ | ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠠᠷᠢᠭᠤᠨ ᠴᠡᠪᠡᠷ ᠤᠨ ᠵᠣᠷᠯᠣᠩ ᠤᠨ ᠲᠦᠬᠡᠮᠡᠯᠵᠢᠯᠳᠡ ᠶᠢᠨ ᠨᠣᠷᠮ᠎ᠠ 60% ᠳᠤ ᠬᠦᠷᠴᠦ᠂ ᠪᠦᠬᠦ ᠣᠷᠣᠨ ᠤ ᠳᠤᠮᠳᠠᠴᠢ | ᠬᠢᠷᠢ ᠲᠦᠪᠰᠢᠨ ᠠᠴᠠ ᠳᠠᠪᠠᠪᠠ᠃ ᠮᠠᠨ ᠤ ᠬᠤᠰᠢᠭᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠪᠥᠬᠦ ᠤᠯᠤᠰ ᠤᠨ | ᠬᠦᠳᠡᠭᠡ ᠲᠣᠰᠬᠤᠨ ᠤ ᠠᠷᠢᠭᠤᠨ ᠴᠡᠪᠡᠷ ᠤᠨ ᠠᠵᠢᠯᠯᠠᠭᠠᠨ ᠤ ᠲᠡᠷᠢᠭᠦᠨ ᠤ ᠰᠢᠶᠠᠨ ᠢᠶᠠᠷ ᠦᠨᠡᠯᠡᠭᠳᠡᠵᠦ᠂ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠤᠨ ᠪᠥᠲᠥᠭᠡᠨ ᠪᠠᠶᠢᠭᠤᠯᠤᠯᠳᠠ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠨᠢᠭᠡᠴᠢ ᠳᠤ ᠰᠣᠩᠭᠤᠭᠳᠠᠪᠠ᠃ | ︵ᠲᠠᠪᠤ︶ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ | ᠲᠡᠭᠦᠯᠳᠡᠷᠵᠢᠪᠡ᠃ ︽ᠵᠡᠬᠦᠨ ᠤ ᠤᠰᠤ ᠶᠢ ᠪᠠᠷᠠᠭᠤᠨᠰᠢ ᠲᠠᠲᠠᠬᠤ︾ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠦᠨ ᠠᠭᠤᠷᠬᠠᠶ ᠶᠢᠨ ᠨᠡᠬᠦᠷᠡᠰᠦᠨ ᠲᠠᠪᠬᠤᠷᠭ᠎ᠠ ᠶᠢᠨ | ᠪᠤᠬᠢᠷ ᠤᠰᠤ ᠶᠢ ᠠᠰᠢᠭᠯᠠᠨ 604 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠮᠢ ᠠᠬᠤᠶ ᠶᠢ ᠤᠰᠤ ᠨᠦᠬᠦᠪᠦᠷᠢᠯᠡᠬᠦ ᠶᠢ ᠪᠡᠶᠡᠯᠡᠬᠦᠯᠪᠡ᠃ 690 | ᠺᠢᠯᠣᠮᠧᠲᠷ ᠤᠨ ᠴᠠᠬᠢᠯᠭᠠᠨ ᠬᠠᠩᠭᠠᠬᠤ ᠬᠡᠯᠬᠢᠶ᠎ᠡ ᠶᠢ ᠰᠢᠨ᠎ᠡ ᠪᠠᠷ ᠪᠠᠶᠢᠭᠤᠯᠤᠨ ᠦᠬᠡᠷᠡᠴᠢᠯᠡᠵᠦ᠂ 683 ᠬᠦᠳᠡᠭᠡ ᠲᠣᠰᠬᠤᠨ ᠤ ᠳᠤᠮᠳᠠ ᠳᠣᠣᠷ᠎ᠠ ᠬᠦᠴᠦᠳᠡᠯᠲᠦ | ᠴᠠᠬᠢᠯᠭᠠᠨ ᠬᠡᠯᠬᠢᠶ᠎ᠡ ᠶᠢᠨ ᠥᠭᠡᠷᠡᠴᠢᠯᠡᠯᠲᠡ ᠶᠢ ᠪᠡᠶᠡᠯᠡᠬᠦᠯᠵᠦ᠂ ᠬᠤᠨᠢᠴᠢᠨᠭᠤᠤᠯ ᠤᠨ 500 ᠺᠢᠯᠣᠸᠣᠯᠲ ᠪᠣᠯᠤᠨ ᠱᠧᠩ ᠶᠤᠸᠠᠨ ᠤ 220 ᠺᠢᠯᠣᠸᠣᠯᠲ ᠤᠨ | ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠠᠯᠳᠠᠨᠰᠢᠷᠡᠭᠡ ᠠᠴᠠ ᠲᠦᠴᠢᠨ ᠭᠠᠵᠠᠷ ᠤᠨ ᠰᠢᠯᠢ ᠬᠦᠷᠬᠦ ᠵᠠᠮ ᠢ | ᠥᠷᠭᠡᠳᠬᠡᠨ ᠵᠠᠰᠠᠭᠠᠳ ᠲᠡᠷᠬᠡ ᠨᠡᠪᠳᠡᠷᠡᠬᠦᠯᠵᠦ᠂ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠢ 207 ᠺᠢᠯᠣᠮᠧᠲᠷ ᠪᠠᠶᠢᠭᠤᠯᠵᠤ᠂ ᠮᠠᠨ ᠤ ᠬᠤᠰᠢᠭᠤ ︽ | ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶᠡᠴᠢ ᠰᠢᠶᠠᠨ ᠢᠶᠠᠷ ᠦᠨᠡᠯᠡᠭᠳᠡᠪᠡ᠃ ᠠᠮᠢ ᠠᠬᠤᠢ ᠶᠢᠨ ᠬᠠᠮᠠᠭᠠᠯᠠᠯᠲᠠ ᠢᠯᠡᠳᠲᠡ | ᠦᠷ᠎ᠡ ᠪᠦᠲᠦᠮᠵᠢ ᠣᠯᠪᠠ᠃ ᠪᠥᠬᠦ ᠤᠯᠤᠰ ᠤᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠬᠡᠶ ᠬᠥᠭᠵᠢᠭᠦᠯᠬᠦ ᠲᠥᠯᠥᠪᠵᠢᠭᠦᠯᠭᠡ︾ ᠶᠢ ᠵᠣᠬᠢᠶᠠᠵᠤ᠂ ᠮᠠᠭᠤᠳᠠᠭᠰᠠᠨ ᠣᠶ ᠶᠢ ᠬᠤᠪᠢᠶᠠᠨ | ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠤᠯᠳᠠᠯᠭ᠎ᠠ ᠲᠠᠢ 13 ᠲᠦᠮᠡᠨ ᠮᠥ ᠣᠶ ᠰᠢᠭᠤᠶ ᠶᠢᠨ ᠠᠮᠢ ᠠᠬᠤᠶ ᠶᠢᠨ | ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠶᠢᠨ ᠡᠳ᠋ ᠬᠥᠷᠥᠩᠭᠡ ᠦᠷᠭᠦᠯᠵᠢᠯᠡᠨ ᠨᠡᠮᠡᠭᠳᠡᠪᠡ᠃ ︽ᠲᠤᠮᠤ ᠪᠦᠷᠬᠡ ᠬᠡᠷ︾ ᠤᠨ ᠲᠤᠰᠬᠠᠢ ᠲᠦᠷᠦᠯ ᠤᠨ | ᠴᠡᠭᠴᠡᠯᠡᠨ ᠵᠠᠰᠠᠬᠤ ᠡᠬᠦᠷᠬᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠬᠠᠤᠯᠢ ᠠᠴᠠ ᠵᠦᠷᠢᠴᠡᠭᠰᠡᠨ ᠪᠠᠷᠢᠯᠭ᠎ᠠ ᠵᠤᠰᠠᠯᠠᠩ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠡᠮᠬᠢ ᠵᠢᠷᠤᠮ ᠲᠠᠢ ᠠᠬᠢᠭᠤᠯᠪᠠ᠃ ᠤᠯᠠᠭᠠᠨᠮᠦ᠋ᠷᠡᠨ ᠲᠣᠰᠬᠤᠨ᠂ ᠴᠠᠭᠠᠨ ᠴᠠᠶᠢᠳᠠᠮ ᠲᠣᠰᠬᠤᠨ᠂ ᠪᠤᠯᠠᠭ ᠭᠠᠴᠠᠭ᠎ᠠ ᠨᠢ ᠤᠯᠤᠰ ᠤᠨ ᠤᠢ ᠰᠢᠭᠤᠢ ᠶᠢᠨ | ᠬᠥᠳᠡᠭᠡ ᠲᠣᠰᠬᠤᠨ ᠢᠶᠠᠷ ᠦᠨᠡᠯᠡᠭᠳᠡᠪᠡ᠃ ᠥᠭᠡᠷᠡᠴᠢᠯᠡᠯᠲᠡ ᠰᠢᠨᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠪᠡ᠃ ᠵᠠᠰᠠᠭ ᠤᠨ ᠶᠠᠪᠤᠳᠠᠯ ᠤᠨ ᠰᠢᠨ᠎ᠡ | ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ 36 ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ 6 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠰᠠᠯᠠᠭ᠎ᠠ ᠮᠥᠴᠢᠷ ᠴᠥᠮ ᠰᠠᠭᠤᠷᠢᠰᠢᠨ ᠠᠵᠢᠯᠯᠠᠵᠤ᠂ ᠠᠵᠤ ᠠᠬᠤᠶᠢᠯᠠᠯ ᠤᠨ ᠡᠷᠭᠢᠯᠡᠬᠦ ᠴᠠᠭ ᠢ 8 ᠠᠵᠢᠯ ᠤᠨ ᠡᠳᠦᠷ ᠪᠠᠶᠢᠭᠰᠠᠨ ᠠᠴᠠ ᠨᠢ 3 ᠠᠵᠢᠯ ᠤᠨ ᠡᠳᠦᠷ | ᠪᠣᠯᠭᠠᠨ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠳᠠᠩᠰᠠᠯᠠᠭᠤᠯᠤᠭᠰᠠᠨ ᠬᠥᠷᠥᠩᠭᠡ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠲᠣᠰ ᠲᠣᠰ 21. | 7%᠂ 18.4% ᠪᠠ 32.6% ᠪᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠬᠡ ᠦᠷᠳᠡᠬᠡᠴᠢᠯᠡᠭᠰᠡᠨ ᠬᠡᠯᠪᠡᠷᠢ︾ ᠶᠢᠨ | ᠦᠢᠯᠡᠴᠢᠯᠡᠭᠡᠨ ᠤ ᠲᠥᠪ ᠢ ᠪᠠᠶᠢᠭᠤᠯᠵᠤ᠂ ᠢᠨᠵᠧᠨᠧᠷᠢᠩ ᠤᠨ ᠲᠦᠷᠦᠯ ᠵᠦᠢᠯ ᠤᠨ ᠣᠶ ᠰᠢᠭᠤᠶ ᠡᠪᠡᠰᠦ ᠪᠡᠯᠴᠢᠭᠡᠷ᠂ ᠭᠠᠵᠠᠷ ᠰᠢᠷᠣᠶ ᠶᠢᠨ ᠬᠦᠢᠴᠡᠳᠬᠡᠯ ᠬᠢᠬᠦ ᠠᠴᠠ | ᠪᠤᠰᠤᠳ ᠬᠢᠨᠠᠨ ᠵᠥᠪᠰᠢᠶᠡᠷᠡᠬᠦ ᠴᠠᠭ ᠢ ᠭᠤᠷᠪᠠᠨ ᠤ ᠬᠤᠶᠠᠷ ᠬᠤᠪᠢ ᠪᠤᠭᠤᠨᠢᠰᠬᠠᠪᠠ᠃ ᠭᠠᠶᠢᠯᠢ ᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠡᠯ᠎ᠡ ᠲᠦᠷᠦᠯ ᠤᠨ ᠭᠠᠶᠢᠯᠢ ᠰᠦᠢᠳᠬᠡᠯ ᠢ ᠪᠠᠷᠤᠭ 18 ᠳ᠋ᠦᠩᠰᠢᠭᠤᠷ ᠲᠥᠭᠦᠷᠢᠭ | ᠬᠡᠯᠲᠦᠷᠢᠭᠦᠯᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠪᠠᠷ 4 ᠨᠡᠮᠡᠭᠳᠡᠵᠦ᠂ ᠪᠤᠷᠭᠠᠰᠤ ᠶᠢ ᠳᠠᠬᠢᠨ ᠪᠤᠯᠪᠠᠰᠤᠷᠠᠭᠤᠯᠤᠨ ᠮᠤᠳᠤ ᠪᠤᠯᠭᠠᠬᠤ | ᠮᠡᠷᠭᠡᠵᠢᠯ ᠳᠤᠮᠳᠠᠳᠤ ᠤᠯᠤᠰ ᠤᠨ ᠤᠢ ᠰᠢᠭᠤᠢ ᠶᠢᠨ ᠠᠵᠤ ᠦᠢᠯᠡᠰ ᠤᠨ ᠰᠢᠨᠡᠴᠢᠯᠡᠯᠳᠡ ᠶᠢᠨ ᠱᠠᠩᠨᠠᠯ ᠢ ᠬᠦᠷᠲᠡᠪᠡ᠃ ᠲᠡᠭᠷᠢᠯᠢᠭ ᠤᠷᠤᠨ ᠤ ᠤᠯᠠᠨ ᠲᠠᠶᠠᠭᠠᠷ ᠢᠶᠠᠨ | ᠦᠢᠯᠡᠰ ᠪᠦᠲᠦᠭᠡᠬᠦ ᠬᠦᠷᠢᠶᠡᠯᠡᠩ ᠨᠢ ︽ᠤᠯᠤᠰ ᠤᠨ ᠲᠠᠰ ᠤᠨ ᠰᠢᠨᠵᠢᠯᠡᠭᠡ ᠮᠡᠷᠬᠡᠵᠢᠯ ᠤᠨ ᠠᠵᠤ ᠠᠬᠤᠶᠢᠯᠠᠯ ᠤᠨ ᠬᠦᠮᠦᠵᠢᠬᠦᠯᠦᠭᠴᠢ︾ ᠪᠠ ︽ᠤᠯᠤᠰ ᠤᠨ | ᠲᠠᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ︾ ᠤᠨ ᠴᠣᠯᠠ ᠶᠢ ᠭᠥᠷᠳᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠪᠦᠬᠦ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠲᠤᠷᠰᠢᠯᠲᠠ ᠶᠢᠨ ᠴᠢᠭ ᠪᠣᠯᠤᠭᠰᠠᠨ ᠤ ᠬᠤᠪᠢ ᠳᠤ᠂ 1.6 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠶᠠᠪᠠᠭᠠᠨ ᠱᠠᠳᠤ ᠲᠠᠢ ᠠᠰᠠᠷ ᠲᠤ ᠴᠠᠬᠢᠯᠭᠠᠨ ᠱᠠᠳᠤ ᠤᠭᠰᠠᠷᠠᠬᠤ᠂ ᠤᠯᠠᠨ ᠨᠠᠶᠢᠳᠡ ᠶᠢᠨ ᠲᠠᠯᠠᠪᠤᠷ ᠤᠨ ᠲᠡᠷᠬᠡᠨ | ᠵᠤᠭᠰᠤᠭᠠᠯ᠂ ᠬᠡᠷ ᠪᠠᠶᠢᠰᠢᠩ ᠤᠨ ᠦᠮᠴᠢᠯᠠᠯ ᠤᠨ ᠡᠷᠬᠡ ᠶᠢᠨ ᠲᠦᠪᠯᠡᠷᠡᠬᠦᠯᠦᠨ ᠵᠠᠰᠠᠬᠤ᠂ ᠪᠦᠬᠦᠯᠢ 35 ᠨᠠᠰᠤᠨ ᠠᠴᠠ ᠳᠡᠭᠡᠭᠰᠢᠬᠢ ᠡᠮᠡᠭᠲᠡᠶᠢᠴᠦᠳ ᠲᠤ ᠰᠦᠢᠳᠬᠡᠯ | ᠦᠬᠡᠢ ᠪᠡᠶ᠎ᠡ ᠶᠢᠨ ᠪᠠᠶᠢᠴᠠᠭᠠᠯᠳᠠ ᠬᠢᠬᠦ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠬᠡ ᠠᠷᠠᠳ ᠤᠨ ᠠᠮᠢᠳᠤᠷᠠᠯ ᠤᠨ | ᠪᠤᠳᠠᠳᠤ ᠤᠴᠢᠷ ᠵᠡᠷᠬᠡ 8 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠠᠷᠠᠳ ᠣᠯᠠᠨ ᠤ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠪᠡ᠃ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠦᠷᠭᠦᠯᠵᠢᠯᠡᠨ | ᠳᠡᠭᠡᠭᠰᠢᠯᠡᠪᠡ᠃ ᠰᠢᠨ᠎ᠡ ᠪᠠᠷ ᠪᠠᠶᠢᠭᠤᠯᠵᠤ᠂ ᠦᠷᠬᠡᠳᠬᠡᠨ ᠪᠠᠶᠢᠭᠤᠯᠤᠭᠰᠠᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ 20 ᠪᠠᠶᠢᠵᠤ᠂ | ᠤᠷᠳᠤᠰ ᠬᠤᠳᠠ ᠶᠢᠨ ᠨᠢᠬᠡᠳᠦᠬᠡᠷ ᠲᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠶᠢᠨ ᠰᠤᠷᠭᠠᠭᠤᠯᠢ ᠫᠠᠶᠢᠰᠠ ᠡᠯᠬᠦᠨ ᠪᠠᠶᠢᠭᠤᠯᠤᠭᠳᠠᠪᠠ᠃ 284 ᠨᠡᠷ᠎ᠡ ᠪᠠᠭᠰᠢ | ᠡᠯᠰᠡᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠪᠦᠬᠦ ᠬᠤᠳᠠ ᠳᠤ | ᠲᠦᠬᠡᠮᠡᠯᠵᠢᠬᠦᠯᠪᠡ᠃ ᠲᠡᠬᠡᠳᠦ ᠰᠤᠷᠭᠠᠭᠤᠯᠢ ᠶᠢᠨ ᠵᠢᠩᠭᠢᠨᠢ ᠠᠩᠭᠢ ᠳᠤ ᠰᠢᠯᠭᠠᠭᠤᠯᠬᠤ ᠨᠤᠷᠮ᠎ᠠ ᠲᠠᠪᠤᠨ ᠵᠢᠯ ᠲᠠᠷᠠᠭᠠᠯᠠᠨ 75% ᠠᠴᠠ ᠲᠡᠬᠡᠭᠰᠢ ᠪᠠᠶᠢᠯᠭᠠᠬᠤ ᠶᠢ | ᠪᠠᠳᠤᠯᠠᠪᠠ᠃ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠢᠯᠡᠷᠡᠬᠡᠳᠦᠢ ᠡᠪᠡᠳᠴᠢᠨ ᠢ ᠤᠷᠢᠳᠴᠢᠯᠠᠨ ᠵᠠᠰᠠᠬᠤ ᠲᠥᠪ ᠤᠨ ᠡᠮᠦᠨᠡᠬᠢ ᠬᠤᠭᠤᠴᠠᠭᠠᠨ ᠤ | ᠠᠵᠢᠯ ᠢ ᠪᠡᠶᠡᠯᠡᠬᠦᠯᠪᠡ᠃ ᠡᠮᠴᠢᠯᠡᠭᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠦᠯᠵᠢᠶᠡᠨ ᠲᠠᠪᠴᠠᠩ ᠳᠤ ᠣᠷᠣᠭᠤᠯᠤᠨ | ᠠᠵᠢᠯᠯᠠᠭᠤᠯᠪᠠ᠃ 2503 ᠬᠥᠮᠦᠨ ᠳᠤ ᠰᠢᠨ᠎ᠡ ᠪᠠᠷ ᠠᠵᠢᠯ ᠤᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 2. | 8% ᠶᠢᠨ ᠳᠣᠲᠣᠷ᠎ᠠ ᠬᠢᠵᠠᠭᠠᠷᠯᠠᠵᠤ᠂ ᠪᠦᠬᠦ ᠬᠤᠲᠠ ᠠᠴᠠ 1.7 ᠵᠠᠭᠤᠨ ᠤ ᠨᠢᠬᠡᠴᠢ ᠲᠤᠤᠷ᠎ᠠ ᠪᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠰᠠᠷ᠎ᠠ ᠪᠦᠷᠢ 68 ᠲᠥᠭᠦᠷᠢᠭ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠤᠨ ᠠᠮᠠᠷᠠᠯᠳᠠ ᠪᠠᠨ ᠠᠪᠤᠭᠰᠠᠨ ᠠᠵᠢᠯᠳᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ 131 | ᠲᠥᠭᠦᠷᠢᠭ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠰᠦᠢᠳᠬᠡᠯ ᠤᠨ | ᠨᠣᠷᠮ᠎ᠠ ᠶᠢ 3 ᠵᠠᠭᠤᠨ ᠤ ᠨᠢᠭᠡᠴᠢ ᠪᠠᠭᠤᠷᠠᠭᠤᠯᠪᠠ᠃ ᠲᠤᠤᠷ᠎ᠠ ᠪᠠᠲᠤᠯᠠᠭ᠎ᠠ᠂ ᠵᠡᠮᠳᠡᠭ ᠵᠡᠷᠭᠡ ᠡᠯ᠎ᠡ ᠲᠥᠷᠥᠯ ᠤᠨ ᠬᠥᠮᠦᠰ ᠲᠤ 8300 ᠲᠦᠮᠡᠨ ᠲᠥᠭᠦᠷᠢᠭ ᠤᠨ | ᠠᠪᠤᠷᠠᠨ ᠲᠤᠰᠠᠯᠠᠬᠤ ᠨᠥᠬᠦᠪᠥᠷᠢ ᠲᠠᠷᠬᠠᠭᠠᠪᠠ᠃ 1000 ᠲᠦᠮᠡᠨ ᠲᠥᠭᠦᠷᠢᠭ ᠤᠨ ︽ᠲᠡᠭᠷᠢᠯᠢᠭ ᠰᠡᠳᠬᠢᠯ ᠢ ᠲᠤᠯᠠᠭᠠᠯᠠᠬᠤ︾ ᠣᠨᠴᠠᠭᠠᠶ ᠠᠪᠤᠷᠠᠨ ᠲᠤᠰᠠᠯᠠᠬᠤ | ᠰᠠᠭᠤᠷᠢ ᠮᠦᠩᠭᠦ ᠶᠢ ᠪᠠᠶᠢᠭᠤᠯᠵᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠰᠠᠭᠤᠷᠢ | ᠪᠠᠳᠤᠯᠠᠭ᠎ᠠ ᠶᠢᠨ ᠲᠡᠮᠵᠢᠯᠬᠡ ᠶᠢ ᠤᠯᠭᠤᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠬᠤᠰᠢᠭᠤᠨ ᠤ ᠨᠣᠮ ᠤᠨ ᠰᠠᠩ ᠤᠨ | ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠲᠠᠯ᠎ᠠ ᠪᠠᠷ ᠲᠠᠭᠤᠰᠬᠠᠪᠠ᠃ ᠲᠤᠮᠳᠠᠳᠤ ᠤᠯᠤᠰ ᠤᠨ ᠤᠷᠤᠯᠳᠤᠭᠠᠨ ᠤ ᠵᠠᠪᠢ ᠶᠢᠨ ᠺᠯᠦ᠋ᠪ ᠤᠨ ᠬᠤᠯᠪᠣᠭᠠᠨ ᠤ | ᠤᠷᠤᠯᠳᠤᠭᠠᠨ᠂ 2019 ᠣᠨ ᠤ ᠡᠵᠡᠨ ᠬᠤᠷᠤᠭ᠎ᠠ ᠬᠤᠰᠢᠭᠤᠨ ᠤ ᠨᠠᠭᠠᠳᠤᠮ ᠵᠡᠷᠭᠡ ᠰᠤᠶᠤᠯ ᠲᠠᠮᠢᠷ ᠤᠨ ᠠᠵᠢᠯᠯᠠᠭ᠎ᠠ ᠶᠢ 200 ᠭᠠᠷᠤᠶ ᠲᠠᠯᠠᠪᠤᠷ ᠴᠢᠨᠠᠷ | ᠰᠠᠶᠢᠲᠠᠶ ᠡᠷᠭᠢᠯᠡᠪᠡ᠃ ᠬᠤᠰᠢᠭᠤ ᠤᠯᠠᠭᠠᠨᠮᠥ᠋ᠴᠢᠷ ᠪᠥᠬᠦ ᠣᠷᠣᠨ ᠤ ︽ᠨᠢᠭᠡᠳᠦᠭᠡᠷ ᠲᠥᠷᠥᠯ︾ ︽ᠰᠢᠯᠢᠳᠡᠭ︾ ᠤᠯᠠᠭᠠᠨᠮᠥ᠋ᠴᠢᠷ ᠢᠶᠠᠷ ᠦᠨᠡᠯᠡᠭᠳᠡᠵᠦ᠂ ᠪᠥᠬᠦ | ᠬᠤᠲᠠ ᠶᠢ ᠲᠥᠯᠥᠭᠡᠯᠡᠨ ᠨᠠᠢᠮᠠᠳᠤᠭᠠᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠴᠤᠭᠯᠠᠭᠠᠨ ᠳᠤ ᠤᠷᠤᠯᠴᠠᠨ ᠠᠯᠲᠠᠨ ᠱᠠᠩᠨᠠᠯ | ᠭᠥᠷᠳᠡᠵᠦ᠂ ᠪᠥᠵᠢᠭ ︽ᠠᠪᠤ ᠶᠢᠨ ᠭᠤᠲᠤᠯ︾ ᠪᠠ ︽ᠭᠠᠯᠲᠤ ᠲᠡᠷᠬᠡ ᠪᠠᠷ ᠪᠡᠭᠡᠵᠢᠩ ᠳᠤ ᠤᠷᠤᠬᠤ︾ ᠺᠢᠨᠣ᠋ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ | ᠢᠨᠵᠧᠨᠧᠷᠢᠩ ᠤᠨ ᠱᠠᠩᠨᠠᠯ︾ ᠢ ᠭᠥᠷᠳᠡᠪᠡ᠃ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨ ᠪᠠᠶᠢᠪᠠ᠃ ᠠᠶᠤᠯᠬᠦᠢ ᠦᠢᠯᠡᠳᠪᠦᠷᠢᠯᠡᠯ ᠤᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠶᠤᠯᠬᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ᠂ ᠦᠬᠦᠭᠰᠡᠨ | ᠬᠥᠮᠦᠨ ᠤ ᠲᠤᠭ᠎ᠠ ᠶᠢ ᠴᠥᠮ 28% ᠪᠠᠭᠤᠷᠠᠪᠠ᠃ ᠵᠠᠮ ᠬᠠᠷᠢᠯᠴᠠᠭᠠᠨ ᠤ ᠭᠡᠨᠡᠳᠡᠯ ᠢ ᠤᠷᠢᠳᠴᠢᠯᠠᠨ ᠰᠡᠷᠭᠡᠶᠢᠯᠡᠵᠦ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ | ᠠᠳᠡᠯ ᠤᠨ ᠬᠥᠮᠦᠨ ᠤ ᠲᠤᠭ᠎ᠠ 21% ᠪᠠᠭᠤᠷᠠᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ | ᠠᠹᠷᠢᠺᠠ ᠶᠢᠨ ᠭᠠᠭ᠋ᠠᠶ ᠶᠢᠨ ᠬᠢᠵᠢᠭ ᠪᠠ ᠬᠤᠯᠤᠭᠠᠨ᠎ᠠ ᠶᠢᠨ ᠬᠢᠵᠢᠭ ᠤᠨ ᠪᠠᠶᠢᠳᠠᠯ ᠡᠭᠦᠰᠦᠭᠰᠡᠨ ᠥᠬᠡᠶ᠃ ᠨᠠᠮ ᠵᠠᠰᠠᠭ ᠤᠨ ᠪᠠᠶᠢᠭᠤᠯᠭ᠎ᠠ ᠳᠤ ᠬᠤᠯᠪᠣᠭᠳᠠᠭᠰᠠᠨ | ᠬᠠᠤᠯᠢ ᠴᠠᠭᠠᠵᠠ ᠶᠢᠨ ᠬᠡᠷᠡᠭ ᠢ ᠲᠣᠬᠢᠲᠠᠶ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠬᠦᠯᠢᠶᠡᠨ ᠰᠢᠢᠳᠪᠦᠷᠢᠯᠡᠬᠦ ᠨᠤᠷᠮ᠎ᠠ᠂ | ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ ᠨᠤᠷᠮ᠎ᠠ 100% ᠳᠤ ᠬᠦᠷᠪᠡ᠃ ᠬᠥᠯᠥᠰᠥᠨ ᠠᠵᠢᠯᠴᠢᠨ ᠤ 2651 ᠲᠦᠮᠡᠨ ᠲᠥᠭᠦᠷᠢᠭ ᠤᠨ ᠴᠠᠯᠢᠩ | ᠬᠥᠯᠥᠰᠥ ᠶᠢ ᠲᠦᠯᠦᠵᠦ ᠲᠠᠭᠤᠰᠬᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠠᠵᠢᠯ ᠲᠦᠷᠦᠯ ᠤᠨ | ᠡᠮᠬᠢ ᠵᠠᠮᠪᠠᠷᠠᠭ᠎ᠠ ᠥᠬᠡᠶ ᠪᠠᠶᠢᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠳᠦᠮᠵᠢ ᠣᠯᠵᠤ᠂ 3 ᠬᠠᠷᠭᠢᠰ ᠬᠦᠴᠦᠨ ᠳᠤ ᠬᠤᠯᠪᠣᠭᠳᠠᠭᠰᠠᠨ | ᠶᠠᠯᠠᠲᠤ ᠪᠦᠯᠦᠭ ᠢ ᠴᠣᠬᠢᠵᠤ᠂ ᠡᠷᠡᠭᠦᠤ ᠶᠢᠨ ᠬᠡᠷᠡᠭ᠂ ᠠᠮᠤᠷ ᠲᠦᠪᠰᠢᠨ ᠤ ᠬᠡᠷᠡᠭ ᠤᠨ ᠲᠤᠭ᠎ᠠ ᠬᠡᠮᠵᠢᠶ᠎ᠡ ᠲᠣᠰ ᠲᠣᠰ 2% ᠪᠠ 10% ᠪᠠᠭᠤᠷᠠᠪᠠ᠃ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠡᠮᠡᠭᠲᠡᠶᠢᠴᠦᠳ ᠬᠡᠤᠬᠡᠳ᠂ ᠠᠮᠤ | ᠪᠤᠳᠠᠭ᠎ᠠ ᠬᠠᠩᠭᠠᠨ ᠪᠣᠷᠣᠯᠠᠭᠤᠯᠬᠤ᠂ ᠤᠯᠠᠭᠠᠨ ᠵᠠᠭᠠᠯᠮᠠᠶᠢᠲᠠᠨ ᠵᠡᠷᠭᠡ ᠦᠢᠯᠡᠰ ᠴᠥᠮ ᠰᠢᠨ᠎ᠡ ᠦᠷ᠎ᠡ ᠪᠦᠲᠦᠮᠵᠢ ᠤᠯᠪᠠ᠃ | ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 42 ᠬᠤᠪᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ 60 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠲᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢ 1.8 ᠳ᠋ᠦᠩᠰᠢᠭᠤᠷ ᠲᠥᠭᠦᠷᠢᠭ ᠠᠷᠪᠢᠯᠠᠪᠠ᠃ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ︽ᠠᠯᠪᠠᠨ ᠤ | ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠪᠡ᠃ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠡᠷᠬᠡ | ᠲᠤᠰᠢᠶᠠᠯ ᠶᠢ ᠲᠤᠬᠢᠷᠠᠭᠤᠯᠬᠤ ᠡᠭᠦᠷᠭᠡ ᠶᠢ ᠤᠷᠤᠭᠰᠢᠲᠠᠢ ᠪᠡᠶᠡᠯᠡᠬᠦᠯᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠢᠯ︾ ᠤᠨ ᠱᠠᠭᠠᠷᠳᠠᠯᠭ᠎ᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ ᠬᠡᠮᠵᠢᠶ᠎ᠡ ᠲᠤᠰ ᠲᠤᠰ 43% ᠪᠠ | 32% ᠪᠠᠷ ᠪᠠᠭᠤᠷᠠᠭᠤᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠨᠠᠷᠢᠨ ᠪᠤᠳᠤᠯᠢᠶᠠᠨᠳᠤ ᠬᠦᠨᠳᠦ ᠨᠣᠴᠢᠲᠠᠢ ᠠᠵᠤ ᠠᠬᠤᠢ ᠶᠢᠨ ᠪᠠᠶᠢᠳᠠᠯ ᠪᠣᠯᠤᠨ | ᠥᠷᠢ ᠦᠭᠴᠡᠭᠡ ᠶᠢ ᠰᠢᠢᠳᠪᠦᠷᠢᠯᠡᠬᠦ ᠨᠡᠯᠢᠶᠡᠳ ᠶᠡᠭᠡ ᠳᠠᠷᠤᠯᠲᠠ ᠶᠢᠨ ᠡᠮᠦᠨ᠎ᠡ᠂ ᠪᠢᠳᠡ ᠬᠦᠴᠦ ᠬᠥᠯᠥᠰᠥ ᠪᠠᠨ ᠤᠷᠤᠰᠬᠠᠨ ᠠᠮᠵᠢᠯᠳᠠ ᠪᠦᠳᠦᠮᠵᠢ ᠣᠯᠵᠤ᠂ | ᠪᠣᠳᠠᠲᠠᠢ ᠠᠵᠢᠯᠯᠠᠨ ᠯᠠᠪᠳᠠᠭᠤᠨ ᠤᠷᠤᠭᠰᠢᠯᠠᠵᠤ᠂ ᠬᠢᠯᠪᠠᠷ ᠪᠤᠰᠤ ᠠᠮᠵᠢᠯᠳᠠ ᠤᠯᠪᠠ᠃ ᠡᠨᠡ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠲᠡᠮᠵᠢᠯᠬᠡ ᠶᠢᠨ ᠦᠷ᠎ᠡ ᠳ᠋ᠦᠩ᠂ ᠨᠠᠩ ᠴᠤ ᠪᠥᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ | ᠪᠦᠯᠬᠦᠮᠳᠡᠨ ᠲᠡᠮᠡᠴᠡᠵᠦ᠂ ᠦᠨᠡᠨ ᠢ ᠠᠳᠬᠤᠨ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠪᠣᠯᠤᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠦᠯᠦᠬᠡᠯᠡᠨ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠤᠯᠠᠨ ᠲᠦᠮᠡᠨ᠂ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠨᠡᠶᠢᠭᠡᠮ ᠤᠨ ᠡᠯ᠎ᠡ ᠡᠳᠡᠬᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠪᠠᠶᠢᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠶ᠋ᠢ | ᠬᠦᠴᠢᠷ ᠪᠡᠷᠬᠡ ᠶᠢ ᠳᠠᠪᠠᠵᠤ ᠴᠢᠳᠠᠨ᠎ᠠ᠃ ᠪᠢᠳᠡ ᠠᠮᠵᠢᠯᠲᠠ ᠪᠠᠨ ᠤᠯᠵᠤ ᠬᠠᠷᠠᠬᠤ ᠶᠢᠨ ᠬᠠᠮᠲᠤ ᠪᠠᠰᠠ ᠣᠷᠣᠰᠢᠵᠤ ᠪᠠᠶᠢᠭ᠎ᠠ ᠠᠰᠠᠭᠤᠳᠠᠯ ᠢᠶᠠᠨ ᠲᠠᠨᠢᠪᠠ᠂ | ᠭᠤᠤᠯᠳᠠᠭᠤ᠄ ᠠᠵᠤ ᠠᠬᠤᠶ ᠶᠢᠨ ᠬᠦᠭᠵᠢᠯᠳᠡ ᠤᠳᠠᠭᠠᠰᠢᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠭᠠᠷᠤᠯᠭ᠎ᠠ ᠶᠢ | ᠲᠡᠩᠴᠡᠭᠦᠷᠢᠲᠡᠶ ᠪᠠᠶᠢᠯᠭᠠᠬᠤ ᠬᠦᠴᠢᠷᠳᠡᠯ ᠨᠡᠮᠡᠭᠳᠡᠪᠡ︔ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠳᠠᠷᠤᠯᠲᠠ ᠨᠡᠯᠢᠶᠡᠳ ᠶᠡᠭᠡ ᠪᠠᠶᠢᠵᠤ᠂ | ᠡᠳ᠋ ᠤᠨ ᠵᠠᠰᠠᠭ ᠤᠨ ᠭᠠᠷᠤᠯᠭ᠎ᠠ ᠶᠢᠨ ᠪᠦᠲᠦᠴᠡ ᠶᠢ ᠪᠠᠰᠠ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠵᠤ ᠦᠢᠯᠡᠰ ᠤᠨ ᠬᠥᠭᠵᠢᠯᠲᠡ ᠶᠢᠨ ︽ᠳᠥᠷᠪᠡᠨ ᠣᠯᠠᠨ | ᠳᠥᠷᠪᠡᠨ ᠴᠥᠭᠡᠨ︾ ᠪᠠᠶᠢᠳᠠᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠰᠠᠨ ᠦᠬᠡᠢ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ | ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠤᠨ ᠨᠦᠬᠡᠴᠡᠯᠡᠯ ᠬᠦᠷᠦᠯᠴᠡᠬᠦ ᠦᠭᠡᠢ᠂ ᠪᠡᠯᠡ | ᠣᠷᠣᠭᠤᠯᠤᠯᠲᠠ ᠶᠢᠨ ᠨᠡᠮᠡᠭᠳᠡᠯ ᠲᠤᠳᠠᠮᠠᠭ︔ ᠦᠢᠯᠡᠴᠢᠯᠡᠭᠡᠨ ᠤ ᠠᠵᠤ ᠠᠬᠤᠶᠢᠯᠠᠯ ᠬᠦᠷᠦᠯᠴᠡᠬᠦ ᠥᠬᠡᠶ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠲᠤᠭᠤᠷᠢᠨ ᠢ | ᠪᠠᠰᠠ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠴᠠᠷ᠎ᠠ ᠳᠠᠬᠢ ᠲᠤᠳᠠᠭᠳᠠᠯ ᠲᠤᠪᠤᠶᠢᠮ᠎ᠠ ᠪᠠᠶᠢᠵᠤ᠂ ᠰᠢᠯᠢᠳᠡᠭ ᠰᠤᠷᠭᠠᠨ | ᠬᠥᠮᠦᠵᠢᠯ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠦᠭᠡᠢ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠰᠢᠭᠤᠳ | ᠵᠥᠷᠢᠴᠡᠯ ᠳᠤ ᠴᠢᠭᠯᠡᠬᠦᠯᠦᠨ᠂ ᠬᠦᠴᠢᠷ ᠤᠨ ᠡᠮᠦᠨ᠎ᠡ ᠠᠴᠠ ᠭᠠᠪᠰᠢᠭᠠᠶᠢᠯᠠᠨ᠂ ᠳᠠᠷᠤᠯᠲᠠ ᠪᠠᠷ ᠬᠦᠳᠡᠯᠬᠡᠭᠴᠢ ᠬᠦᠴᠦᠨ ᠢᠶᠠᠨ ᠪᠣᠯᠭᠠᠵᠤ᠂ ᠬᠦᠴᠢᠷ ᠪᠡᠷᠬᠡᠰᠢᠶᠡᠯ ᠢᠶᠠᠷ | ᠠᠵᠠ ᠲᠣᠬᠢᠶᠠᠯ ᠢᠶᠠᠨ ᠪᠣᠯᠭᠠᠨ᠂ ᠨᠡᠩ ᠡᠷᠡᠰ ᠴᠢᠩᠭ᠎ᠠ ᠠᠷᠭ᠎ᠠ ᠬᠡᠮᠵᠢᠶ᠎ᠡ ᠪᠠ ᠪᠣᠳᠠᠲᠠᠢ ᠶᠢ ᠡᠷᠬᠢᠮᠯᠡᠬᠦ ᠥᠨᠳᠥᠷ ᠦᠷ᠎ᠡ ᠪᠦᠲᠦᠮᠵᠢᠲᠤ ᠬᠡᠪ ᠰᠤᠷᠲᠠᠯ ᠢᠶᠠᠷ ᠨᠢᠬᠡ | ᠨᠢᠭᠡ ᠪᠠᠷ ᠰᠢᠢᠳᠪᠦᠷᠢᠯᠡᠵᠦ᠂ ᠠᠷᠠᠳ ᠤᠯᠠᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2020 ᠤᠨ ᠤ ᠠᠵᠢᠯ ᠤᠨ ᠪᠠᠶᠢᠷᠢᠯᠠᠭᠤᠯᠤᠯᠳᠠ | 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠡᠬᠦᠰᠬᠡᠯ ᠤᠨ ᠵᠢᠯ ᠪᠣᠯᠤᠨ᠎ᠠ᠃ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠢᠯ ᠤᠨ ᠡᠬᠢᠨ ᠳᠤ᠂ | ᠬᠡᠨᠡᠳᠳᠡ ᠲᠡᠯᠬᠡᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ | ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠢᠷ ᠪᠡᠷᠬᠡᠰᠢᠶᠡᠯ ᠢ ᠬᠠᠮᠳᠤᠪᠡᠷ ᠳᠤᠭᠤᠯᠵᠤ᠂ ᠬᠤᠰᠢᠭᠤᠨ ᠤ ᠡᠳ᠋ ᠤᠨ ᠵᠠᠰᠠᠭ ᠠᠴᠠ 1200 ᠲᠦᠮᠡᠨ | ᠲᠥᠭᠦᠷᠢᠭ ᠤᠨ ᠪᠠᠯᠠ ᠮᠥᠩᠭᠦ ᠣᠷᠣᠭᠤᠯᠵᠤ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ 2100 ᠲᠦᠮᠡᠨ ᠲᠥᠭᠦᠷᠢᠭ ᠵᠣᠭᠤᠰ ᠮᠥᠩᠭᠦ ᠡᠳ᠋ ᠪᠣᠳᠠᠰ ᠢ ᠭᠥᠯᠢᠶᠡᠨ | ᠠᠪᠴᠤ᠂ 6600 ᠭᠠᠷᠤᠢ ᠨᠠᠮ ᠤᠨ ᠭᠡᠰᠢᠭᠦᠨ ᠺᠠᠳ᠋ᠷ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮᠨᠡᠯᠭᠡ ᠶᠢᠨ ᠠᠵᠢᠯᠳᠠᠨ᠂ ᠭᠠᠴᠠᠭ᠎ᠠ ᠲᠤᠰᠬᠤᠨ | ᠨᠡᠶᠢᠭᠡᠮ ᠲᠣᠭᠤᠷᠢᠭ ᠤᠨ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ ᠲᠤ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠤᠵᠤ᠂ | ᠪᠦᠬᠦ ᠬᠤᠰᠢᠭᠤᠨ ᠤ ᠲᠡᠭᠡᠳᠦ ᠳᠣᠣᠷᠠᠳᠤ ᠱᠠᠲᠤ ᠬᠤᠯᠪᠣᠭᠠᠯᠠᠨ ᠰᠡᠷᠭᠡᠶᠢᠯᠡᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠵᠤ᠂ ᠲᠦᠮᠡᠨ ᠤᠯᠠᠨ ᠨᠢᠭᠳᠠᠷᠠᠵᠤ᠂ | ᠪᠦᠯᠬᠦᠮᠳᠡᠨ ᠲᠡᠮᠡᠴᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ 25 ᠲᠦᠮᠡᠨ | ᠡᠯ᠎ᠡ ᠦᠨᠳᠦᠰᠦᠲᠡᠨ ᠤ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠬᠢᠨ ᠬᠠᠮᠠᠭᠠᠯᠠᠪᠠ᠃ ᠠᠲᠠ ᠪᠢ | ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠪᠣᠯᠤᠨ ᠨᠡᠶᠢᠬᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ | ᠬᠠᠮᠲᠤ ᠡᠷᠬᠢᠮ ᠲᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠣᠳᠣᠬᠠᠨ ᠳᠤ᠂ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠭᠠᠳᠠᠭᠠᠳᠤ ᠠᠴᠠ ᠤᠷᠤᠭᠤᠯᠬᠤ ᠶᠢ ᠰᠡᠷᠬᠡᠶᠢᠯᠡᠬᠦ ᠲᠠᠷᠤᠯᠳᠠ ᠶᠡᠭᠡ᠃ | ᠬᠢᠵᠢᠭ ᠤᠨ ᠪᠠᠶᠢᠳᠠᠯ ᠤᠨ ᠠᠵᠤ ᠠᠬᠤᠶ ᠳᠤ ᠦᠵᠡᠭᠦᠯᠬᠦ ᠠᠰᠢᠭ ᠦᠭᠡᠢ ᠨᠦᠯᠦᠬᠡ ᠶᠢᠨ ᠡᠮᠦᠨ᠎ᠡ᠂ ᠪᠢᠳᠡ ᠨᠡᠯᠢᠶᠡᠳ ᠤᠷᠲᠤ ᠬᠤᠭᠤᠴᠠᠭ᠎ᠠ ᠪᠠᠷ ᠬᠢᠵᠢᠭ ᠤᠨ | ᠪᠠᠶᠢᠳᠠᠯ ᠢ ᠠᠷᠭᠠᠴᠠᠬᠤ ᠦᠵᠡᠯ ᠰᠠᠨᠠᠭᠠᠨ ᠤ ᠪᠡᠯᠡᠳᠬᠡᠯ ᠪᠠ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠴᠠᠭ ᠪᠠ ᠪᠠᠶᠢᠳᠠᠯ ᠢ ᠲᠠᠭᠠᠨ᠂ ᠵᠤᠷᠢᠭ ᠢᠶᠠᠨ ᠬᠦᠪᠴᠢᠯᠠᠨ᠂ | ᠭᠠᠪᠰᠢᠭᠠᠶᠢᠯᠠᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠠᠵᠢᠯ ᠢ | ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠠᠨ ᠪᠣᠯᠭᠠᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠲᠦᠷᠪᠡᠳᠦᠬᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠤᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠳᠠ ᠡᠭᠦᠷᠭᠡ ᠲᠠᠢ ᠨᠢᠭᠲᠠ ᠤᠶᠠᠯᠳᠤᠭᠤᠯᠤᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠬᠡᠷᠡᠴᠢᠯᠡᠯᠳᠡ ᠨᠡᠭᠡᠭᠡᠯᠲᠡ ᠪᠠᠷ | ᠬᠦᠳᠡᠯᠬᠡᠭᠴᠢ ᠬᠦᠴᠦᠨ ᠢᠶᠠᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ | ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠤᠭᠳᠠᠭᠤᠨ | ᠪᠠᠶᠢᠯᠭᠠᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠬᠦᠷᠢ ᠶᠢ | ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠠᠵᠤ ᠠᠬᠤᠶ ᠶᠢᠨ ᠡᠷᠬᠢᠯᠳᠡ ᠶᠢ ᠵᠣᠬᠢᠰᠲᠠᠶ ᠣᠷᠣᠨ ᠵᠠᠶ ᠳᠤ | ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ | ᠠᠮᠵᠢᠯᠲᠠ ᠲᠠᠢ ᠪᠡᠶᠡᠯᠡᠬᠦᠯᠬᠦ ᠶᠢ ᠦᠨᠡᠨᠬᠦ ᠪᠠᠲᠤᠯᠠᠵᠤ᠂ ᠠᠷᠠᠳ ᠲᠦᠮᠡᠨ ᠳᠤ ᠲᠠᠭᠠᠰᠢᠶᠠᠭᠳᠠᠵᠤ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 4% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ | 4% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ | 6% ᠪᠠ 7.5% ᠣᠷᠴᠢᠮ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠠ | ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠢᠯᠡᠷᠡᠭᠦᠯᠦᠭᠰᠡᠨ ᠮᠥᠷᠲᠡᠭᠡᠨ ᠴᠢᠨᠡᠬᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠵᠢᠭᠠᠯᠳᠠ | ᠲᠤᠭᠠᠨ ᠤ ᠲᠤᠭᠳᠠᠯᠴᠠᠭ᠎ᠠ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠲᠠᠢ ᠣᠷᠭᠠᠨᠢᠭ ᠢᠶᠠᠷ ᠠᠪᠴᠠᠯᠳᠤᠭᠤᠯᠪᠠ︔ | ᠬᠥᠭᠵᠢᠯᠲᠡ ᠶᠢᠨ ᠭᠠᠳᠠᠭᠠᠳᠤ ᠣᠷᠴᠢᠨ ᠲᠣᠭᠤᠷᠢᠨ ᠪᠠ ᠰᠠᠭᠤᠷᠢ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠭᠰᠠᠨ ᠮᠦᠷᠳᠡᠬᠡᠨ ᠪᠠᠰᠠ ᠨᠢᠭᠤᠭᠳᠠᠮᠠᠯ ᠬᠦᠴᠦᠨ ᠪᠠ | ᠵᠢᠱᠢᠭᠰᠡᠨ ᠬᠤᠪᠢᠷᠠᠯᠳᠠ ᠶᠢᠨ ᠬᠡᠮᠵᠢᠶ᠎ᠡ ᠶᠢ ᠨᠢᠭᠡᠳᠦᠯᠲᠡᠢ ᠲᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠵᠤ᠂ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠨᠡᠶᠢᠴᠡᠬᠦᠯᠪᠡ᠃ ᠪᠢᠳᠡ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠬᠢᠨ᠎ᠡ᠃ | ︵ᠨᠢᠭᠡ︶ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ | ᠰᠢᠢᠳᠪᠦᠷᠢᠲᠦ ᠢᠯᠠᠯᠲᠠ ᠶᠢ ᠣᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠳᠠ ᠪᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠭᠤᠤᠯᠳᠠᠯᠭ᠎ᠠ ᠶᠢ ᠠᠳᠬᠤᠬᠤ᠂ ᠲᠤᠳᠠᠭᠳᠠᠯ ᠢᠶᠠᠨ ᠨᠥᠬᠦᠪᠥᠷᠢᠯᠡᠬᠦ᠂ | ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ᠂ ᠴᠢᠨᠡᠬᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠴᠢᠬᠤᠯᠠ ᠪᠣᠭᠤᠮᠲᠠ ᠶᠢ ᠯᠠᠪᠳᠠᠭᠤᠨ ᠢᠶᠠᠷ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ︽ᠶᠡᠷᠦᠩᠬᠡᠢ ᠲᠠᠩᠰᠠ ᠪᠠᠨ | ᠲᠤᠰᠢᠶᠠᠬᠤ︾ ᠪᠠ ︽ᠠᠮᠠᠯᠠᠯᠳᠠ ᠶᠢᠨ ᠪᠢᠴᠢᠭ︾ ᠤᠨ ᠤᠬᠠᠮᠰᠠᠷ ᠢ ᠱᠤᠭᠤᠵᠤ᠂ ︽ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ᠪᠠᠷᠢᠮᠵᠢᠶ᠎ᠠ ᠲᠠᠢ | ᠴᠢᠩᠭ᠎ᠠ ᠬᠠᠷᠢᠴᠠᠭᠤᠯᠤᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠰᠠᠭᠤᠳᠠᠯ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠪᠡᠶᠡᠯᠡᠬᠦᠯᠵᠦ᠂ | ᠤᠯᠤᠰ ᠤᠨ ᠨᠡᠶᠢᠳᠡᠮ ᠪᠠᠶᠢᠴᠠᠭᠠᠯᠳᠠ ᠶᠢᠨ ᠰᠢᠯᠭᠠᠨ ᠬᠤᠷᠢᠶᠠᠯᠳᠠ ᠶᠢ ᠴᠢᠨᠠᠷ ᠰᠠᠶᠢᠳᠠᠢ ᠪᠠᠷ ᠦᠩᠬᠡᠷᠡᠬᠦᠯᠬᠦ ᠶᠢ ᠪᠠᠳᠤᠯᠠᠨ᠎ᠡ᠃ ︽ᠲᠦᠷᠪᠡ ᠶᠢ ᠲᠠᠶᠠᠭᠳᠠᠬᠤ ᠦᠬᠡᠢ︾ | ᠶᠢᠨ ᠱᠠᠭᠠᠷᠳᠠᠯᠭ᠎ᠠ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠠᠬᠢᠭᠤᠯᠬᠤ ᠬᠢᠬᠡᠳ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠲᠠᠢ ᠠᠪᠴᠠᠯᠳᠤᠭᠤᠯᠤᠨ᠂ ︽ᠬᠤᠪᠢᠰᠬᠠᠯ ᠤᠨ ᠵᠠᠮᠴᠢ︾᠂ ︽ᠵᠠᠭᠤᠨ ᠠᠵᠤ ᠠᠬᠤᠶᠢᠯᠠᠯ ᠢᠶᠠᠷ ᠵᠠᠭᠤᠨ ᠲᠣᠰᠬᠤᠨ ᠢ ᠬᠠᠪᠰᠤᠷᠬᠤ︾ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ︽ᠠᠵᠤ ᠠᠬᠤᠶᠢᠯᠠᠯ + ᠨᠠᠮ ᠤᠨ ᠡᠭᠦᠷ + ᠲᠣᠰᠬᠤᠨ ᠤ ᠬᠠᠮᠲᠤ ᠶᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠬᠡ︾ ᠶᠢᠨ | ᠵᠠᠭᠪᠤᠷ ᠢ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠳᠤᠮᠳᠠᠴᠢ ᠪᠠᠷ 10 ᠲᠦᠮᠡᠨ ᠲᠥᠭᠦᠷᠢᠭ ᠠᠴᠠ ᠳᠡᠭᠡᠭᠰᠢ ᠳᠤ | ᠬᠦᠷᠦᠬᠦᠯᠦᠨ᠎ᠡ᠃ ᠠᠵᠤ ᠦᠢᠯᠡᠰ ᠤᠨ ᠬᠦᠭᠵᠢᠬᠦᠯᠦᠯᠳᠡ ᠶᠢᠨ ᠪᠠᠯᠠ ᠮᠥᠩᠭᠦ ᠶᠢ 2816 ᠲᠦᠮᠡᠨ ᠲᠥᠭᠦᠷᠢᠭ ᠲᠣᠬᠢᠷᠠᠭᠤᠯᠵᠤ᠂ ᠶᠦᠨ ᠳ᠋ᠦᠩ ᠠᠯᠠᠰᠢᠨ ᠤ ᠬᠤᠨᠢ | ᠲᠡᠵᠢᠭᠡᠨ ᠦᠷᠡᠵᠢᠭᠦᠯᠬᠦ᠂ ᠬᠤᠨᠢᠴᠢᠨᠭᠤᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠤᠷᠤᠯᠠᠭᠤᠯᠭ᠎ᠠ ᠶᠢᠨ ᠲᠠᠪᠴᠠᠩ ᠵᠡᠷᠭᠡ ᠠᠵᠤ | ᠦᠢᠯᠡᠰ ᠢᠶᠠᠷ ᠶᠠᠳᠠᠭᠤ ᠶᠢ ᠲᠡᠳᠬᠦᠬᠦ 13 ᠲᠥᠷᠥᠯ ᠵᠦᠢᠯ ᠢ ᠬᠡᠷᠡᠭᠵᠢᠭᠦᠯᠦᠨ᠎ᠡ᠃ ︽ᠳᠥᠷᠪᠡ ᠶᠢ ᠬᠤᠯᠪᠣᠵᠤ ᠨᠢᠭᠡ ᠶᠢ ᠨᠡᠮᠡᠭᠳᠡᠭᠦᠯᠬᠦ︾ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠲᠠᠭᠠᠭᠠᠴᠢᠯᠠᠨ ᠲᠡᠳᠬᠦᠬᠦ ᠨᠢᠬᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠳᠠᠷᠢᠵᠤ ᠲᠡᠵᠢᠭᠡᠨ | ᠦᠷᠡᠵᠢᠭᠦᠯᠬᠦ ᠲᠣᠮᠣ ᠡᠷᠦᠬᠡ᠂ ᠬᠠᠮᠲᠤ ᠶᠢᠨ ᠠᠵᠤ ᠠᠬᠤᠶ ᠪᠠᠷ ᠬᠤᠯᠪᠤᠭᠠᠯᠠᠨ ᠲᠠᠶᠢᠴᠢᠯᠠᠬᠤ ᠪᠠᠷ ᠳᠡᠮᠵᠢᠨ᠂ ᠲᠠᠩᠰᠠᠯᠠᠭᠳᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢᠨ ᠵᠢᠯ ᠤᠨ ᠳᠤᠮᠳᠠᠴᠢ ᠤᠷᠤᠯᠭ᠎ᠠ ᠶᠢ 3000 ᠲᠥᠭᠦᠷᠢᠭ ᠠᠴᠠ ᠳᠡᠭᠡᠭᠰᠢ ᠨᠡᠮᠡᠭᠳᠡᠬᠦᠯᠦᠨ᠂ ᠲᠤᠰᠬᠤᠨ ᠪᠤᠯᠭᠠᠨ ᠳᠤ ᠭᠤᠤᠯᠯᠠᠭᠴᠢ ᠠᠵᠤ ᠦᠢᠯᠡᠰ ᠲᠠᠢ᠂ | ᠡᠷᠦᠬᠡ ᠪᠦᠷᠢ ᠤᠷᠤᠯᠭ᠎ᠠ ᠪᠠᠨ ᠨᠡᠮᠡᠭᠳᠡᠬᠦᠯᠬᠦ ᠲᠦᠷᠦᠯ ᠵᠦᠢᠯ ᠪᠠᠶᠢᠬᠤ ᠶᠢ ᠪᠡᠶᠡᠯᠡᠬᠦᠯᠦᠨ᠎ᠡ᠃ ᠰᠠᠭᠤᠷᠢ ᠪᠠᠳᠤᠯᠠᠭ᠎ᠠ ᠪᠠᠨ ᠴᠢᠩᠭᠠᠳᠬᠠᠨ᠎ᠠ᠃ ︽ᠶᠠᠳᠠᠭᠤ ᠶᠢ | ᠰᠡᠷᠬᠡᠶᠢᠯᠡᠬᠦ ᠲᠠᠭᠠᠳᠬᠠᠯ︾ ᠶᠢ ᠪᠥᠬᠦ ᠲᠠᠯ᠎ᠠ ᠪᠠᠷ ᠲᠦᠬᠡᠮᠡᠯᠵᠢᠬᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠵᠠᠬ᠎ᠠ ᠬᠢᠵᠠᠭᠠᠷ ᠤᠨ ᠡᠷᠦᠬᠡ ᠶᠢ ᠳᠠᠭᠠᠳᠬᠠᠯ ᠳᠤ | ᠣᠷᠣᠯᠴᠠᠬᠤ ᠬᠡᠪᠴᠢᠶᠡᠨ ᠳᠤ ᠣᠷᠣᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ᠂ ᠬᠦᠪᠡᠭᠡ ᠵᠠᠬ᠎ᠠ ᠶᠢᠨ ᠬᠥᠮᠦᠨ ᠠᠮᠠ ᠶᠢᠨ | ᠶᠠᠳᠠᠭᠤᠷᠠᠬᠤ ᠶᠢ ᠰᠡᠷᠭᠡᠶᠢᠯᠡᠵᠤ᠂ ᠬᠡᠷ ᠪᠦᠯᠢ ᠪᠦᠬᠦᠨ ᠤ ᠲᠤᠭᠳᠠᠭᠤᠨ ᠠᠮᠢᠳᠤᠷᠠᠯ ᠤᠨ ᠪᠠᠳᠤᠯᠠᠭ᠎ᠠ ᠶᠢ ᠪᠠᠳᠤᠯᠠᠵᠤ᠂ ᠶᠠᠳᠠᠭᠤ ᠬᠦᠴᠢᠷᠳᠠᠯᠳᠠᠢ ᠬᠥᠮᠦᠨ ᠠᠮᠠ ᠪᠠ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠬᠠᠮᠳᠤ ᠪᠦᠬᠦ ᠲᠠᠯ᠎ᠠ ᠪᠠᠷ ᠴᠢᠨᠡᠭᠡᠯᠢᠭᠵᠢᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠪᠣᠬᠢᠷᠲᠤᠯ ᠢ ᠨᠠᠷᠢᠯᠢᠭ ᠤᠨᠤᠪᠴᠢᠳᠠᠢ ᠪᠠᠷ ᠵᠠᠰᠠᠬᠤ ᠶᠢ | ᠪᠠᠷᠢᠮᠲᠠᠯᠠᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠬᠢᠵᠦ ᠬᠠᠷᠠᠬᠤ︾᠂ ᠨᠤᠳᠤᠭ ᠪᠡᠯᠴᠢᠭᠡᠷ ᠤᠨ ᠠᠮᠢ ᠠᠬᠤᠢ | ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠬᠢᠨᠠᠨ ᠪᠠᠶᠢᠴᠠᠭᠠᠯᠲᠠ᠂ ᠪᠦᠬᠦ ᠬᠤᠳᠠ ᠶᠢᠨ ︽ᠠᠶᠤᠩᠭ᠎ᠠ ᠨᠢᠵᠢᠭᠢᠨᠡᠲᠡᠯ᠎ᠡ ᠪᠣᠬᠢᠷᠲᠤᠯ ᠢ ᠠᠷᠢᠯᠭᠠᠬᠤ︾ | ᠠᠵᠢᠯᠯᠠᠭ᠎ᠠ ᠶᠢᠨ ᠬᠠᠷᠢᠭᠤ ᠲᠤᠰᠬᠠᠯᠳᠠ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠠᠭᠤᠷᠬᠠᠢ ᠶᠢᠨ ᠣᠷᠣᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠣᠪᠣᠭᠠᠯᠠᠬᠤ ᠲᠠᠯᠠᠪᠤᠷ ᠤᠨ ᠲᠣᠭᠤᠰᠣ ᠲᠡᠭᠳᠡᠬᠡᠬᠦ ᠶᠢ ᠵᠠᠰᠠᠬᠤ ᠶᠢ ᠲᠦᠯᠬᠢᠨ ᠠᠬᠢᠭᠤᠯᠵᠤ᠂ ᠪᠦᠯᠢᠶᠡᠨ ᠲᠠᠯ᠎ᠠ᠂ | ᠬᠤᠨᠢᠴᠢᠨᠭᠤᠤᠯ ᠵᠡᠷᠬᠡ 10 ᠨᠡᠭᠦᠷᠡᠰᠦᠨ ᠠᠭᠤᠷᠬᠠᠢ ᠶᠢᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠱᠧᠨ ᠬᠤᠸᠠ | ᠶᠢᠨ ᠨᠡᠬᠦᠷᠡᠰᠦ ᠪᠠᠷ ᠲᠤᠰᠤ ᠦᠢᠯᠡᠳᠪᠦᠷᠢᠯᠡᠬᠦ᠂ ᠲᠡᠬᠡᠳᠦ ᠲᠤᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠵᠡᠷᠬᠡ 4 ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠮᠠᠰᠢᠨ ᠴᠣᠭᠴᠠᠯᠠᠪᠤᠷᠢ ᠪᠠ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠭᠠᠷ ᠤᠨ ᠠᠦ᠋ᠲ᠋ᠣ᠋ | ᠬᠢᠨᠠᠨ ᠬᠡᠮᠵᠢᠬᠦ ᠥᠷᠲᠡᠭᠡ 6 ᠶᠢ ᠰᠢᠨ᠎ᠡ ᠪᠠᠷ ᠪᠠᠶᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠤᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ ᠶᠢ ᠪᠦᠬᠦᠨ | ᠢ ᠪᠦᠷᠬᠦᠭᠦᠯᠬᠦ ᠶᠢ ᠪᠡᠶᠡᠯᠡᠭᠦᠯᠵᠦ᠂ ᠠᠭᠠᠷ ᠤᠨ ᠴᠢᠨᠠᠷ ᠴᠢᠨᠰᠠᠭ᠎ᠠ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠦᠬᠦ ᠬᠤᠲᠠ ᠳᠤ ᠲᠦᠷᠦᠬᠦᠯᠡᠬᠦ ᠶᠢ ᠦᠨᠡᠨᠬᠦ ᠪᠠᠲᠤᠯᠠᠨ᠎ᠠ | ᠃ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠨ᠎ᠠ᠃ ᠰᠢᠨ᠎ᠡ ᠭᠠᠷ ᠤᠷᠠᠯᠠᠯ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠵᠡᠭᠦᠨ | ᠪᠠᠷᠠᠭᠤᠨ ᠤᠯᠠᠭᠠᠨᠨᠠᠭᠤᠷ ᠤᠨ ᠤᠰᠤᠨ ᠤ ᠴᠢᠨᠠᠷ ᠢ ᠳᠡᠭᠡᠭᠰᠢᠯᠡᠭᠦᠯᠬᠦ ᠪᠡ ᠴᠡᠪᠡᠷᠰᠢᠬᠦᠯᠦᠭᠰᠡᠨ ᠤᠰᠤ ᠶᠢ ᠲᠤᠬᠢᠷᠠᠭᠤᠯᠬᠤ ᠴᠦᠬᠦᠷᠦᠮ ᠤᠨ ᠢᠨᠵᠧᠨᠧᠷᠢᠩ ᠢ ᠡᠬᠢᠯᠡᠨ | ᠬᠡᠷᠡᠭᠵᠢᠭᠦᠯᠵᠦ᠂ ᠱᠧᠨ ᠳ᠋ᠦᠩ ᠠᠭᠤᠷᠬᠠᠢ ᠶᠢᠨ ᠤᠷᠤᠨ ᠤ ᠠᠭᠤᠷᠬᠠᠢ ᠶᠢᠨ ᠬᠤᠳᠳᠤᠭ ᠤᠨ ᠤᠰᠤᠨ ᠤ ᠡᠬᠢ ᠰᠤᠷᠪᠤᠯᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢ ᠢᠳᠡᠪᠬᠢᠲᠡᠢ ᠥᠷᠨᠢᠭᠦᠯᠵᠦ᠂ ᠰᠠᠢ ᠮᠧᠩ ᠲᠧ ᠡᠯ ᠨᠡᠬᠦᠷᠡᠰᠦᠨ ᠠᠭᠤᠷᠬᠠᠢ᠂ ᠯᠢ ᠵᠢᠶᠠ ᠲᠠ ᠨᠡᠬᠦᠷᠡᠰᠦᠨ ᠠᠭᠤᠷᠬᠠᠢ ᠵᠡᠷᠬᠡ 14 ᠠᠵᠤ | ᠠᠬᠤᠶᠢᠯᠠᠯ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠦᠷᠢᠮᠵᠢᠬᠦᠯᠦᠨ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠤᠯᠠᠭᠠᠨᠮᠦ᠋ᠷᠡᠨ ᠭᠤᠤᠯ᠂ | ᠪᠤᠬ᠎ᠠ ᠶᠢᠨ ᠭᠤᠤᠯ ᠤᠨ ᠰᠠᠪᠠ ᠭᠠᠵᠠᠷ ᠤᠨ ᠤᠰᠤᠨ ᠤ ᠴᠢᠨᠠᠷ ᠢ ᠤᠷᠲᠤ ᠬᠤᠭᠤᠴᠠᠭ᠎ᠠ ᠪᠠᠷ ᠲᠤᠭᠳᠠᠭᠤᠨ ᠪᠠᠶᠢᠯᠭᠠᠵᠤ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ | ᠤᠯᠠᠭᠠᠨᠮᠦ᠋ᠷᠡᠨ ᠪᠠᠯᠭᠠᠰᠤᠨ ᠤ ᠬᠤᠤᠷ ᠦᠬᠡᠶᠢᠵᠢᠬᠦᠯᠦᠭᠰᠡᠨ ᠬᠤᠭ ᠨᠤᠪᠰᠢ ᠶᠢ ᠰᠢᠢᠳᠪᠦᠷᠢᠯᠡᠬᠦ ᠲᠠᠯᠠᠪᠤᠷ ᠢ ᠡᠬᠢᠯᠡᠨ ᠪᠠᠶᠢᠭᠤᠯᠵᠤ᠂ ᠱᠢ ᠵᠢᠢ ᠶᠢᠨ ᠾᠧ ᠬᠤᠭ | ᠨᠣᠪᠰᠢ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠳᠤ ᠨᠡᠶᠢᠴᠡᠨ ᠠᠵᠢᠯᠯᠠᠭᠤᠯᠬᠤ ᠶᠢ ᠠᠬᠢᠭᠤᠯᠤᠨ᠎ᠠ᠃ ᠬᠢᠮᠢ ᠶᠢᠨ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ | ᠨᠡᠮᠡᠭᠳᠡᠬᠦᠯᠬᠦ᠂ ᠲᠠᠷᠢᠶᠠᠯᠠᠩ ᠤᠨ ᠡᠮ ᠢ ᠬᠢᠵᠠᠭᠠᠷᠯᠠᠨ ᠭᠠᠮᠰᠢᠭ ᠢ ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠪᠤᠬᠢᠷᠳᠣᠯ ᠢ ᠰᠡᠷᠬᠡᠶᠢᠯᠡᠬᠦ ᠶᠢ ᠶᠡᠷᠦᠩᠬᠡᠶᠢᠯᠡᠨ | ᠠᠰᠢᠭᠯᠠᠵᠤ᠂ ᠲᠠᠷᠢᠶᠠᠯᠠᠩ ᠮᠠᠯ ᠠᠬᠤᠢ ᠶᠢᠨ ᠲᠤᠭᠳᠠᠮᠠᠯ ᠭᠠᠳᠠᠭᠰᠢᠯ ᠦᠬᠡᠢ ᠪᠣᠬᠢᠷᠲᠤᠯ ᠢ ᠪᠠᠭᠠᠰᠬᠠᠨ᠎ᠠ᠃ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠨ᠎ᠠ | ᠃ ᠲᠤᠤᠷᠵᠢᠭᠰᠠᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠬᠠᠤᠯᠢ | ᠬᠡᠷᠡᠭᠵᠢᠬᠦᠯᠦᠯᠳᠡ ᠶᠢᠨ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠭᠡᠳᠡᠷᠭᠦ ᠱᠠᠭᠠᠷᠳᠠᠨ ᠪᠣᠬᠢᠷᠲᠤᠯ ᠢ ᠵᠠᠰᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠪᠣᠬᠢᠷᠲᠤᠯ | ᠥᠬᠡᠶ ᠬᠥᠭᠵᠢᠯᠲᠡ ᠶᠢ ᠪᠡᠶᠡᠯᠡᠭᠦᠯᠵᠦ᠂ ᠡᠵᠡᠨ ᠬᠤᠷᠤᠭ᠎ᠠ ᠶᠢᠨ ᠠᠭᠠᠷ ᠲᠡᠭᠷᠢ ᠴᠡᠩᠬᠡᠷ ᠢᠶᠠᠷ ᠢᠶᠠᠨ ᠪᠠᠶᠢᠵᠤ᠂ ᠤᠰᠤ ᠮᠦᠷᠡᠨ ᠤᠷᠤᠰᠬᠠᠯ ᠲᠠᠢ᠂ ᠤᠨᠠᠭᠰᠠᠨ ᠰᠢᠷᠤᠢ | ᠮᠦᠩᠬᠡᠳᠡ ᠤᠷᠤᠰᠢᠬᠤ ᠶᠢ ᠪᠠᠳᠤᠯᠠᠨ᠎ᠠ᠃ | ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠴᠠᠯᠢᠩ ᠢ ᠪᠠᠲᠤᠯᠠᠬᠤ᠂ | ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠭᠰᠠᠨ ᠰᠠᠭᠤᠷᠢᠨ ᠲᠡᠬᠡᠷ᠎ᠡ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ᠂ | ᠬᠦᠪᠡᠭᠡ ᠵᠠᠬ᠎ᠠ ᠶᠢᠨ ᠡᠬᠢ ᠪᠠᠶᠠᠯᠢᠭ ᠢ ᠠᠮᠢᠳᠤᠯᠢᠭᠵᠢᠭᠤᠯᠬᠤ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ | 20.9 ᠳ᠋ᠦᠩᠰᠢᠭᠤᠷ ᠲᠦᠬᠦᠷᠢᠭ ᠤᠨ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠵᠦ᠂ 11.6 | ᠳ᠋ᠦᠩᠰᠢᠭᠤᠷ ᠲᠥᠭᠦᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠲᠦᠢᠯᠪᠤᠷᠢᠳᠠᠢ ᠢᠯᠭᠠᠷᠠᠭᠤᠯᠬᠤ ᠶᠢ ᠪᠠᠲᠤᠯᠠᠨ᠎ᠠ᠃ ᠡᠳ᠋ | ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠳᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠮᠦᠩᠭᠦᠨ ᠤ ᠪᠠᠲᠤᠯᠠᠭ᠎ᠠ | ᠬᠠᠩᠭᠠᠨ᠎ᠠ᠃ ᠡᠳ᠋ ᠤᠨ ᠵᠠᠰᠠᠭ ᠤᠨ ᠣᠷᠣᠯᠭ᠎ᠠ ᠭᠠᠷᠤᠯᠭ᠎ᠠ ᠶᠢᠨ ᠬᠠᠮᠢᠶᠠᠷᠤᠯᠳᠠ ᠶᠢ ᠴᠢᠩᠭ᠎ᠠ ᠠᠳᠬᠤᠵᠤ᠂ ᠭᠠᠶᠢᠯᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ | ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠲᠦᠰᠦᠪ ᠤᠨ | ᠪᠤᠳᠠᠳᠤ ᠠᠮᠵᠢᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠥᠰᠦᠪ ᠤᠨ ᠪᠤᠳᠠᠳᠤ ᠠᠮᠵᠢᠯᠲᠠ ᠶᠢᠨ ᠦᠨᠡᠯᠡᠯᠲᠡ ᠶᠢ ᠪᠦᠬᠦᠨ ᠢ ᠪᠦᠷᠬᠦᠭᠦᠯᠬᠦ ᠶᠢ | ᠪᠡᠶᠡᠯᠡᠭᠦᠯᠦᠨ᠎ᠡ᠃ ᠵᠠᠰᠠᠭ ᠤᠨ ᠤᠷᠳᠤᠨ ᠲᠤᠯᠤᠭᠠᠶᠢᠯᠠᠨ ᠠᠷᠪᠢᠯᠠᠨ ᠭᠠᠮᠨᠠᠵᠤ᠂ ᠠᠵᠢᠯ ᠤᠨ ᠵᠠᠷᠤᠳᠠᠯ᠂ ᠲᠤᠰᠬᠠᠶ ᠲᠦᠷᠦᠯ ᠤᠨ ᠲᠤᠬᠠᠶᠢᠯᠠᠭᠰᠠᠨ ᠠᠵᠢᠯ ᠤᠨ ᠵᠠᠷᠤᠳᠠᠯ | ᠵᠡᠷᠭᠡ ᠪᠠᠶᠢᠩᠭᠤ ᠶᠢᠨ ᠴᠢᠨᠠᠷᠲᠠᠶ ᠵᠠᠷᠤᠯᠭ᠎ᠠ ᠶᠢ 10% ᠪᠠᠷ ᠪᠠᠭᠠᠰᠬᠠᠵᠤ᠂ ᠭᠤᠤᠯᠳᠠᠯᠭ᠎ᠠ ᠪᠤᠰᠤ ᠲᠤᠰᠬᠠᠶ ᠲᠦᠷᠦᠯ ᠤᠨ ᠪᠡᠯᠡ ᠮᠥᠩᠭᠦ ᠶᠢ 20% ᠪᠠᠷ ᠪᠠᠭᠠᠰᠬᠠᠵᠤ | ᠂ ᠬᠢᠵᠠᠭᠠᠷᠳᠠᠢ ᠪᠡᠯᠡ ᠮᠥᠩᠭᠦ ᠪᠠᠨ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠬᠡᠷᠡᠭᠯᠡᠨ᠎ᠡ᠃ ᠮᠥᠩᠭᠦᠨ ᠬᠦᠢᠯᠬᠡᠬᠡᠨ ᠤ ᠠᠶᠤᠯ ᠲᠦᠭᠰᠢᠭᠦᠷᠢ ᠶᠢ ᠴᠢᠩᠭ᠎ᠠ | ᠡᠵᠡᠮᠳᠡᠵᠦ᠂ ᠪᠠᠩᠬᠢ ᠶᠢᠨ ᠥᠷᠢ ᠲᠥᠯᠥᠬᠦ ᠡᠷᠡᠭᠦᠯ ᠪᠤᠰᠤ ᠡᠳ᠋ ᠬᠥᠷᠥᠩᠭᠡ ᠪᠠ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ ᠬᠡᠷᠡᠭ ᠲᠤ ᠬᠤᠯᠪᠣᠭᠳᠠᠭᠰᠠᠨ ᠡᠳ᠋ | ᠬᠥᠷᠥᠩᠭᠡ ᠶᠢ ᠬᠠᠤᠯᠢ ᠲᠣᠭᠲᠠᠭᠠᠯ ᠢᠶᠠᠷ ᠰᠢᠢᠳᠪᠦᠷᠢᠯᠡᠵᠦ᠂ ᠮᠦᠩᠭᠦᠨ ᠬᠦᠢᠯᠬᠡᠬᠡᠨ ᠤ ᠪᠠᠶᠢᠭᠤᠯᠤᠮᠵᠢ ᠪᠠᠷ ᠪᠤᠳᠠᠳᠤ ᠠᠵᠤ ᠠᠬᠤᠢ ᠶᠢ ᠲᠡᠮᠵᠢᠬᠦ ᠤᠷᠮᠠᠰᠢᠭᠤᠯᠬᠤ | ᠠᠷᠭ᠎ᠠ ᠶᠢ ᠭᠠᠷᠭᠠᠨ ᠲᠠᠶᠢᠴᠢᠯᠠᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ | ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠬᠡᠬᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠬᠤᠶᠠᠷ︶ ᠤᠳᠤᠬᠢᠴᠢᠯᠠᠭᠰᠠ ᠠᠵᠤ ᠦᠢᠯᠡᠰ ᠤᠨ ᠲᠤᠭᠳᠠᠯᠴᠠᠭ᠎ᠠ ᠶᠢ ᠲᠦᠷᠬᠡᠳᠬᠡᠨ ᠪᠠᠶᠢᠭᠤᠯᠵᠤ᠂ ᠴᠢᠨᠠᠷ ᠰᠠᠶᠢᠲᠠᠶ ᠬᠦᠭᠵᠢᠯᠳᠡ ᠶᠢᠨ ᠳᠠᠪᠠᠭᠤᠯᠢᠭ ᠢ ᠪᠤᠢ | ᠪᠣᠯᠭᠠᠨ᠎ᠠ᠃ ᠪᠦᠬᠦ ᠬᠦᠴᠦᠨ ᠢᠶᠠᠷ ︽ᠨᠡᠬᠦᠷᠡᠰᠦ ᠮᠠᠯᠳᠠᠵᠤ ᠬᠤᠳᠠᠯᠳᠤᠬᠤ︾ ᠲᠦᠬᠦᠮᠬᠡᠨ ᠬᠦᠭᠵᠢᠯᠳᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ ᠦᠢᠯᠡᠰ | ᠤᠨ ᠪᠦᠳᠦᠴᠡ ᠪᠠᠨ ᠲᠤᠬᠢᠷᠠᠭᠤᠯᠤᠨ᠂ ᠠᠵᠤ ᠦᠢᠯᠡᠰ ᠢᠶᠠᠨ ᠦᠷᠬᠡᠳᠬᠡᠬᠦ᠂ ᠠᠵᠤ ᠦᠢᠯᠡᠰ ᠤᠨ ᠣᠯᠠᠨ ᠡᠰᠢᠵᠢᠬᠦ᠂ ᠠᠵᠤ ᠦᠢᠯᠡᠰ ᠤᠨ ᠳᠡᠰ ᠳᠡᠪᠰᠢᠬᠦ ᠶᠢ | ᠲᠦᠯᠬᠢᠨ ᠠᠬᠢᠭᠤᠯᠤᠨ᠎ᠠ᠃ | ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠳᠠᠪᠠᠭᠤᠯᠢᠭ ᠢ ᠪᠤᠢ ᠪᠤᠯᠭᠠᠨ᠎ᠠ᠃ ᠰᠢ ᠶᠢᠨ ᠫᠢᠩ ᠶᠡᠷᠦᠩᠬᠡᠢ ᠱᠦᠵᠢ | ᠶᠢᠨ ︽ᠤᠳᠤᠬᠢᠴᠢᠯᠠᠭᠰᠠᠨ ᠡᠨᠧᠷᠬᠢ ᠶᠢᠨ ᠠᠵᠤ ᠠᠬᠤᠢ ᠶᠢ ᠰᠠᠶᠢᠳᠤᠷ ᠬᠢᠬᠦ︾ ᠴᠢᠬᠤᠯᠠ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠤᠯᠤᠰ ᠤᠨ ᠤᠳᠤᠬᠢᠴᠢᠯᠠᠭᠰᠠᠨ | ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠬᠦᠯᠬᠦ ᠲᠡᠷᠢᠬᠦᠨ ᠤ ᠤᠷᠤᠨ ᠢ ᠢᠳᠡᠪᠬᠢᠳᠠᠢ ᠡᠬᠦᠳᠦᠨ ᠪᠠᠶᠢᠭᠤᠯᠤᠨ᠎ᠠ᠃ ᠡᠨᠧᠷᠬᠢ ᠶᠢᠨ ᠠᠵᠤ ᠦᠢᠯᠡᠰ ᠤᠨ | ᠪᠦᠳᠦᠴᠡ ᠶᠢ ᠰᠢᠯᠢᠳᠡᠭᠵᠢᠬᠦᠯᠬᠦ ᠲᠠᠯ᠎ᠠ ᠪᠠᠷ ᠵᠢᠱᠢᠶ᠎ᠡ ᠦᠵᠡᠬᠦᠯᠦᠨ ᠲᠦᠷᠦᠬᠦᠯᠡᠨᠡ᠃ ᠤᠷᠤᠨ ᠨᠤᠳᠤᠭ ᠤᠨ ᠨᠡᠬᠦᠷᠡᠰᠦᠨ ᠤ ᠠᠵᠤ ᠠᠬᠤᠶᠢᠯᠠᠯ ᠤᠨ ᠡᠮᠬᠢ ᠵᠢᠷᠤᠮ | ᠲᠠᠢ ᠦᠢᠯᠡᠳᠪᠦᠷᠢᠯᠡᠬᠦ᠂ ᠵᠦᠢ ᠵᠤᠬᠢᠰᠳᠠᠢ ᠡᠵᠡᠩᠨᠡᠨ ᠪᠤᠷᠤᠯᠠᠭᠤᠯᠬᠤ ᠶᠢ ᠲᠠᠶᠢᠴᠢᠯᠠᠵᠤ᠂ ᠬᠢᠵᠢᠭ ᠤᠨ ᠪᠠᠶᠢᠳᠠᠯ ᠤᠨ ᠠᠰᠢᠭ ᠦᠬᠡᠢ ᠨᠦᠯᠦᠬᠡ ᠶᠢ ᠪᠦᠳᠦᠮᠵᠢᠳᠠᠢ | ᠠᠷᠭᠠᠴᠠᠨ᠂ ᠤᠷᠤᠨ ᠨᠤᠳᠤᠭ ᠤᠨ ᠨᠡᠬᠦᠷᠡᠰᠦᠨ ᠤ ᠵᠠᠬ᠎ᠠ ᠲᠡᠯᠬᠡᠬᠦᠷ ᠤᠨ ᠡᠷᠬᠢᠯᠳᠡ ᠶᠢ ᠪᠦᠬᠦ ᠬᠦᠴᠦᠨ ᠢᠶᠠᠷ ᠲᠤᠭᠳᠠᠭᠤᠨ ᠪᠠᠶᠢᠯᠭᠠᠵᠤ᠂ ᠪᠦᠬᠦ ᠵᠢᠯ ᠤᠨ | ᠨᠡᠬᠦᠷᠡᠰᠦᠨ ᠤ ᠦᠢᠯᠡᠳᠪᠦᠷᠢᠯᠡᠯ ᠪᠤᠷᠤᠯᠠᠭᠤᠯᠭ᠎ᠠ ᠶᠢ 2 ᠳ᠋ᠦᠩᠰᠢᠭᠤᠷ ᠲᠤᠨ ᠤᠷᠴᠢᠮ ᠲᠤᠭᠳᠠᠪᠤᠷᠢᠵᠢᠭᠤᠯᠵᠤ᠂ ᠱᠧᠨ ᠬᠤᠸᠠ ᠰᠢᠨ᠎ᠡ ᠵᠡᠭᠡᠯᠢ ᠲᠤᠶᠢᠭ ᠤᠨ | ᠠᠭᠤᠷᠬᠠᠢ ᠶᠢᠨ ᠤᠷᠤᠨ ᠤ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠰᠢᠨ᠎ᠡ ᠵᠡᠬᠡᠯᠢ ᠨᠢᠭᠡᠳᠦᠭᠡᠷ ᠨᠤᠮᠧᠷᠳᠦ ᠠᠭᠤᠷᠬᠠᠢ ᠶᠢᠨ ᠬᠤᠳᠳᠤᠭ | ᠤᠨ ᠬᠢᠨᠠᠨ ᠵᠦᠪᠰᠢᠶᠡᠷᠡᠯᠳᠡ ᠶᠢ ᠣᠯᠬᠤ ᠪᠠᠷ ᠴᠢᠷᠮᠠᠶᠢᠨ᠎ᠠ᠃ ᠨᠡᠭᠦᠷᠡᠰᠦ ᠪᠠᠷ ᠰᠠᠭᠤᠷᠢᠯᠠᠭᠰᠠᠨ ᠴᠡᠪᠡᠷᠴᠢ ᠡᠨᠧᠷᠬᠢ ᠶᠢᠨ ᠠᠵᠤ ᠦᠢᠯᠡᠰ ᠤᠨ ᠬᠦᠭᠵᠢᠯᠳᠡ ᠶᠢ | ᠠᠬᠢᠭᠤᠯᠤᠨ᠂ ᠱᠧᠨ ᠬᠤᠸᠠ ᠨᠡᠬᠦᠷᠡᠰᠦ ᠪᠠᠷ ᠲᠣᠰᠣ ᠦᠢᠯᠡᠳᠬᠦ ᠬᠤᠶᠠᠷ᠂ ᠭᠤᠷᠪᠠᠳᠤᠭᠠᠷ ᠵᠤᠷᠪᠤᠰ ᠦᠢᠯᠡᠳᠪᠦᠷᠢᠯᠡᠯ ᠤᠨ ᠱᠤᠭᠤᠮ᠂ ᠬᠤᠢ ᠨᠧᠩ ᠤᠨ 16 | ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠭᠦᠷᠡᠰᠦ ᠪᠠᠷ ᠪᠠᠶᠢᠭᠠᠯᠢ ᠶᠢᠨ ᠰᠢᠳᠠᠮᠠᠬᠠᠢ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠰᠢᠨ ᠨᠥᠸᠧ ᠵᠧᠩ ᠨᠧᠩ | 30 ᠲᠦᠮᠡᠨ ᠲᠤᠨ ᠨᠡᠬᠦᠷᠡᠰᠦ ᠬᠡᠦᠷᠰᠢᠬᠦᠯᠦᠨ ᠲᠤᠰᠤ ᠦᠢᠯᠡᠳᠦᠨ ᠪᠤᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠤ᠂ ᠫᠧᠩ | ᠬᠤᠢ ᠡᠨᠧᠷᠬᠢ ᠶᠢᠨ 600 ᠲᠦᠮᠡᠨ ᠲᠤᠨ ᠳᠣᠤᠷ᠎ᠠ ᠲᠡᠰ ᠤᠨ ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ᠂ ᠨᠡᠬᠦᠷᠡᠰᠦ ᠪᠠᠷ ᠰᠠᠭᠤᠷᠢᠯᠠᠭᠰᠠᠨ ᠪᠠᠯ ᠴᠢᠯᠠᠭᠤᠨ | ᠠᠯᠺᠧᠨ ᠵᠡᠷᠭᠡ ᠲᠤᠯᠤᠭᠠᠶᠢᠯᠠᠭᠴᠢ ᠠᠵᠤ ᠦᠢᠯᠡᠰ ᠪᠠ ᠵᠢᠱᠢᠶ᠎ᠡ ᠦᠵᠡᠬᠦᠯᠬᠦ ᠲᠦᠷᠦᠯ ᠵᠦᠢᠯ ᠢ ᠤᠷᠤᠭᠤᠯᠤᠨ᠂ ᠡᠨᠧᠷᠬᠢ ᠶᠢᠨ ᠠᠵᠤ ᠠᠬᠤᠶᠢᠯᠠᠯ ᠢ ᠰᠢᠨ᠎ᠡ ᠡᠨᠧᠷᠬᠢ | ᠶᠢᠨ ᠬᠦᠷᠢᠶ᠎ᠡ ᠴᠠᠷ᠎ᠠ ᠵᠦᠭ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠵᠤᠷᠢᠭᠵᠢᠭᠤᠯᠵᠤ᠂ ᠨᠡᠬᠦᠷᠡᠰᠦᠨ ᠤ ᠡᠨᠧᠷᠬᠢ ᠶᠢ ᠦᠷᠬᠡᠳᠬᠡᠨ ᠬᠤᠪᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠨᠡᠬᠦᠷᠡᠰᠦ ᠴᠠᠬᠢᠯᠭᠠᠨ ᠤ ᠰᠠᠭᠤᠷᠢᠨ ᠭᠠᠵᠠᠷ ᠤᠨ ᠡᠮᠦᠨ᠎ᠡ ᠬᠤᠭᠤᠴᠠᠭᠠᠨ ᠤ ᠠᠵᠢᠯ ᠢ | ᠢᠳᠡᠪᠬᠢᠳᠠᠢ ᠦᠷᠨᠢᠬᠦᠯᠵᠦ᠂ ᠤᠯᠤᠰ᠂ ᠦᠪᠡᠷᠳᠡᠬᠡᠨ ᠵᠠᠰᠠᠬᠤ ᠤᠷᠤᠨ ᠤ ᠮᠠᠨ ᠤᠨ ᠬᠤᠰᠢᠭᠤᠨ ᠳᠤ ᠴᠠᠬᠢᠯᠭᠠᠨ ᠬᠦᠴᠦᠨ ᠭᠠᠳᠠᠭᠰᠢ ᠬᠦᠷᠬᠡᠬᠦ ᠨᠡᠪᠳᠡᠷᠡᠬᠦ ᠵᠠᠮ ᠪᠠ | ᠢᠵᠢ ᠲᠦᠬᠦᠷ ᠴᠠᠬᠢᠯᠭᠠᠨ ᠡᠬᠦᠰᠬᠡᠭᠴᠢ ᠶᠢᠨ ᠴᠢᠭ ᠢ ᠲᠦᠯᠦᠪᠵᠢᠬᠦᠯᠦᠨ ᠪᠠᠶᠢᠭᠤᠯᠬᠤ ᠶᠢ ᠤᠯᠤᠨ᠎ᠠ᠃ ᠲᠤᠮᠳᠠᠳᠤ ᠤᠯᠤᠰ ᠤᠨ ᠴᠢᠯᠠᠭᠤᠨ ᠲᠤᠰᠤ᠂ ᠲᠤᠮᠳᠠᠳᠤ | ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠲᠠᠢ ᠬᠠᠮᠳᠤᠷᠠᠯᠴᠠᠨ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠢ ᠨᠡᠬᠡᠬᠡᠨ | ᠠᠰᠢᠭᠯᠠᠵᠤ᠂ ᠤᠯᠠᠨ ᠵᠦᠢᠯ ᠤᠨ ᠡᠨᠧᠷᠬᠢ ᠶᠢᠨ ᠬᠠᠮᠳᠤᠷᠠᠯᠴᠠᠨ ᠬᠠᠷᠢᠯᠴᠠᠨ ᠨᠦᠬᠦᠪᠦᠷᠢᠯᠡᠵᠦ᠂ ᠡᠷᠴᠢᠮᠵᠢᠬᠦᠯᠦᠨ ᠬᠦᠭᠵᠢᠬᠦᠯᠬᠦ ᠶᠢ ᠠᠬᠢᠭᠤᠯᠤᠨ᠎ᠠ᠃ ᠡᠨᠧᠷᠬᠢ ᠶᠢᠨ | ᠬᠠᠩᠭᠠᠯᠭ᠎ᠠ ᠶᠢᠨ ᠲᠤᠭᠳᠠᠯᠴᠠᠭ᠎ᠠ ᠶᠢ ᠪᠦᠷᠢᠨᠰᠢᠬᠦᠯᠬᠦ ᠲᠠᠯ᠎ᠠ ᠪᠠᠷ ᠵᠢᠱᠢᠶ᠎ᠡ ᠦᠵᠡᠬᠦᠯᠦᠨ ᠲᠦᠷᠦᠬᠦᠯᠡᠨᠡ᠃ ᠦᠢᠯᠡᠳᠪᠦᠷᠢᠯᠡᠯ ᠦᠢᠯᠡᠴᠢᠯᠡᠬᠡᠨ ᠤ ᠬᠡᠯᠪᠡᠷᠢ ᠶᠢᠨ ᠤᠯᠤᠰ | ᠤᠨ ᠡᠳ᠋ ᠪᠠᠷᠠᠭᠠᠨ ᠤ ᠬᠦᠢᠯᠬᠡᠬᠡᠨ ᠤ ᠵᠠᠩᠭᠢᠯᠠᠭ᠎ᠠ ᠶᠢ ᠡᠬᠦᠳᠦᠨ ᠪᠠᠶᠢᠭᠤᠯᠬᠤ ᠪᠠᠷ ᠰᠢᠪᠳᠤᠯᠤᠯᠳᠠ ᠪᠠᠨ ᠪᠤᠯᠭᠠᠨ᠂ ᠳ᠋ᠦᠩᠱᠧᠩ ᠤᠨ ᠵᠡᠬᠦᠨ ᠠᠴᠠ ᠲᠤᠶᠢᠭ ᠬᠦᠷᠬᠦ | ᠲᠡᠮᠦᠷ ᠵᠠᠮ ᠵᠢᠴᠢ ᠵᠠᠮ ᠳᠠᠭᠠᠤ ᠶᠢᠨ 7 ᠰᠠᠯᠪᠤᠷᠢ ᠱᠤᠭᠤᠮ᠂ 7 ᠲᠥᠪᠯᠡᠷᠡᠭᠦᠯᠦᠨ ᠤᠭᠰᠠᠷᠠᠬᠤ ᠥᠷᠲᠡᠭᠡ ᠶᠢ ᠡᠬᠢᠯᠡᠬᠦᠯᠦᠨ ᠪᠠᠶᠢᠭᠤᠯᠵᠤ᠂ ᠬᠠᠶᠢᠯᠠᠰᠤᠨ ᠬᠤᠭᠤᠯᠠᠢ | ᠶᠢᠨ ᠲᠡᠮᠦᠷ ᠵᠠᠮ ᠤᠨ ᠲᠤᠰᠬᠠᠢ ᠱᠤᠭᠤᠮ᠂ ᠴᠠᠭᠠᠨᠨᠠᠭᠤᠷ ᠤᠨ ᠲᠦᠪᠯᠡᠷᠡᠬᠦᠯᠦᠨ ᠰᠠᠪᠠᠯᠠᠬᠤ ᠦᠷᠳᠡᠬᠡᠨ ᠤ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠦ᠂ ᠲᠡᠮᠦᠷ | ᠵᠠᠮ ᠢᠶᠠᠷ ᠭᠤᠤᠯᠯᠠᠵᠤ᠂ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠢᠶᠠᠷ ᠲᠤᠯᠭᠠᠭᠤᠷᠢᠯᠠᠭᠰᠠᠨ ᠨᠡᠬᠦᠷᠡᠰᠦ ᠲᠦᠪᠯᠡᠷᠡᠬᠦᠯᠵᠦ ᠲᠠᠷᠬᠠᠭᠠᠨ ᠲᠡᠭᠡᠭᠡᠪᠦᠷᠢᠯᠡᠬᠦ | ᠲᠤᠭᠳᠠᠯᠴᠠᠭ᠎ᠠ ᠶᠢ ᠪᠠᠶᠢᠭᠤᠯᠤᠨ᠎ᠠ᠃ ︽ᠢ ᠨᠧᠩ ᠲᠦᠩ︾ ︽ᠬᠤ᠋ ᠯᠢᠶᠠᠨ ᠱᠢ ᠺᠦᠩ︾ ᠵᠡᠷᠬᠡ ᠲᠤᠭᠠᠴᠢᠯᠠᠭᠰᠠᠨ ᠲᠠᠪᠴᠠᠩ ᠳᠤ ᠲᠦᠰᠢᠭᠯᠡᠨ᠂ ᠨᠡᠬᠦᠷᠡᠰᠦᠨ ᠤ | ᠨᠢᠬᠡ ᠪᠢᠯᠧᠲ ᠢᠶᠠᠷ ᠳ᠋ᠦᠩᠨᠡᠨ ᠪᠤᠳᠤᠬᠤ᠂ ᠰᠦᠯᠵᠢᠶᠡᠨ ᠲᠠᠪᠴᠠᠩ ᠤᠨ ᠰᠤᠯᠢᠯᠴᠠᠭ᠎ᠠ᠂ ᠬᠠᠷᠢᠶ᠎ᠠ ᠤᠷᠤᠨ ᠤ ᠲᠡᠬᠡᠬᠡᠪᠦᠷᠢ᠂ ᠬᠠᠷᠢᠶ᠎ᠠ ᠤᠷᠤᠨ ᠤ ᠬᠦᠳᠡᠯᠮᠦᠷᠢ | ᠦᠢᠯᠡᠴᠢᠯᠡᠭᠡ ᠪᠠ ᠤᠶᠤᠨᠴᠢᠯᠠᠭᠰᠠᠨ ᠨᠦᠬᠡᠴᠡᠯᠡᠨ ᠬᠠᠳᠠᠭᠠᠯᠠᠬᠤ ᠶᠢ ᠠᠬᠢᠭᠤᠯᠤᠨ᠂ ᠤᠶᠤᠨᠴᠢᠯᠠᠭᠰᠠᠨ ᠡᠨᠧᠷᠬᠢ ᠶᠢᠨ ᠬᠠᠩᠭᠠᠯᠭ᠎ᠠ ᠶᠢᠨ ᠲᠠᠪᠴᠠᠩ ᠢ ᠪᠦᠬᠦ ᠬᠦᠴᠦᠨ | ᠢᠶᠠᠷ ᠴᠤᠭᠴᠠᠯᠠᠨ᠎ᠠ᠃ ᠡᠨᠧᠷᠬᠢ ᠶᠢᠨ ᠮᠡᠷᠬᠡᠵᠢᠯ ᠢ ᠬᠦᠨᠵᠡᠬᠡᠶᠢᠷᠡᠬᠦᠯᠦᠨ ᠰᠤᠳᠤᠯᠬᠤ ᠲᠠᠯ᠎ᠠ ᠪᠠᠷ ᠵᠢᠱᠢᠶ᠎ᠡ ᠦᠵᠡᠬᠦᠯᠦᠨ ᠲᠦᠷᠦᠬᠦᠯᠡᠨᠡ᠃ ᠣᠷᠳᠣᠰ ᠬᠤᠲᠠ ᠶᠢᠨ | ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ᠤᠶᠤᠨᠴᠢᠯᠠᠭᠰᠠᠨ ᠶᠡᠷᠦᠩᠬᠡᠶᠢᠯᠡᠨ ᠮᠠᠯᠲᠠᠬᠤ᠂ ᠨᠡᠭᠦᠷᠡᠰᠦᠨ | ᠪᠠᠭᠠᠨ᠎ᠠ ᠦᠭᠡᠶ ᠨᠡᠭᠡᠭᠡᠨ ᠮᠠᠯᠲᠠᠬᠤ ᠵᠡᠷᠭᠡ 6 ᠲᠣᠮᠣ ᠰᠡᠳᠦᠪ ᠤᠨ ᠰᠢᠪᠲᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠭᠡ | ᠮᠡᠷᠬᠡᠵᠢᠯ ᠤᠨ ᠰᠤᠳᠤᠯᠤᠯ ᠤᠨ ᠦᠷ᠎ᠡ ᠪᠦᠲᠦᠭᠡᠯ ᠢ ᠪᠦᠷᠢᠯᠳᠦᠬᠦᠯᠦᠨ ᠲᠦᠬᠡᠮᠡᠯᠵᠢᠬᠦᠯᠦᠨ᠎ᠡ︔ ᠰᠢ ᠸᠠᠩ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠳᠤᠷᠠᠯᠴᠠᠨ | ᠣᠷᠳᠣᠰ ᠡᠨᠧᠷᠭᠢ ᠶᠢᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢ ᠬᠠᠮᠲᠤᠪᠠᠷ ᠪᠠᠶᠢᠭᠤᠯᠵᠤ᠂ ᠡᠨᠧᠷᠭᠢ ᠶᠢᠨ ᠬᠦᠷᠢᠶ᠎ᠡ ᠴᠠᠷ᠎ᠠ ᠶᠢᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠦᠮᠦᠵᠢᠬᠦᠯᠵᠦ᠂ ᠨᠡᠭᠦᠷᠡᠰᠦᠨ ᠤ ᠬᠦᠷᠢᠶ᠎ᠡ ᠴᠠᠷ᠎ᠠ ᠳᠠᠬᠢ ᠲᠡᠷᠢᠭᠦᠨ ᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠤᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠢ ᠪᠠᠶᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ᠂ ᠳᠡᠭᠡᠳᠦ ᠲᠡᠰᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ ᠲᠦᠯᠬᠢᠨ ᠠᠬᠢᠭᠤᠯᠵᠤ᠂ ᠨᠡᠬᠦᠷᠡᠰᠦᠨ ᠤ | ᠪᠤᠰᠤ ᠠᠵᠤ ᠦᠢᠯᠡᠰ ᠤᠨ ᠦᠢᠯᠡᠳᠬᠦᠨ ᠤ ᠦᠷᠲᠡᠭ ᠢ 100 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠵᠤ᠂ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠲᠡᠭ ᠤᠨ ᠬᠠᠷᠢᠴᠠᠯ ᠢ ᠨᠢᠳᠤᠨᠤᠨ ᠠᠴᠠ 2.5 ᠵᠠᠭᠤᠨ ᠤ ᠨᠢᠬᠡᠴᠢ ᠪᠠᠷ ᠨᠡᠮᠡᠭᠳᠡᠬᠦᠯᠦᠨ᠎ᠡ᠃ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠢ ᠶᠡᠬᠡᠪᠡᠷ ᠬᠥᠭᠵᠢᠭᠦᠯᠵᠦ᠂ ᠱᠧᠨ ᠨᠢᠦ ᠨᠡᠭᠦᠷᠡᠰᠦᠨ ᠠᠭᠤᠷᠬᠠᠢ ᠶᠢᠨ ᠮᠠᠰᠢᠨ ᠲᠥᠬᠦᠭᠡᠷᠦᠮᠵᠢ ᠦᠢᠯᠡᠳᠬᠦ᠂ ᠬᠤᠤ ᠯᠦᠩ ᠠᠭᠤᠷᠬᠠᠢ ᠳᠤ ᠬᠡᠷᠡᠭᠯᠡᠬᠦ ᠮᠠᠰᠢᠨ | ᠲᠦᠬᠦᠬᠡᠷᠦᠮᠵᠢ ᠶᠢ ᠨᠠᠷᠢᠯᠢᠭᠵᠢᠭᠤᠯᠤᠨ ᠦᠢᠯᠡᠳᠬᠦ ᠵᠡᠷᠬᠡ ᠲᠦᠷᠦᠯ ᠵᠦᠢᠯ ᠤᠨ ᠠᠵᠢᠯ ᠡᠬᠢᠯᠡᠬᠦᠯᠬᠦ ᠶᠢ ᠠᠬᠢᠭᠤᠯᠵᠤ᠂ ᠰᠣ᠋ ᠳ᠋ᠠ ᠨᠡᠬᠦᠷᠡᠰᠦᠨ ᠠᠭᠤᠷᠬᠠᠢ ᠶᠢᠨ ᠮᠠᠰᠢᠨ | ᠦᠢᠯᠡᠳᠬᠦ᠂ ᠶᠢᠨ ᠴᠧᠩ ᠷᠦᠢ ᠠᠭᠤᠷᠬᠠᠢ ᠳᠤ ᠬᠡᠷᠡᠭᠯᠡᠬᠦ ᠠᠷᠠᠭᠠᠲᠤ ᠮᠠᠰᠢᠨ ᠵᠡᠷᠭᠡ ᠲᠦᠷᠦᠯ ᠵᠦᠢᠯ ᠢ ᠪᠦᠲᠦᠭᠡᠨ ᠪᠠᠶᠢᠭᠤᠯᠤᠨ ᠬᠡᠷᠡᠭᠯᠡᠯᠳᠡ ᠳᠤ ᠤᠷᠤᠭᠤᠯᠬᠤ ᠶᠢ | ᠠᠬᠢᠭᠤᠯᠵᠤ᠂ ᠤᠷᠤᠨ ᠨᠤᠳᠤᠭ ᠵᠢᠴᠢ ᠤᠶᠢᠷ᠎ᠠ ᠬᠠᠪᠢ ᠶᠢᠨ ᠦᠢᠯᠡᠳᠪᠦᠷᠢ ᠠᠭᠤᠷᠬᠠᠢ ᠳᠤ ᠨᠠᠷᠢᠯᠢᠭᠵᠢᠭᠤᠯᠤᠭᠰᠠᠨ ᠠᠵᠤ ᠦᠢᠯᠡᠰ ᠤᠨ ᠢᠵᠢ ᠲᠦᠬᠦᠷ ᠪᠠ | ᠬᠤᠶᠢᠨᠠᠬᠢ ᠦᠢᠯᠡᠴᠢᠯᠡᠭᠡ ᠬᠠᠩᠭᠠᠬᠤ ᠶᠢᠨ ᠲᠤᠭᠤᠷᠢᠨ ᠳᠤ᠂ ᠪᠠᠷᠠᠭᠤᠨ ᠬᠤᠶᠢᠲᠤ ᠣᠷᠣᠨ ᠤ ᠲᠡᠷᠢᠬᠦᠨ ᠤ ᠠᠭᠤᠷᠬᠠᠢ ᠶᠢᠨ ᠬᠡᠷᠡᠭᠯᠡᠭᠡᠨ ᠤ ᠲᠣᠨᠤᠭ | ᠲᠥᠬᠦᠭᠡᠷᠦᠮᠵᠢ ᠶᠢ ᠦᠢᠯᠡᠳᠪᠦᠷᠢᠯᠡᠵᠦ ᠰᠡᠯᠪᠢᠨ ᠵᠠᠰᠠᠬᠤ ᠪᠠ ᠮᠡᠷᠭᠡᠵᠢᠯ ᠤᠨ ᠦᠢᠯᠡᠴᠢᠯᠡᠭᠡ ᠬᠠᠩᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠶᠢᠨ ᠷᠦᠨ ᠳ᠋ᠡ 1.2 ᠲᠦᠮᠡᠨ ᠲᠤᠨ ᠲᠡᠭᠡᠳᠦ ᠮᠤᠯᠧᠺᠦ᠋ᠯᠲᠤ ᠬᠤᠭᠤᠯᠠᠶ ᠶᠢᠨ | ᠮᠠᠲ᠋ᠧᠷᠢᠶᠠᠯ ᠤᠨ ᠬᠤᠶᠠᠳᠤᠭᠠᠷ ᠬᠤᠭᠤᠴᠠᠭ᠎ᠠ᠂ ᠰᠢᠨ ᠷᠦᠢ ᠭᠦᠸᠧ ᠶᠤᠸᠠᠨ 20 ᠲᠦᠮᠡᠨ ᠲᠤᠨ ᠣᠷᠭᠠᠨᠢᠭ ᠪᠤᠰᠤ ᠲᠡᠭᠡᠳᠦ ᠮᠤᠯᠧᠺᠦ᠋ᠯᠲᠤ ᠬᠦᠪᠰᠦᠶᠢᠯᠭᠡᠨ | ᠴᠠᠷᠴᠠᠭᠠᠬᠤ ᠡᠳ᠋᠂ ᠵᠧᠵᠢᠶᠠᠩ ᠤᠨ ᠰᠠᠨ ᠶᠢᠩ 2 ᠲᠦᠮᠡᠨ ᠲᠤᠨ ᠤᠰᠤ ᠰᠤᠷᠤᠬᠤ ᠲᠠᠪᠠᠷᠬᠠᠢ ᠶᠢᠨ ᠲᠡᠭᠡᠳᠦ ᠮᠤᠯᠧᠺᠦ᠋ᠯᠲᠤ ᠮᠠᠲ᠋ᠧᠷᠢᠶᠠᠯ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠲᠡᠭᠡᠳᠤ | ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠬᠤᠪᠣᠷ ᠰᠢᠷᠣᠶ ᠶᠢᠨ ᠥᠨᠳᠥᠷ ᠴᠢᠳᠠᠪᠬᠢᠲᠤ ᠨᠠᠨᠤ᠋ ᠨᠤᠨᠳᠠᠭᠯᠢᠭ ᠮᠠᠲ᠋ᠧᠷᠢᠶᠠᠯ᠂ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠪᠦᠬᠦ ᠬᠡᠯᠬᠢᠶᠡᠨ ᠤ ᠨᠡᠮᠡᠯᠲᠡ ᠡᠳ᠋ ᠵᠡᠷᠭᠡ ᠲᠥᠷᠥᠯ ᠵᠦᠢᠯ ᠢ ᠪᠤᠳᠠᠳᠠᠶᠢᠵᠢᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ | ᠦᠢᠯᠡᠰ ᠢ ᠢᠳᠡᠪᠬᠢᠲᠡᠢ ᠬᠥᠭᠵᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠧᠨᠵᠧᠨ ᠤ ᠲᠡᠷᠢᠭᠦᠨ ᠤ ᠮᠡᠷᠭᠡᠵᠢᠯ ᠤᠨ ᠰᠤᠳᠤᠯᠭᠠᠨ ᠤ | ᠬᠦᠷᠢᠶᠡᠯᠡᠩ ᠲᠠᠢ ᠬᠠᠮᠲᠤᠷᠠᠨ ᠣᠷᠳᠣᠰ ᠵᠦᠡᠭ ᠺᠧ ᠰᠢᠨᠵᠢᠯᠡᠬᠦ ᠤᠬᠠᠭᠠᠨ ᠤ ᠲᠡᠷᠢᠭᠦᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠰᠡᠯᠪᠢᠭ ᠲᠤᠨᠤᠭ᠂ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠵᠡᠷᠭᠡ ᠲᠠᠯ᠎ᠠ ᠪᠠᠷ ᠮᠡᠷᠭᠡᠵᠢᠯ ᠤᠨ ᠪᠣᠭᠤᠮᠲᠠ ᠰᠢᠪᠲᠤᠯᠬᠤ ᠪᠠ | ᠦᠢᠯᠡᠳᠬᠦᠨ ᠢ ᠰᠤᠳᠤᠯᠤᠨ ᠨᠡᠭᠡᠭᠡᠬᠦ ᠠᠵᠢᠯ ᠢ ᠦᠷᠨᠢᠬᠦᠯᠵᠦ᠂ ᠪᠦᠬᠦ ᠤᠯᠤᠰ ᠤᠨ ᠤᠰᠤᠲᠥ᠋ᠷᠥᠭᠴᠢ ᠲᠦᠯᠡᠰᠢᠨ ᠴᠠᠬᠢᠯᠭᠠᠨ ᠴᠡᠨᠡᠭ ᠦᠢᠯᠡᠳᠪᠦᠷᠢᠯᠡᠵᠦ ᠰᠤᠳᠤᠯᠤᠨ | ᠨᠡᠭᠡᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠤᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠠᠪᠠᠭᠤᠯᠢᠭ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠪᠥᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠪᠠ ᠦᠨᠳᠦᠰᠦᠳᠡᠨ ᠤ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠭᠠᠵᠠᠷ ᠢ | ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠠᠶᠢᠯᠭ᠎ᠠ ᠳᠠᠬᠢᠯᠭ᠎ᠠ ᠶᠢᠨ ᠰᠣᠶᠣᠯ᠂ ᠲᠠᠯ᠎ᠠ ᠨᠤᠲᠤᠭ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ︽ᠢᠳᠡᠬᠦ᠂ ᠬᠤᠨᠤᠬᠤ᠂ ᠵᠠᠮᠨᠠᠬᠤ᠂ ᠵᠤᠭᠠᠴᠠᠬᠤ᠂ ᠬᠤᠳᠠᠯᠳᠤᠨ ᠠᠪᠬᠤ᠂ ᠨᠠᠭᠠᠳᠤᠨ ᠴᠡᠩᠬᠡᠬᠦ︾ ᠪᠥᠬᠦ | ᠡᠯᠧᠮᠧᠨ᠋ᠲ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ︽ᠴᠢᠩᠬᠢᠰ | ᠬᠠᠭᠠᠨ ᠤ ᠤᠩᠭᠤᠨ︾ ᠤ ᠵᠢᠭᠤᠯᠴᠢᠯᠠᠯ ᠤᠨ ᠪᠠᠶᠢᠷᠢᠰᠢᠯ ᠤᠨ ᠲᠣᠭᠤᠷᠢᠨ ᠳᠤ᠂ ᠪᠤᠳ᠋ᠳ᠋ᠾᠨ ᠶᠢᠨ ᠱᠠᠰᠢᠨ ᠤ ᠰᠣᠶᠣᠯ ᠤᠨ ᠦᠵᠡᠰᠬᠦᠯᠡᠩ ᠤᠨ ᠬᠦᠷᠢᠶᠡᠯᠡᠩ᠂ | ᠤᠯᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠦᠢᠯᠡᠴᠢᠯᠡᠭᠡᠨ ᠤ ᠴᠢᠳᠠᠮᠵᠢ ᠶᠢ ᠦᠷᠬᠦᠯᠵᠢᠯᠡᠨ ᠲᠡᠭᠡᠭᠰᠢᠯᠡᠬᠦᠯᠵᠦ᠂ ᠰᠤᠪᠤᠷᠭ᠎ᠠ ᠶᠢᠨ ᠲᠠᠯ᠎ᠠ ᠨᠤᠲᠤᠭ ᠤᠨ | ᠵᠢᠭᠤᠯᠴᠢᠯᠠᠯ ᠤᠨ ᠣᠷᠣᠨ ᠤ ᠣᠷᠳᠣᠰ ᠬᠤᠷᠢᠮ ᠤᠨ ᠶᠣᠰᠣᠯᠠᠯ ᠤᠨ ᠪᠣᠳᠠᠲᠤ ᠦᠵᠡᠮᠵᠢ ᠶᠢᠨ ᠲᠣᠭᠯᠠᠯᠲᠠ ᠬᠢᠭᠡᠳ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ | ᠪᠠᠶᠢᠭᠤᠯᠬᠤ ᠶᠢ ᠲᠡᠮᠵᠢᠵᠦ᠂ ᠡᠷᠳᠡᠨᠢ ᠶᠢᠨ ᠲᠤᠪᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠶᠤᠸᠠᠨ ᠤ ᠲᠡᠭᠡᠳᠦ ᠨᠡᠶᠢᠰᠯᠡᠯ᠂ ᠶᠤᠸᠠᠨ ᠤᠯᠤᠰ ᠤᠨ | ᠵᠢᠵᠢᠭ ᠪᠠᠯᠭᠠᠰᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠢᠵᠠᠭᠤᠷ ᠰᠣᠶᠣᠯ ᠤᠷᠠᠯᠢᠭ ᠤᠨ ᠦᠵᠡᠭᠦᠯᠦᠯᠭᠡ ᠶᠢᠨ | ᠲᠥᠪ ᠤᠨ ᠭᠠᠳᠠᠭᠰᠢ ᠨᠡᠭᠡᠭᠡᠯᠲᠡ ᠶᠢ ᠴᠢᠷᠮᠠᠶᠢᠨ ᠬᠢᠵᠦ᠂ ᠮᠣᠩᠭᠤᠯ ᠢᠵᠠᠭᠤᠷ ᠰᠤᠶᠤᠯ ᠢᠶᠠᠨ ᠡᠵᠡᠨ ᠬᠤᠷᠤᠭ᠎ᠠ ᠬᠤᠰᠢᠭᠤᠨ ᠤ ᠵᠢᠭᠤᠯᠴᠢᠯᠠᠯ ᠢ ᠲᠦᠯᠦᠭᠡᠯᠡᠬᠦ ᠨᠡᠷᠡᠲᠤ | ᠲᠡᠮᠳᠡᠭ ᠪᠣᠯᠭᠠᠨ᠎ᠠ᠃ ᠤᠳᠤᠬᠢᠴᠢᠯᠠᠭᠰᠠᠨ ᠡᠷᠡᠭᠦᠯᠵᠢᠯ ᠰᠤᠪᠢᠯᠠᠯᠲᠠ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠮᠸᠡᠭ ᠵᠢᠩ ᠬᠢᠲᠠᠳ ᠡᠮᠨᠡᠯᠭᠡ ᠶᠢᠨ ᠬᠤᠷᠢᠶ᠎ᠠ ᠶᠢᠨ ᠲᠦᠷᠦᠯ ᠵᠦᠢᠯ ᠢ ᠤᠷᠤᠨᠵᠢᠭᠤᠯᠬᠤ ᠶᠢ ᠠᠬᠢᠭᠤᠯᠵᠤ᠂ ᠠᠵᠠᠳᠠᠢ ᠡᠷᠡᠬᠦᠯᠵᠢᠯ ᠰᠤᠪᠢᠯᠠᠯᠲᠠ ᠶᠢᠨ | ᠲᠥᠪ ᠂ ︽ᠵᠤᠯ ᠵᠢᠷᠭᠠᠯ 9 ᠨᠣᠮᠧᠷᠲᠤ︾ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠢ ᠲᠦᠷᠭᠡᠳᠭᠡᠨ ᠪᠦᠳᠦᠭᠡᠨ ᠪᠠᠶᠢᠭᠤᠯᠵᠤ᠂ | ᠬᠠᠰᠢᠶᠠᠲᠤ ᠶᠢᠨ ᠣᠨᠴᠠᠯᠢᠭᠲᠤ ᠠᠷᠠᠳ ᠤᠨ ᠣᠷᠣᠨ ᠰᠠᠭᠤᠴᠠ᠂ ᠯᠤᠩᠬᠤ ᠶᠢᠨ ᠵᠡᠪᠡ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠲᠦᠷᠭᠡᠳᠬᠡᠨ | ᠪᠠᠶᠢᠭᠤᠯᠵᠤ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ᠂ ᠰᠤᠳᠤᠯᠤᠨ ᠰᠤᠷᠤᠯᠴᠠᠬᠤ ᠶᠢ ᠠᠭᠤᠰᠤᠯᠴᠠᠨ ᠬᠦᠭᠵᠢᠬᠦᠯᠬᠦ ᠶᠢ ᠠᠬᠢᠭᠤᠯᠤᠨ᠎ᠠ᠃ ᠰᠦᠯᠵᠢᠶᠡᠨ ᠳᠡᠭᠡᠷ᠎ᠡ | ᠪᠠ ᠰᠦᠯᠵᠢᠶᠡᠨ ᠠᠴᠠ ᠭᠠᠳᠠᠨ᠎ᠠ ᠤᠬᠠᠭᠤᠯᠭ᠎ᠠ ᠬᠢᠵᠦ ᠡᠵᠡᠩᠨᠡᠨ ᠪᠣᠷᠣᠯᠠᠭᠤᠯᠬᠤ ᠶᠢ ᠥᠷᠨᠢᠭᠦᠯᠵᠦ᠂ ᠡᠷᠬᠢᠨ ᠲᠣᠭᠤᠷᠢᠨ ᠤ ᠦᠵᠡᠮᠵᠢ ᠶᠢᠨ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠨ᠂ ᠦᠵᠡᠮᠵᠢ ᠶᠢᠨ ᠤᠷᠤᠨ ᠤ ︽ᠨᠢᠭᠡ ᠪᠢᠯᠧᠲ ᠢᠶᠠᠷ ᠨᠡᠪᠳᠡᠷᠡᠬᠦᠯᠬᠦ ᠲᠦᠷᠢᠮ︾ ᠢ ᠰᠦᠪᠡᠭᠴᠢᠯᠡᠨ ᠬᠡᠷᠡᠭᠵᠢᠭᠦᠯᠵᠦ᠂ ᠦᠵᠡᠮᠵᠢ | ᠶᠢᠨ ᠤᠷᠤᠨ ᠬᠠᠮᠳᠤᠷᠠᠨ ᠬᠤᠯᠪᠤᠭᠠᠯᠠᠬᠤ ᠶᠢ ᠪᠡᠶᠡᠯᠡᠬᠦᠯᠵᠦ᠂ ᠵᠠᠮ ᠱᠤᠭᠤᠮ ᠢ ᠬᠠᠮᠲᠤᠪᠠᠷ ᠲᠡᠯᠭᠡᠷᠡᠬᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠤᠭᠠᠴᠠᠭᠰᠠᠳ ᠢ | ᠬᠠᠷᠢᠯᠴᠠᠨ ᠬᠦᠷᠬᠡᠵᠦ ᠬᠦᠷᠬᠦ ᠶᠢ ᠪᠡᠶᠡᠯᠡᠬᠦᠯᠦᠨ᠎ᠡ᠃ ᠤᠯᠠᠭᠠᠨᠮᠦ᠋ᠷᠡᠨ ᠨᠠᠭᠤᠷ ᠲᠠᠭᠠᠤ ᠶᠢᠨ ᠬᠤᠳᠠᠯᠳᠤᠭᠠᠨ ᠤ ᠠᠵᠤ ᠠᠬᠤᠶ ᠶᠢᠨ ᠪᠦᠰᠡ ᠶᠢ ᠢᠳᠡᠪᠬᠢᠲᠡᠶ ᠪᠠᠶᠢᠭᠤᠯᠵᠤ | ᠂ ᠭᠦᠸᠧ ᠲᠠᠢ᠂ ᠬᠠᠢ ᠳ᠋ᠠ ᠬᠤᠳᠠᠯᠳᠤᠭᠠᠨ ᠤ ᠲᠠᠯᠠᠪᠠᠶ ᠪᠠ ᠸᠧᠨ ᠳ᠋ᠧ ᠮᠦ᠂ ᠸᠢᠨᠠᠰ ᠵᠡᠷᠭᠡ ᠣᠳᠣᠨ ᠲᠠᠰ ᠤᠨ ᠪᠠᠭᠤᠳᠠᠯ ᠢ ᠬᠡᠷᠡᠭᠯᠡᠯᠲᠡ ᠳᠤ ᠣᠷᠣᠭᠤᠯᠬᠤ ᠶᠢ | ᠲᠦᠷᠭᠡᠳᠭᠡᠨ᠂ ᠰᠢᠨ᠎ᠡ ᠬᠡᠷᠡᠭᠯᠡᠭᠡᠨ ᠤ ᠰᠦᠷᠦᠭᠵᠢᠯ ᠢ ᠪᠣᠶ ᠪᠣᠯᠭᠠᠨ᠎ᠠ᠃ ᠬᠢᠵᠢᠭ ᠤᠨ ᠪᠠᠶᠢᠳᠠᠯ ᠤᠨ ᠬᠡᠷᠡᠭᠯᠡᠭᠡᠨ ᠤ ᠠᠵᠤ ᠠᠬᠤᠶ ᠳᠤ ᠦᠵᠡᠭᠦᠯᠬᠦ ᠨᠥᠯᠥᠭᠡ ᠶᠢ | ᠢᠳᠡᠪᠬᠢᠲᠡᠶ ᠠᠷᠭᠠᠴᠠᠵᠤ᠂ ᠲᠣᠣᠷ ᠰᠦᠯᠵᠢᠶᠡᠨ ᠤ ᠬᠦᠮᠦᠵᠢᠯ᠂ ᠠᠮᠢᠳᠤ ᠰᠣᠷᠭᠤᠭ ᠢᠳᠡᠭᠡᠨ ᠲᠣᠬᠢᠷᠠᠭᠤᠯᠤᠨ ᠬᠦᠷᠭᠡᠬᠦ ᠪᠣᠯᠣᠨ ᠰᠢᠭᠤᠳ ᠨᠡᠪᠳᠡᠷᠡᠬᠦᠯᠭᠡ ᠪᠠᠷ | ᠪᠠᠷᠠᠭ᠎ᠠ ᠲᠠᠸᠠᠷ ᠲᠠᠭᠠᠭᠤᠯᠤᠨ ᠪᠤᠷᠤᠯᠠᠭᠤᠯᠬᠤ ᠵᠡᠷᠭᠡ ᠡᠯᠧᠺᠲᠷᠤᠨ ᠬᠤᠳᠠᠯᠳᠤᠭ᠎ᠠ ᠶᠢᠨ ᠬᠡᠷᠡᠭᠯᠡᠭᠡᠨ ᠤ ᠰᠢᠨ᠎ᠡ ᠬᠡᠯᠪᠡᠷᠢ ᠶᠢ ᠶᠡᠬᠡᠪᠡᠷ ᠪᠣᠶᠢᠵᠢᠭᠤᠯᠵᠤ᠂ 1000 | ᠲᠦᠮᠡᠨ ᠲᠦᠬᠦᠷᠢᠭ ᠤᠨ ᠠᠷᠠᠳ ᠲᠤ ᠠᠰᠢᠭ ᠬᠦᠷᠲᠡᠭᠡᠬᠦ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠪᠦᠯᠦᠭ ᠬᠤᠪᠢᠶᠠᠨ ᠲᠠᠷᠬᠠᠭᠠᠵᠤ᠂ ᠬᠡᠷᠡᠭᠯᠡᠭᠡ ᠪᠠᠷ ︽ᠵᠠᠬ᠎ᠠ | ᠳᠡᠯᠭᠡᠭᠦᠷ ᠢ ᠬᠦᠭᠵᠢᠶᠡᠨ ᠲᠠᠢ ᠪᠣᠯᠭᠠᠵᠤ︾᠂ ᠠᠷᠠᠳ ᠢᠷᠭᠡᠳ ᠲᠤ ︽ᠠᠰᠢᠭ ᠬᠦᠷᠲᠡᠭᠡᠨ᠎ᠠ︾᠃ | ︵ᠭᠤᠷᠪᠠ︶ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠬᠦᠯᠵᠦ᠂ ᠪᠣᠳᠠᠲᠤ ᠴᠤᠭᠴᠠ ᠶᠢᠨ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠬᠦᠯᠵᠦ᠂ ᠬᠥᠭᠵᠢᠯᠲᠡ ᠶᠢᠨ ᠡᠯᠧᠮᠧᠨ᠋ᠲ ᠢ ᠲᠥᠪᠯᠡᠷᠡᠭᠦᠯᠦᠨ᠂ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠠᠵᠤ ᠠᠬᠤᠶ ᠶᠢᠨ ᠪᠦᠬᠦ | ᠲᠠᠯ᠎ᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠲᠥᠪ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠣᠨᠣᠪᠴᠢᠳᠠᠢ ᠠᠳᠬᠤᠵᠤ᠂ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ᠂ | ᠨᠡᠶᠢᠭᠡᠮ ᠤᠨ ᠦᠢᠯᠡᠰ ᠵᠡᠷᠭᠡ 10 ᠶᠡᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ᠂ ᠲᠥᠷᠥᠯ ᠵᠦᠢᠯ ᠤᠨ ᠭᠠᠷ ᠬᠦᠢᠴᠡᠳᠭᠡᠯ ᠬᠢᠬᠦ ᠪᠠ ᠬᠤᠶᠢᠨᠠᠬᠢ ᠲᠥᠷᠥᠯ | ᠵᠦᠢᠯ ᠢ ᠨᠥᠭᠡᠴᠡᠯᠡᠬᠦ ᠠᠵᠢᠯ ᠢ ᠯᠠᠪᠳᠠᠭᠤᠨ ᠢᠶᠠᠷ ᠥᠷᠨᠢᠭᠦᠯᠵᠦ᠂ ᠵᠢᠯ ᠤᠨ ᠳᠣᠲᠣᠷ᠎ᠠ ᠳᠡᠭᠡᠳᠦ ᠱᠠᠲᠤᠨ ᠤ ᠲᠤᠰᠬᠠᠶ ᠵᠦᠢᠯ ᠪᠠ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢ 15 ᠳ᠋ᠦᠩᠰᠢᠭᠤᠷ ᠲᠥᠭᠦᠷᠢᠭ ᠠᠴᠠ ᠲᠡᠭᠡᠭᠰᠢ ᠴᠢᠷᠮᠠᠶᠢᠨ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠬᠦᠩᠭᠡᠷᠡᠬᠦᠯᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠮᠦᠩᠭᠦᠨ ᠤ ᠪᠠᠲᠤᠯᠠᠭ᠎ᠠ ᠬᠠᠩᠭᠠᠨ᠎ᠠ᠃ ᠬᠤᠳᠠᠯᠳᠤᠭᠠᠴᠢᠨ ᠤᠷᠢᠬᠤ ᠠᠵᠢᠯ ᠤᠨ ᠲᠣᠭᠲᠠᠴᠠ ᠳᠤ | ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠡᠵᠡᠩᠨᠡᠬᠦ ᠺᠣᠮᠫᠠᠨᠢ ᠶᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ 3000 ᠲᠦᠮᠡᠨ ᠲᠥᠭᠦᠷᠢᠭ ᠤᠨ ᠠᠵᠤ ᠦᠢᠯᠡᠰ ᠤᠨ ᠬᠥᠭᠵᠢᠯᠲᠡ ᠶᠢ ᠬᠦᠳᠦᠯᠦᠨ | ᠲᠠᠶᠢᠴᠢᠯᠠᠬᠤ ᠰᠠᠭᠤᠷᠢ ᠮᠥᠩᠭᠦ ᠪᠠᠶᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ 100 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ | ᠵᠦᠪᠳᠡᠯᠴᠡᠨ ᠲᠣᠭᠲᠠᠭᠰᠠᠨ ᠪᠡᠯᠡ ᠣᠷᠣᠭᠤᠯᠤᠯᠲᠠ ᠶᠢᠨ ᠲᠤᠭ᠎ᠠ 500 ᠳ᠋ᠦᠩᠰᠢᠭᠤᠷ ᠲᠥᠭᠦᠷᠢᠭ ᠢ ᠲᠠᠪᠠᠭᠤᠯᠤᠨ᠎ᠠ᠃ ᠲᠥᠷᠥᠯ ᠵᠦᠢᠯ ᠳᠤ ᠦᠢᠯᠡᠴᠢᠯᠡᠬᠦ ᠶᠢ | ᠰᠠᠶᠢᠳᠤᠷ ᠬᠢᠵᠦ᠂ ᠭᠤᠣᠯᠳᠠᠯᠭ᠎ᠠ ᠲᠠᠢ ᠲᠥᠷᠥᠯ ᠵᠦᠢᠯ ᠢ ᠰᠢᠶᠠᠨ ᠤ ᠲᠡᠰ ᠪᠣᠯᠤᠨ ᠰᠠᠯᠠᠭᠠᠨ ᠤ ᠲᠡᠰ ᠤᠨ ᠤᠳᠤᠷᠢᠳᠤᠯᠭ᠎ᠠ ᠲᠡᠰ ᠬᠤᠪᠢᠶᠠᠨ ᠳᠠᠭᠠᠭᠠᠴᠢᠯᠠᠨ | ᠬᠤᠯᠪᠣᠭᠠᠯᠠᠬᠤ ᠲᠣᠭᠲᠠᠴᠠ ᠶᠢ ᠲᠡᠬᠦᠯᠳᠡᠷᠵᠢᠬᠦᠯᠵᠦ᠂ ᠲᠤᠰᠬᠠᠢ ᠠᠩᠬᠢ ᠪᠠᠷ ᠲᠦᠯᠬᠢᠨ ᠠᠬᠢᠭᠤᠯᠵᠤ᠂ ᠣᠨᠣᠪᠴᠢᠳᠠᠢ ᠦᠢᠯᠡᠴᠢᠯᠡᠭᠡ ᠬᠠᠩᠭᠠᠨ᠂ 500 ᠲᠦᠮᠡᠨ | ᠲᠥᠭᠦᠷᠢᠭ ᠠᠴᠠ ᠳᠡᠭᠡᠭᠰᠢᠬᠢ 252 ᠭᠤᠣᠯᠳᠠᠯᠭ᠎ᠠ ᠲᠠᠢ ᠲᠦᠷᠦᠯ ᠵᠦᠢᠯ ᠢ ᠬᠦᠴᠦ ᠪᠠᠨ ᠲᠥᠪᠯᠡᠷᠡᠭᠦᠯᠦᠨ ᠲᠦᠯᠬᠢᠨ ᠠᠬᠢᠭᠤᠯᠵᠤ᠂ 85 ᠳ᠋ᠦᠩᠰᠢᠭᠤᠷ | ᠲᠥᠭᠦᠷᠢᠭ ᠠᠴᠠ ᠲᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠵᠤ ᠦᠢᠯᠡᠰ ᠤᠨ ᠦᠨᠡᠨ ᠪᠤᠳᠠᠳᠤ ᠣᠷᠣᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠢ ᠲᠤᠭᠳᠠᠭᠠᠵᠤ᠂ ᠶᠡᠷᠦᠩᠬᠡᠶ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ | ᠲᠦᠯᠦᠪᠵᠢᠬᠦᠯᠭᠡ ᠭᠠᠷᠭᠠᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠠᠶᠢᠭᠤᠯᠤᠮᠵᠢ ᠶᠢ ᠨᠡᠶᠢᠯᠡᠬᠦᠯᠬᠦ ᠶᠢ ᠰᠢᠯᠢᠳᠡᠭᠵᠢᠬᠦᠯᠵᠦ᠂ ᠠᠵᠢᠯᠲᠠᠨ ᠢ ᠰᠠᠶᠢᠳᠤᠷ ᠲᠣᠬᠢᠷᠠᠭᠤᠯᠤᠨ᠂ | ᠦᠢᠯᠡᠴᠢᠯᠡᠭᠡᠨ ᠤ ᠴᠢᠳᠠᠪᠦᠷᠢ ᠶᠢ ᠴᠢᠩᠭᠠᠷᠠᠭᠤᠯᠵᠤ᠂ ᠬᠦᠷᠢᠶᠡᠯᠡᠩ ᠲᠤᠭᠤᠷᠢᠭ ᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢᠨ ᠴᠢᠬᠤᠯᠠ ᠭᠠᠵᠠᠷ ᠪᠣᠯᠭᠠᠨ᠎ᠠ᠃ | ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠬᠤᠣᠷ ᠦᠬᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ᠂ ᠬᠠᠶᠠᠭᠳᠠᠮᠠᠯ ᠪᠤᠳᠠᠰ ᠤᠨ ᠲᠠᠯᠠᠪᠠᠢ ᠵᠡᠷᠭᠡ ᠭᠠᠵᠠᠷ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ︽ᠦᠬᠦᠰᠢᠷᠡᠮᠡᠯ ᠲᠥᠷᠥᠯ ᠵᠦᠢᠯ︾ ᠢ ᠢᠯᠭᠠᠷᠠᠭᠤᠯᠤᠨ ᠴᠡᠭᠴᠡᠯᠡᠵᠦ᠂ ᠣᠳᠣ ᠰᠤᠯᠠ | ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠪᠣᠯᠤᠨ ᠭᠠᠵᠠᠷ ᠰᠢᠷᠣᠶ ᠶᠢ ᠬᠡᠷᠡᠭᠯᠡᠯᠲᠡ ᠳᠤ ᠣᠷᠣᠭᠤᠯᠤᠨ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ | ᠨᠡᠮᠡᠭᠳᠡᠭᠦᠯᠦᠨ᠎ᠡ᠃ ᠥᠪᠥᠷ ᠮᠣᠩᠭᠤᠯ ᠪᠣᠯᠣᠨ ᠵᠢᠶᠠᠩᠰᠤ ᠬᠤᠶᠠᠷ ᠮᠤᠵᠢ ᠶᠢᠨ ᠬᠤᠷᠰᠢᠯᠴᠠᠬᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠬᠦᠷᠢᠶᠡᠯᠡᠩ | ᠲᠣᠭᠤᠷᠢᠭ ᠤᠨ ᠪᠠᠶᠢᠯᠳᠤᠬᠤ ᠪᠣᠳᠣᠯᠭ᠎ᠠ ᠶᠢᠨ ᠬᠤᠷᠰᠢᠨ ᠠᠵᠢᠯᠯᠠᠬᠤ ᠬᠡᠯᠡᠯᠴᠡᠭᠡᠷ ᠤᠨ ᠠᠭᠤᠯᠭ᠎ᠠ ᠶᠢ ᠢᠳᠡᠪᠬᠢᠳᠡᠢ ᠨᠠᠶᠢᠳᠠᠪᠦᠷᠢᠵᠢᠭᠤᠯᠵᠤ᠂ ︽ᠬᠦᠷᠢᠶᠡᠯᠡᠩ | ᠲᠣᠭᠤᠷᠢᠭ ᠤᠨ ᠲᠤᠳᠤᠷ᠎ᠠ ᠬᠦᠷᠢᠶᠡᠯᠡᠩ︾ ᠪᠠᠶᠢᠬᠤ ᠬᠡᠯᠪᠡᠷᠢ ᠪᠠᠷ ᠵᠢᠶᠠᠩᠰᠤ ᠵᠡᠷᠭᠡ ᠭᠠᠵᠠᠷ ᠤᠳ ᠤᠨ ᠲᠡᠷᠢᠬᠦᠨ ᠤ ᠠᠵᠤ ᠦᠢᠯᠡᠰ ᠪᠠ ᠰᠢᠯᠢᠳᠡᠭ ᠲᠦᠷᠦᠯ | ᠵᠦᠢᠯ ᠤᠨ ᠭᠠᠵᠠᠷ ᠣᠷᠣᠨ ᠠᠯᠤᠰᠯᠠᠨ ᠮᠠᠨ ᠤ ᠬᠤᠰᠢᠭᠤᠨ ᠳᠤ ᠤᠷᠤᠨᠵᠢᠭᠤᠯᠵᠤ᠂ ︽ᠭᠠᠵᠠᠷ ᠠᠯᠤᠰᠯᠠᠭᠰᠠᠨ ᠠᠵᠤ ᠠᠬᠤᠢ︾ ᠶᠢ ᠶᠡᠬᠡᠪᠡᠷ ᠬᠦᠭᠵᠢᠬᠦᠯᠵᠦ᠂ | ᠬᠦᠷᠢᠶᠡᠯᠡᠩ ᠲᠣᠭᠤᠷᠢᠭ ᠤᠨ ︽ᠴᠢᠰᠤ ᠦᠢᠯᠡᠳᠬᠦ︾ ᠴᠢᠳᠠᠮᠵᠢ ᠶᠢ ᠴᠢᠩᠭᠠᠷᠠᠭᠤᠯᠵᠤ᠂ ᠦᠢᠯᠡᠳᠬᠦᠨ ᠤ ᠦᠷᠳᠡᠭ ᠢ 150 ᠳ᠋ᠦᠩᠰᠢᠭᠤᠷ ᠲᠦᠬᠦᠷᠢᠭ ᠲᠤ | ᠬᠦᠷᠬᠡᠬᠦ ᠶᠢ ᠪᠡᠶᠡᠯᠡᠬᠦᠯᠵᠦ᠂ ᠥᠪᠥᠷ ᠮᠣᠩᠭᠤᠯ ᠪᠠ ᠵᠢᠶᠠᠩᠰᠤ ᠶᠢᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ | ᠲᠡᠷᠢᠬᠦᠨ ᠤ ᠬᠦᠷᠢᠶᠡᠯᠡᠩ ᠲᠤᠭᠤᠷᠢᠭ ᠪᠤᠯᠭᠠᠬᠤ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠢ ᠬᠦᠴᠦᠯᠡᠨ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠦᠢᠯᠡᠴᠢᠯᠡᠭᠡᠨ ᠤ ᠴᠤᠩᠬᠤᠪᠴᠢ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠂ 4 ᠪᠠᠯᠭᠠᠰᠤᠨ ᠤ ᠲᠡᠰ ᠤᠨ ᠠᠷᠠᠳ ᠲᠤ ᠳᠥᠭᠦᠮ ᠦᠵᠡᠬᠦᠯᠬᠦ ᠦᠢᠯᠡᠴᠢᠯᠡᠭᠡᠨ ᠤ ᠲᠥᠪ ᠪᠠ 30% ᠶᠢᠨ ᠭᠠᠴᠠᠭ᠎ᠠ ᠲᠣᠰᠬᠤᠨ ᠤ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠭᠠᠵᠠᠷ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠵᠦ᠂ | ᠣᠶᠣᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠡᠬᠢᠯᠡᠨ ᠬᠡᠷᠡᠭᠵᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠬᠤ ᠨᠤᠷᠮ᠎ᠠ᠂ ᠤᠯᠠᠨ ᠤᠳᠠᠭ᠎ᠠ ᠬᠦᠢᠴᠡᠳᠭᠡᠬᠦ ᠵᠦᠢᠯᠡᠰ ᠢ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠬᠦᠶᠦᠬᠦ︾ | ᠪᠦᠷᠬᠦᠯᠲᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠵᠦ᠂ ᠤᠯᠠᠨ ᠲᠦᠮᠡᠨ ᠢ ᠤᠴᠢᠷ ᠬᠦᠢᠴᠡᠳᠬᠡᠬᠦ ᠳᠤ ᠲᠤᠲᠠᠭᠤ ᠬᠦᠶᠦᠯᠭᠡᠵᠦ᠂ ᠲᠤᠲᠠᠭᠤ | ᠰᠢᠨᠠᠯᠭᠠᠨ᠎ᠠ᠃ ︽ᠬᠤᠰᠢᠭᠤ ᠳᠠᠷᠤᠭ᠎ᠠ ᠶᠢᠨ ᠤᠲᠠᠰᠤ︾ ᠶᠢ ᠨᠡᠪᠲᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠪᠦᠬᠦ ᠡᠳᠦᠷ᠂ ᠪᠦᠬᠦ ᠲᠠᠯ᠎ᠠ᠂ ᠪᠦᠬᠦ | ᠶᠠᠪᠤᠴᠠ ᠶᠢᠨ ᠦᠢᠯᠡᠴᠢᠯᠡᠭᠡ ᠶᠢ ᠬᠠᠩᠭᠠᠨ᠎ᠠ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ ᠦᠷᠳᠡᠭᠡᠴᠢᠯᠡᠭᠰᠡᠨ ᠬᠡᠯᠪᠡᠷᠢ︾ ᠶᠢᠨ ᠦᠢᠯᠡᠴᠢᠯᠡᠭᠡᠨ ᠤ | ᠲᠥᠪ ᠤᠨ ᠦᠢᠯᠡᠳᠦᠯ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾ ᠤᠨ ᠦᠭᠡᠷᠡᠴᠢᠯᠡᠯᠲᠡ ᠶᠢ | ᠬᠡᠷᠡᠭᠵᠢᠬᠦᠯᠵᠦ᠂ ᠲᠦᠷᠦᠯ ᠵᠦᠢᠯ ᠢ ᠬᠢᠨᠠᠨ ᠵᠦᠪᠰᠢᠶᠡᠷᠡᠬᠦᠯᠬᠦ ᠬᠤᠭᠤᠴᠠᠭ᠎ᠠ ᠶᠢ 10% ᠠᠴᠠ ᠲᠡᠭᠡᠭᠰᠢ ᠪᠠᠭᠠᠭᠰᠬᠠᠵᠤ᠂ ᠭᠠᠵᠠᠷ ᠠᠪᠤᠭᠰᠠᠨ ᠠᠴᠠ ᠪᠠᠷᠢᠯᠭ᠎ᠠ | ᠡᠬᠢᠯᠡᠳᠡᠯ᠎ᠡ 60 ᠡᠳᠦᠷ ᠠᠴᠠ ᠬᠡᠳᠦᠷᠡᠬᠦᠯᠬᠦ ᠦᠬᠡᠢ ᠶᠢ ᠪᠡᠶᠡᠯᠡᠬᠦᠯᠵᠦ᠂ ᠠᠵᠤ ᠠᠬᠤᠶᠢᠯᠠᠯ ᠢ ᠰᠠᠨᠠᠭ᠎ᠠ ᠠᠮᠤᠷ ᠠᠵᠢᠯᠯᠠᠭᠤᠯᠤᠨ᠂ ᠲᠦᠷᠦᠯ ᠵᠦᠢᠯ ᠢ ᠰᠠᠭᠠᠳ ᠦᠬᠡᠢ | ᠤᠷᠤᠨᠵᠢᠭᠤᠯᠤᠨᠠ᠃ | ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠲᠤᠳᠠᠭᠳᠠᠯ ᠢ ᠨᠦᠬᠦᠪᠦᠷᠢᠯᠡᠬᠦ ᠰᠠᠭᠤᠷᠢ ᠲᠥᠬᠦᠭᠡᠷᠦᠮᠵᠢ ᠶᠢᠨ | ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ 662 ᠺᠢᠯᠤᠮᠧᠲᠷ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ | ᠂ ᠲᠢᠶᠠᠨ ᠯᠦᠡᠭ ᠬᠦᠴᠦᠳᠡᠯ ᠦᠭᠡᠷᠡᠴᠢᠯᠡᠬᠦ ᠦᠷᠲᠡᠭᠡ ᠠᠴᠠ ᠤᠯᠠᠭᠠᠨᠨᠠᠭᠤᠷ ᠬᠦᠴᠦᠳᠡᠯ ᠦᠭᠡᠷᠡᠴᠢᠯᠡᠬᠦ ᠦᠷᠲᠡᠭᠡ ᠬᠦᠷᠲᠡᠯᠡᠬᠢ 110 ᠺᠢᠯᠤᠸᠤᠯᠲ ᠤᠨ ᠴᠠᠬᠢᠯᠭᠠᠨ | ᠱᠤᠭᠤᠮ ᠰᠢᠯᠵᠢᠬᠦᠯᠦᠨ ᠲᠠᠳᠠᠬᠤ ᠢᠨᠵᠧᠨᠧᠷᠢᠩ ᠢ ᠬᠡᠷᠡᠭᠵᠢᠬᠦᠯᠵᠦ᠂ ᠮᠠᠰᠢᠨ ᠲᠡᠷᠭᠡᠨ ᠤ ᠬᠤᠲᠠ᠂ ᠭᠤᠸᠠᠩ ᠱᠧᠩ 110 ᠺᠢᠯᠤᠸᠤᠯᠲ ᠤᠨ ᠴᠠᠬᠢᠯᠭᠠᠨ ᠬᠦᠴᠦᠳᠡᠯ | ᠦᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠤᠯᠠᠭᠠᠨᠨᠠᠭᠤᠷ ᠤᠨ ᠤᠰᠤᠨ ᠤ ᠡᠬᠢ ᠰᠣᠷᠪᠤᠯᠵᠢ ᠶᠢᠨ ᠭᠠᠵᠠᠷ ᠠᠴᠠ ᠱᠧᠨ ᠳ᠋ᠦᠩ | ᠠᠭᠤᠷᠬᠠᠢ ᠶᠢᠨ ᠣᠷᠣᠨ ᠤ ᠤᠰᠤ ᠬᠠᠩᠭᠠᠬᠤ ᠢᠨᠵᠧᠨᠧᠷᠢᠩ ᠢ ᠬᠡᠷᠡᠭᠵᠢᠬᠦᠯᠵᠦ᠂ ᠠᠭᠤᠷᠬᠠᠢ ᠶᠢᠨ ᠣᠷᠣᠨ ᠤ ᠠᠷᠠᠳ ᠲᠦᠮᠡᠨ ᠳᠤ ︽ᠰᠠᠨᠠᠭ᠎ᠠ ᠠᠮᠤᠷ ᠤᠰᠤ︾ | ᠤᠤᠭᠤᠯᠭᠠᠬᠤ ᠶᠢ ᠪᠠᠲᠤᠯᠠᠨ᠎ᠠ᠃ ᠶᠠᠨ ᠠᠨ ᠲᠡᠮᠡᠭᠡᠲᠦ ᠣᠷᠳᠣᠰ ᠤᠨ ᠲᠡᠭᠡᠳᠦ ᠬᠤᠷᠳᠤᠴᠠᠲᠤ ᠲᠡᠮᠦᠷ ᠵᠠᠮ ᠤᠨ ᠣᠷᠳᠣᠰ ᠪᠣᠯᠣᠨ ᠲᠡᠮᠡᠭᠡᠲᠦ ᠶᠢᠨ ᠬᠡᠰᠡᠭ ᠤᠨ | ᠪᠦᠲᠦᠭᠡᠨ ᠪᠠᠶᠢᠭᠤᠯᠤᠯᠳᠠ ᠶᠢᠨ ᠠᠵᠢᠯ ᠢ ᠢᠳᠡᠪᠬᠢᠳᠡᠢ ᠬᠠᠮᠵᠢᠯᠴᠠᠨ ᠰᠠᠶᠢᠲᠤᠷ ᠬᠢᠵᠦ᠂ ᠪᠤᠭᠤᠲᠤ ᠶᠢᠨ ᠪᠠᠷᠠᠭᠤᠨ ᠬᠡᠰᠡᠭ ᠤᠨ ᠴᠠᠬᠢᠯᠭᠠᠨᠵᠢᠭᠰᠠᠨ ᠲᠡᠮᠦᠷ ᠵᠠᠮ ᠤᠨ | ᠬᠤᠶᠠᠳᠤᠭᠠᠷ ᠬᠤᠭᠤᠴᠠᠭᠠᠨ ᠤ ᠴᠠᠬᠢᠯᠭᠠᠨ ᠬᠠᠩᠭᠠᠬᠤ ᠢᠨᠵᠧᠨᠧᠷᠢᠩ ᠤᠨ ᠤᠷᠤᠭᠰᠢᠲᠠᠢ ᠳᠠᠭᠤᠰᠬᠤ ᠶᠢ ᠪᠠᠲᠤᠯᠠᠨ᠎ᠠ᠃ ᠵᠡᠭᠦᠨᠭᠠᠷ ᠬᠤᠰᠢᠭᠤᠨ ᠤ ᠨᠠᠷᠠᠰᠤ ᠠᠴᠠ | ᠵᠠᠰᠠᠭ᠂ ᠵᠠᠰᠠᠭ ᠠᠴᠠ ᠦᠦᠰᠢᠨ ᠬᠤᠰᠢᠭᠤᠨ ᠤ ᠲᠤᠭ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ᠂ ᠳ᠋ᠦᠩᠱᠸᠡᠭ ᠤᠨ ᠴᠠᠶᠢᠳᠠᠮ ᠠᠴᠠ ᠲᠤᠶᠢᠭ ᠬᠦᠷᠬᠦ | ᠨᠢᠭᠡᠳᠦᠭᠡᠷ ᠲᠡᠰ ᠤᠨ ᠵᠠᠰᠠᠮᠠᠯ ᠵᠠᠮ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠦᠷᠨᠢᠬᠦᠯᠦᠨ᠎ᠡ᠃ ᠨᠡᠶᠢᠭᠡᠮ ᠤᠨ ᠪᠡᠯᠡ ᠮᠦᠩᠬᠦ ᠶᠢ | ᠣᠷᠣᠭᠤᠯᠤᠨ ᠠᠪᠴᠢᠷᠠᠵᠤ ᠱᠢ ᠭᠧ ᠲᠠᠢ ᠶᠡᠭᠡ ᠬᠥᠭᠦᠷᠭᠡ ᠶᠢ ᠪᠦᠲᠦᠭᠡᠨ ᠪᠠᠶᠢᠭᠤᠯᠵᠤ᠂ ᠠᠯᠳᠠᠨᠰᠢᠷᠡᠭᠡ ᠠᠴᠠ ᠲᠤᠬᠤᠢ ᠶᠢᠨ ᠵᠤᠤ ᠬᠦᠷᠬᠦ ᠵᠠᠮ ᠤᠨ ᠠᠶᠦᠯᠬᠦᠢ | ᠨᠡᠪᠳᠡᠷᠡᠬᠦ ᠴᠢᠳᠠᠮᠵᠢ ᠶᠢ ᠲᠡᠭᠡᠭᠰᠢᠯᠡᠬᠦᠯᠦᠨ᠎ᠡ᠃ ᠪᠤᠭᠤᠲᠤ ᠠᠴᠠ ᠮᠣᠣ ᠮᠢᠩ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠠᠴᠠ ᠬᠤᠲᠠ ᠶᠢᠨ ᠡᠮᠦᠨ᠎ᠡ | ᠲᠣᠭᠤᠷᠢᠭᠤᠯ ᠵᠠᠮ ᠬᠦᠷᠬᠦ ᠵᠠᠯᠭᠠᠯᠲᠠ ᠶᠢᠨ ᠱᠤᠭᠤᠮ ᠤᠨ ᠢᠨᠵᠧᠨᠧᠷᠢᠩ ᠢ ᠡᠬᠢᠯᠡᠬᠦᠯᠵᠦ᠂ ᠬᠦᠨᠳᠦ ᠲᠡᠭᠡᠭᠡᠪᠦᠷᠢ ᠶᠢᠨ ᠮᠠᠰᠢᠨ ᠲᠡᠷᠭᠡ ᠶᠢᠨ ᠲᠡᠭᠡᠭᠡᠪᠦᠷᠢ ᠶᠢᠨ ᠵᠠᠮ ᠤᠨ | ᠵᠠᠢ ᠶᠢ ᠪᠤᠭᠤᠨᠢᠰᠬᠠᠨ᠂ ᠲᠡᠭᠡᠭᠡᠪᠦᠷᠢ ᠶᠢᠨ ᠦᠪᠡᠷ ᠤᠨ ᠦᠷᠲᠡᠭ ᠢ ᠪᠠᠭᠤᠷᠠᠭᠤᠯᠤᠨ᠎ᠠ᠃ ᠠᠯᠳᠠᠨᠰᠢᠷᠡᠭᠡ ᠪᠠᠯᠭᠠᠰᠤ ᠠᠴᠠ ᠱᠧᠩ ᠶᠤᠸᠠᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠬᠦᠷᠬᠦ ᠵᠠᠮ ᠤᠨ ᠢᠨᠵᠧᠨᠧᠷᠢᠩ ᠢ ᠡᠬᠢᠯᠡᠬᠦᠯᠵᠦ᠂ ᠠᠴᠢᠶ᠎ᠠ ᠪᠤᠯᠤᠨ ᠰᠠᠭᠤᠳᠠᠯ ᠤᠨ ᠮᠠᠰᠢᠨ ᠤ ᠵᠠᠮ ᠬᠤᠪᠢᠶᠠᠨ᠂ ᠲᠦᠷᠭᠡᠨ | ᠨᠡᠪᠳᠡᠷᠡᠬᠦ ᠶᠢ ᠪᠡᠶᠡᠯᠡᠬᠦᠯᠵᠦ᠂ ᠵᠠᠮ ᠤᠨ ᠲᠣᠣᠷ ᠤᠨ ᠪᠦᠳᠦᠴᠡ ᠶᠢ ᠤᠯᠠᠮ ᠰᠢᠯᠢᠳᠡᠭᠵᠢᠬᠦᠯᠵᠦ᠂ ᠨᠡᠩ ᠳᠥᠭᠦᠮ ᠳᠥᠲᠡ ᠦᠨᠳᠦᠷ ᠠᠰᠢᠭᠯᠠᠮᠵᠢ ᠲᠠᠢ ᠵᠠᠮ | ᠬᠠᠷᠢᠯᠴᠠᠭᠠᠨ ᠤ ᠲᠣᠣᠷ ᠰᠦᠯᠵᠢᠶ᠎ᠡ ᠶᠢ ᠪᠦᠷᠢᠯᠳᠦᠬᠦᠯᠦᠨ᠎ᠡ᠃ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠦ ᠡᠳ᠋ ᠬᠦᠷᠦᠩᠬᠡ | ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠡᠬᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠬᠥᠯᠥᠰᠥ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠦᠷᠢᠮ ᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠲᠣᠣᠷ᠎ᠠ ᠦᠷ᠎ᠡ ᠪᠦᠲᠦᠮᠵᠢ ᠥᠬᠡᠶ ᠡᠳ᠋ ᠬᠥᠷᠥᠩᠭᠡ | ᠵᠢᠴᠢ ᠠᠪᠴᠠᠭ᠎ᠠ ᠥᠭᠴᠡᠭᠡ ᠶᠢ ᠰᠠᠯᠭᠠᠨ ᠰᠢᠢᠳᠪᠦᠷᠢᠯᠡᠬᠦ ᠶᠢ ᠲᠦᠷᠭᠡᠳᠭᠡᠵᠦ᠂ ᠴᠢᠨᠠᠷ ᠰᠠᠶᠢᠲᠠᠶ ᠪᠠᠶᠢᠯᠳᠤᠬᠤ ᠪᠣᠳᠣᠯᠭ᠎ᠠ ᠶᠢᠨ ᠪᠠᠯᠠ ᠤᠷᠤᠭᠤᠯᠤᠯᠲᠠ ᠶᠢᠨ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠮᠧᠩ ᠰᠢ ᠵᠧᠩ ᠾᠧ᠂ ᠵᠢᠦ ᠲᠠᠢ ᠢᠯᠴᠢ ᠶᠢᠨ ᠬᠦᠴᠦᠨ ᠵᠡᠷᠭᠡ ᠺᠣᠮᠫᠠᠨᠢ ᠶᠢᠨ ᠬᠤᠯᠢᠮᠠᠭ ᠥᠮᠴᠢᠯᠡᠯ ᠤᠨ ᠪᠠᠶᠢᠭᠤᠯᠤᠯ ᠤᠨ | ᠥᠭᠡᠷᠡᠴᠢᠯᠡᠯᠲᠡ ᠳᠤ ᠣᠷᠣᠯᠴᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠪᠠ ᠰᠢᠨ᠎ᠡ ᠶᠢ ᠡᠭᠦᠳᠬᠦ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠬᠤᠰᠢᠭᠤ ᠪᠣᠯᠣᠨ ᠪᠠᠯᠭᠠᠰᠤᠨ ᠤ ᠱᠠᠲᠤ᠂ ᠬᠦᠷᠢᠶᠡᠯᠡᠩ ᠲᠣᠭᠤᠷᠢᠭ ᠤᠨ ᠣᠷᠣᠯᠭ᠎ᠠ ᠶᠢᠨ ᠬᠤᠪᠢᠳᠠᠯ ᠤᠨ ᠬᠠᠷᠢᠴᠠᠯ ᠢ ᠵᠦᠶ ᠵᠣᠬᠢᠰᠲᠠᠶ ᠲᠣᠬᠢᠷᠠᠭᠤᠯᠵᠤ᠂ ᠡᠯ᠎ᠡ | ᠱᠠᠲᠤᠨ ᠤ ᠭᠠᠶᠢᠯᠢ ᠶᠢᠨ ᠢᠷᠡᠯᠲᠡ ᠶᠢ ᠪᠤᠶᠢᠵᠢᠭᠤᠯᠬᠤ᠂ ᠵᠠᠷᠤᠯᠭ᠎ᠠ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠢᠳᠡᠪᠬᠢᠵᠢᠯ ᠢ ᠬᠦᠢᠴᠡᠳ ᠲᠠᠶᠢᠴᠢᠯᠠᠨ᠎ᠠ᠃ | ᠮᠥᠩᠭᠦᠨ ᠬᠦᠢᠯᠭᠡᠭᠡᠨ ᠤ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠣᠷᠣᠨ ᠨᠤᠲᠤᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠺᠣᠮᠫᠠᠨᠢ ᠪᠠᠶᠢᠭᠤᠯᠵᠤ᠂ ᠮᠥᠩᠭᠦᠨ ᠬᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢ | ᠲᠤᠳᠤᠯᠠᠬᠤ᠂ ᠬᠠᠮᠳᠤ ᠶᠢᠨ ᠡᠳ᠋ ᠬᠥᠷᠥᠩᠭᠡ ᠶᠢ ᠬᠤᠪᠢ ᠪᠠᠷ ᠨᠤᠭᠤᠯᠤᠨ ᠪᠣᠳᠣᠵᠤ ᠬᠡᠮᠵᠢᠶᠡᠵᠢᠭᠦᠯᠬᠦ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ | ᠥᠷᠨᠢᠭᠦᠯᠵᠦ᠂ ᠡᠯ᠎ᠡ ᠲᠥᠷᠥᠯ ᠤᠨ ᠬᠦᠴᠦᠨ ᠵᠦᠢᠯ ᠤᠨ ᠳᠠᠯᠳᠠ ᠴᠢᠳᠠᠪᠦᠷᠢ ᠶᠢ ᠬᠥᠭᠵᠢᠭᠡᠵᠦ᠂ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠵᠤ᠂ | ᠪᠡᠯᠡ ᠮᠦᠩᠬᠦ ᠶᠢ ᠬᠤᠪᠢᠴᠠᠭ᠎ᠠ ᠮᠦᠩᠬᠦ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ ᠢ ᠬᠤᠪᠢᠴᠠᠭᠠᠲᠠᠨ ᠪᠣᠯᠭᠠᠨ ᠬᠤᠪᠢᠷᠠᠭᠤᠯᠤᠨ᠎ᠠ᠃ | ︵ᠳᠥᠷᠪᠡ︶ ᠠᠮᠢ ᠠᠬᠤᠶ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠡᠷᠡᠰ ᠰᠠᠶᠢᠲᠤᠷ ᠰᠠᠬᠢᠨ ᠬᠠᠮᠠᠭᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ | ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠡᠵᠡᠨ ᠬᠤᠷᠤᠭ᠎ᠠ ᠬᠠᠯᠬᠠᠪᠴᠢ ᠶᠢ ᠪᠠᠬᠢᠵᠢᠭᠦᠯᠦᠨ᠎ᠡ᠃ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠯᠲᠠ ᠶᠢ ᠦᠷᠬᠦᠯᠵᠢᠯᠡᠨ ᠴᠢᠩᠭᠠᠷᠠᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠶ ᠶᠢᠨ | ᠬᠠᠮᠠᠭᠠᠯᠠᠯᠲᠠ ᠪᠠ ᠰᠡᠷᠭᠦᠭᠡᠯᠲᠡ ᠶᠢ ᠰᠠᠶᠢᠲᠤᠷ ᠠᠳᠬᠤᠵᠤ᠂ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢ ᠲᠦᠷᠭᠡᠳᠭᠡᠨ | ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠮᠠᠭᠤᠳᠠᠭᠰᠠᠨ ᠤᠢ ᠰᠢᠭᠤᠶ ᠶᠢ ᠬᠤᠪᠢᠶᠠᠨ ᠰᠡᠷᠭᠦᠭᠡᠬᠦ᠂ ᠨᠦᠯᠦᠮᠡᠯ ᠭᠠᠵᠠᠷ ᠤᠨ ᠬᠠᠰᠢᠯᠭ᠎ᠠ ᠶᠢ ᠪᠠᠬᠢᠯᠡᠬᠦ | ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 2.5 ᠲᠦᠮᠡᠨ ᠮᠦ ᠨᠣᠭᠤᠭᠠᠷᠠᠭᠤᠯᠤᠨ ᠣᠶᠢᠵᠢᠭᠤᠯᠬᠤ᠂ 15.5 ᠮᠦ ᠮᠠᠭᠤᠳᠠᠭᠰᠠᠨ | ᠤᠢ ᠰᠢᠭᠤᠶ ᠶᠢ ᠬᠤᠪᠢᠶᠠᠨ ᠵᠠᠰᠠᠨ ᠰᠡᠷᠭᠦᠭᠡᠬᠦ ᠪᠠ ᠳᠤᠮᠳᠠ ᠨᠢᠯᠬ᠎ᠠ ᠤᠢ ᠶᠢ ᠠᠷᠠᠴᠢᠯᠠᠨ ᠪᠣᠶᠢᠵᠢᠭᠤᠯᠬᠤ᠂ 16 ᠲᠦᠮᠡᠨ ᠮᠦ ᠡᠪᠡᠰᠦ ᠲᠠᠷᠢᠬᠤ᠂ 5 ᠲᠦᠮᠡᠨ ᠮᠦ | ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠨᠤᠭᠤᠭᠠᠷᠠᠭᠤᠯᠤᠨ ᠭᠤᠶᠣᠵᠢᠭᠤᠯᠬᠤ ᠠᠵᠢᠯᠯᠠᠭ᠎ᠠ ᠶᠢ ᠥᠷᠨᠢᠭᠦᠯᠵᠦ᠂ | 1 ᠤᠯᠤᠰ ᠤᠨ ᠲᠠᠰ ᠤᠨ ᠣᠶ ᠰᠢᠭᠤᠶᠢᠲᠤ ᠬᠥᠳᠡᠭᠡ ᠲᠣᠰᠬᠤᠨ᠂ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠶᠢᠲᠤ ᠬᠥᠳᠡᠭᠡ ᠲᠣᠰᠬᠤᠨ᠂ 28 | ᠬᠤᠲᠠ ᠶᠢᠨ ᠲᠠᠰ ᠤᠨ ᠨᠣᠭᠤᠭᠠᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠲᠣᠰᠬᠤᠨ ᠢ ᠡᠭᠦᠳᠦᠨ ᠪᠠᠶᠢᠭᠤᠯᠤᠨ᠎ᠠ᠃ ᠠᠭᠤᠷᠬᠠᠢ ᠶᠢᠨ ᠣᠷᠣᠨ ᠤ ᠠᠮᠢ | ᠠᠬᠤᠢ ᠶᠢᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ | ᠮᠦᠩᠬᠦ ᠶᠢ ᠨᠢᠭᠡᠳᠦᠯᠳᠡᠢ ᠲᠦᠯᠦᠪᠯᠡᠨ ᠬᠡᠷᠡᠭᠯᠡᠵᠦ᠂ ᠨᠡᠭᠦᠷᠡᠰᠦ ᠮᠠᠯᠲᠠᠭᠠᠳ ᠴᠦᠮᠦᠷᠡᠭᠰᠡᠨ ᠣᠷᠣᠨ ᠤ ᠵᠠᠰᠠᠯᠳᠠ ᠶᠢ 5.7 ᠲᠦᠮᠡᠨ ᠮᠦ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 14 ᠪᠠᠶᠢᠭᠤᠯᠤᠨ᠎ᠠ᠃ ︽ᠵᠡᠬᠦᠨ ᠤ ᠤᠰᠤ ᠶᠢ ᠪᠠᠷᠠᠭᠤᠨᠰᠢ ᠲᠠᠲᠠᠬᠤ︾ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠵᠦ᠂ ᠱᠧᠨ ᠳ᠋ᠦᠩ ᠨᠡᠭᠦᠷᠡᠰᠤᠨ ᠪᠦᠯᠦᠭᠯᠡᠯ ᠤᠨ ᠨᠡᠭᠦᠷᠡᠰᠦᠨ ᠠᠭᠤᠷᠬᠠᠶ ᠪᠣᠯᠤᠨ ᠰᠢᠷᠬᠤᠰᠤ᠂ ᠮᠠ ᠲᠠᠢ ᠬᠤᠣ ᠵᠡᠷᠭᠡ ᠨᠡᠭᠦᠷᠡᠰᠦᠨ | ᠠᠭᠤᠷᠬᠠᠢ ᠶᠢᠨ ᠨᠡᠬᠦᠷᠡᠰᠦᠨ ᠲᠠᠪᠬᠤᠷᠭ᠎ᠠ ᠶᠢᠨ ᠪᠣᠬᠢᠷ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠡᠮᠬᠢ ᠵᠢᠷᠤᠮ ᠲᠠᠢ ᠪᠠᠷ ᠠᠬᠢᠭᠤᠯᠵᠤ᠂ ᠵᠢᠯ ᠳᠤ ᠤᠰᠤ | ᠬᠠᠩᠭᠠᠬᠤ ᠬᠡᠮᠵᠢᠶ᠎ᠡ ᠶᠢ 3650 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠵᠦ᠂ ᠠᠮᠢ ᠠᠬᠤᠢ ᠶᠢᠨ ᠨᠦᠬᠦᠪᠦᠷᠢ ᠤᠰᠤ ᠬᠡᠷᠡᠭᠯᠡᠬᠦ ᠪᠠᠷ | ᠲᠠᠮᠵᠢᠨ ︽ᠲᠤᠯᠤᠭᠠᠨ ᠨᠠᠭᠤᠷ ᠨᠠᠢᠮᠠᠨ ᠴᠦᠬᠦᠷᠦᠮ︾ ᠲᠠᠢ ᠰᠠᠶᠢᠬᠠᠨ ᠠᠮᠢ ᠠᠬᠤᠢ ᠶᠢᠨ ᠦᠵᠡᠮᠵᠢ ᠶᠢ ᠪᠦᠷᠢᠳᠦᠬᠦᠯᠦᠨ᠎ᠡ᠃ | ᠪᠣᠬᠢᠷᠲᠤᠯ ᠦᠭᠡᠢ ᠠᠮᠢ ᠠᠬᠤᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠪᠦᠬᠦ ᠤᠯᠤᠰ ᠤᠨ ᠨᠡᠭᠦᠷᠡᠰᠦ ᠮᠠᠯᠳᠠᠭᠠᠳ ᠴᠦᠮᠦᠷᠦᠭᠰᠡᠨ ᠣᠷᠣᠨ ᠤ ᠠᠮᠢ | ᠠᠬᠤᠢ ᠶᠢᠨ ᠰᠡᠷᠬᠦᠭᠡᠨ ᠵᠠᠰᠠᠭᠰᠠᠨ ᠵᠢᠱᠢᠶ᠎ᠡ ᠦᠵᠡᠭᠦᠯᠬᠦ ᠣᠷᠣᠨ ᠪᠠ ᠣᠶᠣᠨᠲᠤ ᠬᠡᠷᠡᠯᠯᠢᠭ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠦᠳᠦᠭᠡᠨ | ᠪᠠᠶᠢᠭᠤᠯᠬᠤ ᠲᠣᠭᠤᠷᠢᠨ ᠳᠤ᠂ ᠪᠣᠬᠢᠷᠲᠤᠯ ᠥᠬᠡᠶ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠭᠡᠨ᠂ ᠠᠵᠤ ᠦᠢᠯᠡᠰ ᠠᠮᠢ | ᠠᠬᠤᠶᠢᠴᠢᠯᠠᠵᠤ᠂ ᠠᠮᠢ ᠠᠬᠤᠶ ᠠᠵᠤ ᠦᠢᠯᠡᠰᠵᠢᠬᠦ ᠶᠢ ᠠᠬᠢᠭᠤᠯᠤᠨ᠎ᠠ᠃ ᠴᠢᠩᠭᠢᠰ ᠬᠠᠭᠠᠨ ᠤ ᠤᠯᠤᠰ ᠤᠨ ᠣᠢ ᠰᠢᠭᠤᠢ ᠶᠢᠨ ᠴᠡᠴᠡᠷᠯᠢᠭ ᠤᠨ 6 ᠲᠡᠭᠰᠢ | ᠲᠦᠷᠪᠡᠯᠵᠢᠨ ᠺᠢᠯᠤᠮᠧᠲᠷ ᠤᠨ ᠭᠤᠣᠯ ᠦᠵᠡᠮᠵᠢ ᠶᠢᠨ ᠣᠷᠣᠨ ᠢ ᠪᠠᠶᠢᠭᠤᠯᠵᠤ᠂ ᠣᠢ ᠰᠢᠭᠤᠢ ᠲᠤᠳᠤᠷ᠎ᠠ ᠲᠡᠵᠢᠬᠡᠪᠦᠷᠢ ᠬᠢᠬᠦ᠂ ᠦᠵᠡᠮᠦᠷᠢ ᠶᠢᠨ ᠴᠡᠴᠡᠷᠯᠢᠭ | ᠭᠠᠷᠭᠠᠬᠤ ᠵᠡᠷᠭᠡ ᠠᠮᠢ ᠠᠬᠤᠢ ᠶᠢᠨ ᠠᠵᠤ ᠠᠬᠤᠢ ᠶᠢ ᠬᠦᠭᠵᠢᠬᠦᠯᠦᠨ᠎ᠡ᠃ ᠣᠶ ᠰᠢᠭᠤᠶ ᠡᠯᠡᠰᠦᠨ ᠤ ᠡᠬᠢ ᠪᠠᠶᠠᠯᠢᠭ ᠲᠤ ᠲᠦᠰᠢᠭᠯᠡᠨ᠂ ᠪᠤᠷᠭᠠᠰᠤ᠂ ᠴᠢᠴᠠᠷᠭᠠᠨ᠎ᠠ | ᠵᠡᠷᠭᠡ ᠤᠨᠴᠠᠯᠢᠬᠳᠤ ᠣᠶ ᠰᠢᠭᠤᠶ ᠶᠢᠨ ᠡᠯᠡᠰᠦᠨ ᠤ ᠠᠵᠤ ᠦᠢᠯᠡᠰ ᠢ ᠬᠦᠭᠵᠢᠬᠦᠯᠵᠦ᠂ ᠪᠤᠷᠭᠠᠰᠤ ᠮᠤᠳᠤᠨ ᠤ ᠪᠤᠬᠢᠷᠳᠤᠯ ᠦᠬᠡᠢ ᠮᠠᠲ᠋ᠧᠷᠢᠶᠠᠯ ᠤᠨ ᠲᠦᠷᠦᠯ | ᠵᠦᠢᠯ ᠤᠨ ᠪᠠᠶᠢᠭᠤᠯᠤᠯᠲᠠ ᠶᠢ ᠲᠦᠷᠭᠡᠳᠭᠡᠵᠦ᠂ ᠪᠤᠷᠭᠠᠰᠤ ᠮᠤᠳᠤᠨ ᠤ ᠮᠠᠲ᠋ᠧᠷᠢᠶᠠᠯ᠂ ᠮᠧᠬᠠᠨᠢᠭᠵᠢᠭᠰᠠᠨ ᠮᠤᠳᠤᠨ ᠪᠦᠳᠦᠴᠡ ᠦᠢᠯᠡᠳᠪᠦᠷᠢᠯᠡᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠪᠠᠲᠤ ᠶᠢᠨ ᠲᠤᠬᠤᠢ ᠶᠢᠨ ᠨᠢᠭᠡᠳᠦᠭᠡᠷ ᠬᠤᠭᠤᠴᠠᠭᠠᠨ ᠤ 50 ᠲᠦᠮᠡᠨ ᠺᠢᠯᠣᠸᠠᠲ ᠤᠨ ︽ᠠᠮᠢ ᠠᠬᠤᠢ ᠶᠢᠨ ᠰᠡᠷᠬᠦᠭᠡᠯᠲᠡ + ᠬᠡᠷᠡᠯᠯᠢᠭ︾ | ᠴᠠᠬᠢᠯᠭᠠᠨ ᠭᠠᠷᠭᠠᠬᠤ ᠲᠥᠷᠥᠯ ᠵᠦᠢᠯ ᠢ ᠬᠡᠷᠡᠭᠵᠢᠭᠦᠯᠵᠦ᠂ 4.2 ᠲᠦᠮᠡᠨ ᠮᠦ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠨ ᠬᠡᠷᠡᠭᠯᠡᠯᠲᠡ ᠳᠤ ᠣᠷᠣᠭᠤᠯᠵᠤ᠂ | ᠲᠠᠷᠢᠶᠠᠯᠠᠩ ᠣᠢ ᠰᠢᠭᠤᠢ ᠶᠢᠨ ᠬᠡᠷᠡᠯᠯᠢᠭ ᠢ ᠠᠰᠢᠭᠯᠠᠬᠤ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠢ | ᠲᠠᠲᠠᠨ ᠠᠪᠴᠢᠷᠠᠨ ᠠᠵᠤ ᠦᠢᠯᠡᠰ ᠤᠨ ᠦᠷ᠎ᠡ ᠠᠰᠢᠭ ᠢ ᠡᠳ᠋ᠯᠡᠬᠦᠯᠵᠦ᠂ ᠠᠮᠢ ᠠᠬᠤᠢ ᠪᠠ ᠠᠵᠤ ᠠᠮᠢᠳᠤᠷᠠᠯ ᠢ ᠬᠠᠮᠳᠤ ᠳᠤᠨᠢ ᠬᠠᠷᠠᠭᠠᠯᠵᠠᠨ᠂ ᠵᠠᠰᠠᠬᠤ ᠪᠠᠶᠠᠵᠢᠬᠤ | ᠬᠤᠣᠰ ᠠᠮᠵᠢᠯᠲᠠ ᠤᠯᠬᠤ ᠶᠢ ᠪᠡᠶᠡᠯᠡᠬᠦᠯᠵᠦ᠂ ᠮᠠᠯᠴᠢᠨ ᠲᠠᠷᠢᠶᠠᠴᠢᠳ ᠤᠨ ︽ᠵᠢᠷᠭᠠᠯᠲᠤ ᠠᠮᠢᠳᠤᠷᠠᠯ ᠤᠨ ᠲᠠᠩᠰᠠᠨ︾ ᠳᠤ ᠨᠡᠩ ᠣᠯᠠᠨ ︽ᠪᠤᠬᠢᠷᠳᠤᠯ ᠦᠬᠡᠢ | ᠣᠷᠣᠯᠭ᠎ᠠ︾ ᠶᠢ ᠨᠡᠮᠡᠭᠳᠡᠬᠦᠯᠦᠨ᠎ᠡ᠃ | ᠠᠮᠢ ᠠᠬᠤᠶ ᠶᠢᠨ ᠬᠠᠮᠠᠭᠠᠯᠠᠯᠲᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂ ᠠᠮᠢ ᠠᠬᠤᠢ ᠶᠢ ᠬᠠᠮᠠᠭᠠᠯᠠᠬᠤ᠂ ᠲᠠᠷᠢᠶᠠᠨ ᠭᠠᠵᠠᠷ ᠪᠠ ᠬᠤᠲᠠ ᠪᠠᠯᠠᠭᠠᠰᠤᠨ ᠤ ᠨᠡᠭᠡᠭᠡᠯᠲᠡ ᠶᠢᠨ | ᠵᠠᠭᠠᠭ ᠤᠨ ᠭᠤᠷᠪᠠᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ | ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠵᠦ᠂ ᠲᠦᠷᠦᠯ ᠵᠦᠢᠯ ᠢ ᠤᠷᠤᠭᠤᠯᠬᠤ ᠳᠤ ᠴᠢᠩᠭ᠎ᠠ ᠬᠢᠨᠠᠵᠤ᠂ ︽ᠬᠤᠳᠠᠯᠳᠤᠭᠠᠴᠢᠨ ᠤᠷᠢᠵᠦ ᠪᠡᠯᠡ | ᠤᠷᠤᠭᠤᠯᠬᠤ ᠵᠢᠴᠢ ᠲᠦᠷᠦᠯ ᠵᠦᠢᠯ ᠳᠤ ᠪᠡᠯᠡ ᠤᠷᠤᠭᠤᠯᠬᠤ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠠᠵᠠᠭᠠᠢ ᠨᠦᠯᠦᠬᠡ ᠲᠠᠢ ᠠᠵᠤ ᠠᠬᠤᠶᠢᠯᠠᠯ ᠤᠨ | ᠵᠢᠭᠰᠠᠭᠠᠯᠳᠠ︾ ᠶᠢ ᠲᠤᠭᠳᠠᠭᠠᠵᠤ᠂ ᠪᠣᠬᠢᠷᠳᠣᠯ ᠶᠡᠭᠡ᠂ ᠢᠯᠭᠠᠷᠠᠭᠤᠯᠤᠯ ᠶᠡᠭᠡ ᠲᠦᠷᠦᠯ ᠵᠦᠢᠯ ᠢ ᠣᠷᠣᠠᠰᠢᠭᠤᠯᠬᠤ ᠶᠢ ᠡᠷᠡᠰ ᠬᠤᠷᠢᠭᠯᠠᠨ᠎ᠠ᠃ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ︽ᠨᠠᠷᠠᠲᠠᠶ︾ ᠪᠠᠶᠢᠭᠰᠠᠨ ᠠᠴᠠ ︽ᠪᠣᠳᠠᠲᠠᠶ︾ ᠪᠣᠯᠭᠠᠨ ᠬᠤᠪᠢᠷᠠᠭᠤᠯᠵᠤ᠂ ᠤᠰᠤᠨ ᠣᠷᠣᠨ ᠤ ᠡᠷᠭᠢ ᠶᠢᠨ | ᠱᠤᠭᠤᠮ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠪᠠᠷ ᠪᠠᠶᠢᠳᠠᠯ ᠢ ᠴᠡᠪᠡᠷᠯᠡᠬᠦ︾ | ᠠᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ︽ᠮᠦᠷᠡᠨ ᠨᠢ ᠤᠷᠤᠰᠬᠠᠯ ᠲᠠᠢ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ︾ ᠡᠷᠡᠬᠦᠯ ᠡᠩᠬᠡ | ᠦᠵᠡᠰᠬᠦᠯᠡᠩᠲᠦ ᠰᠠᠶᠢᠬᠠᠨ ᠭᠤᠣᠯ ᠮᠥᠷᠡᠨ ᠲᠠᠢ ᠪᠣᠯᠭᠠᠨ᠎ᠠ᠃ ᠠᠭᠤᠷᠬᠠᠢ ᠶᠢᠨ ᠣᠷᠣᠨ ᠤ ᠠᠷᠠᠳ ᠢ ᠲᠥᠪᠬᠢᠨᠡᠭᠦᠯᠬᠦ ᠨᠥᠬᠦᠪᠥᠷᠢ ᠶᠢᠨ ᠠᠷᠭ᠎ᠠ ᠳᠤ ᠵᠠᠰᠠᠪᠤᠷᠢ | ᠣᠷᠣᠭᠤᠯᠵᠤ ᠤᠯᠠᠮ ᠲᠡᠬᠦᠯᠳᠡᠷᠵᠢᠬᠦᠯᠦᠨ᠂ ᠵᠠᠪᠳᠤᠨ ᠵᠠᠶᠢᠯᠠᠬᠤ᠂ ᠵᠠᠪᠳᠤᠨ ᠲᠠᠷᠢᠬᠤ᠂ ᠳᠤᠷ᠎ᠠ ᠪᠠᠷ ᠢᠶᠠᠨ ᠪᠠᠷᠢᠵᠤ ᠵᠠᠰᠠᠬᠤ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦᠷᠦᠩᠭᠡ ᠶᠢ ᠬᠢᠨᠠᠨ ᠪᠤᠳᠤᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠨᠥᠬᠦᠪᠥᠷᠢ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠤᠨ | ᠲᠥᠯᠥᠪᠦᠷᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠡᠬᠢ ᠡᠬᠦᠰᠦᠯ ᠠᠴᠠ ᠰᠡᠷᠭᠡᠶᠢᠯᠡᠬᠦ᠂ ᠶᠠᠪᠤᠴᠠ ᠶᠢ ᠬᠢᠵᠠᠭᠠᠷᠯᠠᠨ ᠡᠵᠡᠮᠳᠡᠬᠦ᠂ ᠬᠠᠷᠢᠭᠤᠴᠠᠯᠭ᠎ᠠ ᠨᠡᠬᠡᠮᠵᠢᠯᠡᠬᠦ ᠠᠮᠢ | ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠲᠠᠪᠤ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠳᠤᠬᠢᠴᠢᠯᠠᠭᠰᠠᠨ ᠣᠷᠣᠰᠢᠨ ᠰᠠᠭᠤᠬᠤ ᠳᠤ | ᠲᠣᠬᠢᠷᠠᠮᠵᠢᠲᠠᠶ ᠴᠢᠨᠠᠷ ᠰᠠᠶᠢᠲᠠᠶ ᠬᠤᠲᠠ ᠶᠢ ᠪᠠᠶᠢᠭᠤᠯᠤᠨ᠎ᠠ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠣᠶᠢᠯᠠᠭᠠᠭᠳᠠᠬᠤᠨ ᠢ ᠪᠠᠷᠢᠮᠳᠠᠯᠠᠵᠦ᠂ ᠳᠤᠳᠠᠭᠳᠠᠯ ᠢ ᠨᠥᠬᠦᠪᠥᠷᠢᠯᠡᠵᠦ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢ | ᠨᠠᠩ ᠦᠵᠡᠰᠬᠦᠯᠡᠩᠲᠦ ᠰᠠᠶᠢᠬᠠᠨ ᠮᠦᠷᠳᠡᠭᠡᠨ ᠲᠠᠭᠠᠯᠠᠮᠵᠢᠲᠠᠢ ᠪᠣᠯᠭᠠᠨ᠎ᠠ᠃ | ᠬᠤᠲᠠ ᠶᠢᠨ ᠴᠢᠳᠠᠮᠵᠢ ᠶᠢᠨ ᠲᠤᠳᠠᠭᠳᠠᠯ ᠢ ᠬᠦᠴᠦᠯᠡᠨ ᠨᠥᠬᠦᠪᠥᠷᠢᠯᠡᠨ᠎ᠡ᠃ ᠠᠷᠠᠳ ᠤᠯᠠᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠬᠤ ᠬᠦᠰᠡᠯ | ᠱᠠᠭᠠᠷᠳᠠᠯᠭ᠎ᠠ ᠳᠤ ᠴᠢᠭᠯᠡᠬᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠵᠦ ᠂ | ᠡᠯ᠎ᠡ ᠪᠠᠯᠭᠠᠰᠤᠨ ᠲᠣᠭᠤᠷᠢᠭ ᠤᠨ ᠰᠠᠭᠤᠭ᠎ᠠ ᠭᠠᠵᠠᠷ ᠢ ᠬᠤᠭᠤᠴᠠᠭ᠎ᠠ ᠬᠤᠪᠢᠶᠠᠵᠦ ᠦᠭᠡᠷᠡᠴᠢᠯᠡᠨ ᠰᠠᠶᠢᠵᠢᠷᠠᠭᠤᠯᠤᠯᠲᠠ ᠬᠢᠬᠦ ᠶᠢ ᠲᠡᠮᠵᠢᠨ᠎ᠡ᠃ ᠨᠡᠶᠢᠲᠡ ᠶᠢᠨ ᠵᠣᠷᠯᠣᠩ | ᠂ ᠲᠡᠷᠭᠡᠨ ᠵᠣᠭᠰᠣᠭᠠᠯ ᠵᠡᠷᠭᠡ ᠠᠷᠠᠳ ᠲᠤ ᠲᠦᠬᠦᠮ ᠦᠵᠡᠬᠦᠯᠬᠦ ᠲᠦᠬᠦᠬᠡᠷᠦᠮᠵᠢ ᠶᠢ ᠦᠷᠬᠦᠯᠵᠢᠯᠡᠨ ᠲᠡᠬᠦᠯᠳᠡᠷᠵᠢᠬᠦᠯᠵᠦ᠂ ᠮᠠᠰᠢᠨ ᠲᠡᠷᠭᠡᠨ ᠤ ᠬᠤᠲᠠ ᠶᠢᠨ ᠢᠯᠴᠢ | ᠬᠠᠩᠭᠠᠬᠤ ᠬᠤᠭᠤᠯᠠᠢ ᠶᠢ ᠦᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ᠤᠯᠠᠭᠠᠨᠮᠦ᠋ᠷᠡᠨ ᠭᠤᠣᠯ ᠤᠨ ᠭᠤᠷᠪᠠᠳᠤᠭᠠᠷ ᠬᠥᠭᠦᠷᠭᠡ ᠶᠢᠨ ᠠᠮᠵᠢᠯᠳᠠ ᠲᠠᠢ | ᠲᠡᠷᠬᠡ ᠨᠡᠪᠳᠡᠷᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠡᠩ ᠲᠦᠭᠦᠮ ᠲᠦᠳᠡ᠂ ᠲᠠᠭᠠᠯᠠᠮᠵᠢᠳᠠᠢ ᠪᠣᠯᠭᠠᠨ᠎ᠠ᠃ ᠵᠡᠭᠦᠨ ᠦᠵᠦᠮᠦᠴᠢᠨ ᠲᠡᠮᠦᠷ | ᠵᠠᠮ ᠤᠨ ᠱᠤᠭᠤᠮ ᠪᠠ ᠤᠯᠠᠭᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢ ᠨᠡᠭᠦᠯᠭᠡᠬᠦ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠲᠢᠶᠠᠨ ᠹᠦ᠋ | ᠰᠢᠶᠠᠩ ᠤᠨ ᠬᠡᠰᠡᠭ ᠤᠨ ᠬᠤᠲᠠ ᠶᠢᠨ ᠶᠠᠪᠤᠳᠠᠯ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠴᠠᠭ ᠲᠤᠨᠢ ᠲᠤᠬᠢᠷᠠᠭᠤᠯᠤᠨ ᠠᠬᠢᠭᠤᠯᠵᠤ᠂ ᠬᠠᠳᠠᠭᠠᠯᠠᠨ | ᠦᠯᠡᠳᠡᠭᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠰᠢᠭᠯᠠᠮᠵᠢ ᠪᠠᠷ ᠠᠨᠠᠢ ᠬᠡᠷᠡᠭᠯᠡᠬᠦ ᠭᠠᠵᠠᠷ ᠢ ᠠᠮᠢᠳᠤᠯᠢᠭᠵᠢᠭᠤᠯᠵᠤ᠂ ᠬᠤᠲᠠ ᠶᠢᠨ | ᠬᠥᠭᠵᠢᠯᠲᠡ ᠶᠢᠨ ᠣᠷᠣᠨ ᠵᠠᠶ ᠶᠢ ᠦᠷᠭᠡᠳᠭᠡᠨ᠎ᠡ᠃ ᠱᠦᠢ ᠵᠢᠩ ᠯᠢ ᠴᠸᠡᠭ᠂ ᠢ ᠯᠢ ᠸᠧᠨ ᠯᠠᠨ ᠰᠢᠤᠸᠠᠢ ᠹᠦ᠋ ᠬᠢᠭᠡᠳ ᠤᠯᠠᠭᠠᠨᠨᠠᠭᠤᠷ C᠂ D ᠲᠤᠭᠤᠷᠢᠭ ᠵᠡᠷᠭᠡ | ᠴᠢᠨᠠᠷᠯᠢᠭ ᠣᠷᠣᠨ ᠰᠠᠭᠤᠴᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠲᠠᠸᠠᠷ ᠤᠨ ᠣᠷᠣᠨ ᠰᠠᠭᠤᠴᠠ ᠶᠢᠨ ᠲᠠᠯᠠᠪᠠᠢ ᠶᠢ | ᠰᠢᠨ᠎ᠡ ᠪᠠᠷ 60 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠵᠦ᠂ ᠨᠡᠭᠦᠯᠭᠡᠨ ᠲᠦᠪᠬᠢᠨᠡᠬᠦᠯᠬᠦ᠂ ᠦᠷᠢ ᠦᠭᠴᠡᠭᠡ ᠰᠢᠢᠳᠪᠦᠷᠢᠯᠡᠬᠦ ᠠᠰᠠᠭᠤᠳᠠᠯ ᠪᠠ ᠣᠷᠣᠨ | ᠨᠤᠲᠤᠭ ᠲᠤ ᠰᠠᠭᠤᠭ᠎ᠠ ᠠᠵᠤ ᠠᠬᠤᠶᠢᠯᠠᠯ ᠤᠨ ᠠᠵᠢᠯᠲᠠᠨ ᠤ ᠱᠠᠭᠠᠷᠳᠠᠯᠭ᠎ᠠ᠂ ᠬᠤᠲᠠ ᠶᠢᠨ ᠠᠷᠠᠳ ᠤᠨ ᠡᠷᠬᠡᠪᠰᠢ ᠱᠠᠭᠠᠷᠳᠠᠬᠤ ᠣᠷᠣᠨ ᠰᠠᠭᠤᠴᠠ ᠶᠢᠨ | ᠬᠡᠷᠡᠭᠴᠡᠭᠡ ᠳᠤ ᠨᠢᠭᠡᠳᠦᠯᠳᠡᠢ ᠬᠡᠷᠡᠭᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠬᠡᠪᠴᠢᠶᠡᠨ ᠳᠠᠬᠢ ᠦᠯᠡᠳᠡᠭᠳᠡᠯ ᠠᠰᠠᠭᠤᠳᠠᠯ ᠢ ᠪᠦᠬᠦ | ᠬᠦᠴᠦᠨ ᠢᠶᠠᠷ ᠪᠠᠨ ᠰᠢᠢᠳᠪᠦᠷᠢᠯᠡᠵᠦ᠂ ᠱᠦᠢ ᠲᠢᠶᠠᠨ ᠶᠢᠨ ᠰᠢᠦ᠂ ᠨᠡᠬᠦᠳᠡᠯ ᠬᠤᠯᠪᠣᠭᠠᠨ ᠤ ᠲᠣᠮᠣ ᠠᠰᠠᠷ ᠵᠡᠷᠭᠡ 5 ︽ᠲᠤᠲᠠᠭᠤ ᠲᠤᠷᠭᠤᠨ︾ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠤᠨ ᠡᠬᠢ ᠰᠣᠷᠪᠣᠯᠵᠢ ᠶᠢ ᠴᠤᠭᠯᠠᠭᠤᠯᠬᠤ᠂ ᠬᠤᠳᠠᠯᠳᠤᠭ᠎ᠠ ᠪᠤᠯᠭᠠᠨ ᠰᠣᠯᠢᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠠᠯᠳᠠᠨᠰᠢᠷᠡᠭᠡ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠤᠨ ᠦᠯᠡᠳᠡᠵᠦ ᠪᠠᠶᠢᠭ᠎ᠠ 97 ᠡᠷᠦᠬᠡ ᠶᠢ ᠨᠡᠭᠦᠯᠭᠡᠨ | ᠲᠥᠪᠬᠢᠨᠡᠭᠦᠯᠬᠦ ᠪᠠ 95 ᠡᠷᠦᠬᠡ ᠶᠢᠨ ᠪᠤᠭᠤᠨᠢ ᠰᠠᠷᠠᠪᠴᠢᠲᠤ ᠭᠡᠷ ᠤᠨ ᠲᠤᠭᠤᠷᠢᠭ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ︽ᠨᠡᠬᠦᠯᠭᠡᠨ ᠲᠦᠪᠬᠢᠨᠡᠬᠦᠯᠬᠦ | ᠬᠦᠴᠢᠷ︾ ︽ᠣᠷᠣᠨ ᠰᠠᠭᠤᠴᠠ ᠲᠣᠬᠢᠷᠠᠭᠤᠯᠬᠤ ᠬᠦᠴᠢᠷ︾ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠨ᠎ᠡ᠃ | ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠤᠨ᠎ᠠ᠃ ᠪᠠᠶᠢᠭᠠᠯᠢ ᠤᠰᠤ ᠲᠠᠢ ᠣᠶᠢᠷᠠᠳᠤᠭᠰᠠᠨ ᠤᠷᠤᠰᠢᠨ ᠰᠠᠭᠤᠬᠤ ᠳᠤ | ᠲᠠᠭᠠᠯᠠᠮᠵᠢᠳᠠᠢ ᠬᠤᠲᠠ ᠶᠢ ᠪᠠᠶᠢᠭᠤᠯᠬᠤ ᠲᠠᠯ᠎ᠠ ᠠᠴᠠ᠂ ᠬᠠᠭᠠᠨ ᠵᠡᠭᠡᠯᠢ ᠶᠢᠨ ᠡᠮᠦᠨᠡᠬᠢ ᠪᠠᠶᠠᠨ ᠭᠤᠤᠯ ᠤᠨ ᠬᠡᠰᠡᠭ ᠦᠵᠡᠮᠵᠢ ᠶᠢᠨ ᠤᠰᠤᠨ ᠰᠢᠰᠲ᠋ᠧᠮ ᠤᠨ | ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠵᠠᠩᠭᠤᠲᠣ ᠶᠢᠨ ᠭᠤᠣᠯ ᠤᠨ ᠠᠮᠢ ᠠᠬᠤᠶ ᠶᠢᠨ ᠤᠰᠤᠨ ᠰᠢᠰᠲ᠋ᠧᠮ ᠤᠨ ᠺᠠᠶ ᠶᠤᠸᠠᠨ ᠵᠠᠮ ᠤᠨ ᠢᠨᠵᠧᠨᠧᠷᠢᠩ | ᠤᠨ ᠠᠵᠢᠯ ᠲᠠᠭᠤᠰᠬᠠᠵᠤ᠂ ᠵᠡᠬᠦᠨ ᠪᠠᠷᠠᠭᠤᠨ ᠲᠠᠯ᠎ᠠ ᠶᠢᠨ ᠬᠤᠲᠠ ᠲᠤᠭᠤᠷᠢᠭᠰᠠᠨ ᠤᠰᠤᠨ ᠰᠢᠰᠲ᠋ᠧᠮ ᠢ ᠲᠦᠢᠯᠪᠦᠷᠢᠳᠡᠢ ᠨᠡᠪᠳᠡᠷᠡᠬᠦᠯᠵᠦ᠂ ︽ᠪᠦᠬᠦ ᠬᠡᠪᠴᠢᠶᠡᠨ ᠳᠤ | ᠬᠤᠯᠪᠣᠯᠳᠣᠨ ᠤᠷᠤᠰᠬᠠᠯ ᠤᠰᠤ ᠬᠤᠲᠠ ᠶᠢ ᠲᠤᠭᠤᠷᠢᠭᠰᠠᠨ︾ ᠠᠮᠢ ᠠᠬᠤᠢ ᠶᠢᠨ ᠤᠰᠤᠨ ᠰᠢᠰᠲ᠋ᠧᠮ ᠦᠨᠦᠵᠡᠮᠵᠢ ᠶᠢ ᠪᠦᠷᠢᠯᠳᠦᠬᠦᠯᠦᠨ᠎ᠡ᠃ ︽ᠬᠤᠶᠠᠷ ᠱᠤᠭᠤᠮ | ᠂ ᠬᠤᠶᠠᠷ ᠴᠡᠭ᠂ ᠬᠤᠶᠠᠷ ᠢ ᠲᠡᠭᠡᠭᠰᠢᠯᠡᠬᠦᠯᠬᠦ︾ ᠨᠣᠭᠤᠭᠠᠷᠠᠭᠤᠯᠤᠯᠲᠠ ᠶᠢᠨ ᠦᠵᠡᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 20 ᠲᠦᠮᠡᠨ ᠲᠡᠭᠰᠢ ᠲᠦᠷᠪᠡᠯᠵᠢᠨ | ᠮᠧᠲᠷ ᠤᠨ ᠨᠤᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠬᠦᠯᠦᠨ᠎ᠡ᠃ ᠡᠵᠢ ᠴᠡᠴᠡᠷᠯᠢᠭ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠭᠦᠨ | ᠵᠤᠵᠠᠭᠠᠨ ᠰᠣᠶᠣᠯ ᠲᠠᠢ ᠪᠣᠬᠢᠷᠲᠤᠯ ᠥᠬᠡᠶ ᠭᠤᠶᠤ ᠰᠠᠶᠢᠬᠠᠨ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠬᠤᠲᠠ ᠶᠢᠨ ᠠᠷᠠᠳ ᠲᠤ ᠴᠢᠨᠠᠷ ᠰᠠᠶᠢᠲᠠᠶ ᠪᠣᠬᠢᠷᠲᠤᠯ | ᠥᠬᠡᠶ ᠰᠡᠯᠡᠭᠦᠴᠡᠯ ᠠᠮᠢ ᠠᠬᠤᠶ ᠶᠢᠨ ᠣᠷᠣᠨ ᠵᠠᠶ ᠬᠠᠩᠭᠠᠨ᠎ᠠ᠃ ᠬᠤᠲᠠ ᠶᠢᠨ ᠡᠵᠡᠩᠨᠡᠯᠳᠡ ᠶᠢᠨ ᠬᠡᠯᠪᠡᠷᠢ ᠪᠠᠷ ᠲᠠᠮᠵᠢᠨ ᠱᠦᠢ ᠠᠨ ᠰᠢᠨ᠎ᠡ ᠬᠤᠳᠠ ᠶᠢᠨ | ᠬᠤᠲᠠ ᠶᠢᠨ ᠶᠠᠪᠤᠳᠠᠯ ᠤᠨ ᠲᠦᠬᠦᠭᠡᠷᠦᠮᠵᠢ᠂ ᠬᠤᠳᠠᠯᠳᠤᠭ᠎ᠠ ᠶᠢ ᠲᠦᠬᠦᠷᠵᠢᠬᠦᠯᠬᠦ ᠢᠨᠵᠧᠨᠧᠷᠢᠩ ᠢ ᠢᠳᠡᠪᠬᠢᠳᠡᠢ ᠠᠬᠢᠭᠤᠯᠵᠤ᠂ ᠭᠤᠣᠯ ᠴᠡᠴᠡᠷᠯᠢᠭ᠂ ᠰᠤᠷᠭᠠᠭᠤᠯᠢ | ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠬᠦᠯᠳᠡᠷᠵᠢᠬᠦᠯᠵᠦ᠂ ᠱᠦᠢ ᠠᠨ ᠰᠢᠨ᠎ᠡ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠢ ᠪᠠᠶᠢᠭᠤᠯᠬᠤ ᠪᠠᠷ ᠢᠳᠡᠪᠬᠢᠳᠡᠢ ᠴᠢᠷᠮᠠᠶᠢᠵᠤ᠂ ᠱᠦᠢ ᠠᠨ ᠰᠢᠨ᠎ᠡ ᠬᠤᠲᠠ ᠶᠢ ᠳᠦᠬᠦᠮ ᠲᠦᠳᠡ ᠦᠢᠯᠡᠴᠢᠯᠡᠭᠡ ᠲᠠᠢ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠤᠳᠤᠬᠢᠴᠢᠯᠠᠭᠰᠠᠨ ᠠᠮᠢᠳᠤᠷᠠᠯ ᠤᠨ ᠲᠤᠭᠤᠷᠢᠭ ᠪᠣᠯᠭᠠᠨ᠎ᠠ᠃ | ᠬᠤᠲᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠯᠳᠠᠨᠰᠢᠷᠡᠭᠡ ᠪᠠᠯᠭᠠᠰᠤ ᠶᠢᠨ ᠭᠤᠣᠯ ᠬᠤᠲᠠ ᠶᠢᠨ ᠲᠣᠭᠤᠷᠢᠭ ᠢ | ᠨᠠᠷᠢᠯᠢᠭᠵᠢᠭᠤᠯᠤᠨ ᠬᠠᠮᠢᠶᠠᠷᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ᠂ ᠨᠡᠶᠢᠲᠡ ᠶᠢᠨ ᠵᠣᠷᠯᠣᠩ ᠢ | ᠵᠠᠬ᠎ᠠ ᠳᠡᠯᠭᠡᠭᠦᠷᠴᠢᠯᠡᠨ ᠬᠠᠮᠢᠶᠠᠷᠬᠤ ᠬᠡᠯᠪᠡᠷᠢ ᠶᠢ ᠬᠡᠷᠡᠭᠵᠢᠭᠦᠯᠵᠦ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠠᠯᠳᠠᠨᠰᠢᠷᠡᠭᠡ | ᠪᠠᠯᠭᠠᠰᠤ ᠶᠢᠨ ᠭᠤᠣᠯ ᠬᠤᠲᠠ ᠶᠢᠨ ᠲᠣᠭᠤᠷᠢᠭ ᠤᠨ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠣᠶᠤᠨᠴᠢᠯᠠᠭᠰᠠᠨ ᠡᠵᠡᠮᠳᠡᠬᠦ ᠰᠢᠰᠲ᠋ᠧᠮ ᠢ | ᠲᠦᠯᠬᠢᠨ ᠠᠬᠢᠭᠤᠯᠵᠤ᠂ ᠬᠡᠷᠡᠯᠳᠦᠬᠦᠯᠭᠡ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢ 30% ᠠᠴᠠ ᠳᠡᠭᠡᠭᠰᠢ ᠪᠠᠭᠠᠰᠬᠠᠨ᠎ᠠ᠃ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 35 ᠰᠠᠭᠤᠭᠠᠯᠢ ᠲᠣᠭᠤᠷᠢᠭ ᠪᠠ 23 ᠰᠤᠷᠭᠠᠭᠤᠯᠢ ᠳᠤ ᠳᠥᠷᠪᠡᠨ ᠲᠥᠷᠥᠯ ᠬᠤᠪᠢᠶᠠᠭᠰᠠᠨ ᠬᠤᠭ | ᠨᠣᠪᠰᠢ ᠶᠢᠨ ᠰᠠᠭᠤᠯᠠᠭ᠎ᠠ ᠲᠣᠬᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠰᠢᠰᠲ᠋ᠧᠮ ᠢ ᠠᠯᠬᠤᠮ | ᠠᠯᠬᠤᠮ ᠢᠶᠠᠷ ᠪᠦᠷᠢᠨᠰᠢᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠬᠤ᠂ ᠠᠳᠠᠯ ᠠᠬᠤᠢ ᠶᠢᠨ | ᠦᠢᠯᠡᠴᠢᠯᠡᠭᠡᠨ ᠤ ᠪᠠᠷᠢᠮᠵᠢᠶ᠎ᠠ ᠶᠢ ᠨᠠᠷᠢᠯᠢᠭᠵᠢᠭᠤᠯᠤᠨ᠂ ᠨᠡᠶᠢᠭᠡᠮ ᠲᠣᠭᠤᠷᠢᠭ ᠪᠠ ᠨᠡᠶᠢᠭᠡᠮᠯᠢᠭ ᠵᠡᠷᠭᠡ ᠲᠠᠪᠤᠨ ᠲᠠᠯ᠎ᠠ ᠠᠴᠠ ᠬᠢᠨᠠᠨ ᠰᠢᠯᠭᠠᠵᠤ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ | ᠬᠦᠷᠢᠶᠡᠨ ᠤ ᠡᠮᠬᠢ ᠵᠢᠷᠤᠮ ᠦᠬᠡᠢ ᠪᠠᠶᠢᠳᠠᠯ ᠢ ᠬᠦᠴᠦᠲᠡᠶ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ᠂ ᠬᠤᠭᠤᠴᠠᠭ᠎ᠠ ᠠᠴᠠ ᠬᠡᠲᠦᠷᠡᠭᠦᠯᠦᠨ | ᠲᠤᠰᠢᠶᠠᠬᠤ ᠵᠡᠷᠭᠡ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠬᠦᠯᠵᠦ᠂ ᠨᠢᠭᠡᠳᠦᠮᠡᠯ ᠬᠤᠯᠪᠣᠭ᠎ᠠ᠂ | ᠲᠧᠩ ᠰᠢᠶᠦ᠋ᠨ᠂ ᠬᠤᠸᠠ ᠸᠧᠶ ᠺᠣᠮᠫᠠᠨᠢ ᠲᠠᠢ ᠬᠤᠷᠰᠢᠨ ᠠᠵᠢᠯᠯᠠᠵᠤ ᠤᠶᠤᠨᠲᠤ ᠬᠤᠲᠠ ᠶᠢᠨ ᠬᠠᠮᠢᠶᠠᠷᠤᠯᠲᠠ ᠪᠣᠯᠣᠨ ᠤᠶᠤᠨᠴᠢᠯᠠᠭᠰᠠᠨ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠬᠦᠯᠵᠦ᠂ ᠪᠥᠬᠦ ᠣᠷᠣᠨ ᠤ ᠰᠢᠨ᠎ᠡ ᠬᠡᠯᠪᠡᠷᠢ ᠶᠢᠨ ᠤᠶᠤᠨᠲᠤ ᠬᠤᠲᠠ ᠶᠢ ᠴᠢᠷᠮᠠᠶᠢᠨ ᠪᠠᠶᠢᠭᠤᠯᠤᠨ᠎ᠠ᠃ | ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠮᠠᠯᠵᠢᠬᠤ ᠣᠷᠣᠨ ᠢ ᠪᠦᠬᠦ ᠲᠠᠯ᠎ᠠ ᠪᠠᠷ ᠬᠥᠭᠵᠢᠨ ᠮᠠᠨᠳᠤᠭᠤᠯᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠬᠦᠯᠵᠦ᠂ ᠮᠠᠯᠴᠢᠨ | ᠲᠠᠷᠢᠶᠠᠴᠢᠳ ᠢ ᠨᠡᠩ ᠪᠠᠶᠠᠨ ᠴᠢᠨᠡᠭᠡᠯᠢᠭ ᠪᠤᠯᠭᠠᠵᠤ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ | ᠬᠥᠳᠡᠭᠡ ᠲᠣᠰᠬᠤᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ | ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠳᠠᠯᠠᠵᠤ᠂ ︽ᠭᠤᠷᠪᠠᠨ ᠣᠷᠣᠨ︾ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠤᠨᠢᠴᠢᠨᠭᠤᠣᠯ ᠪᠠᠯᠭᠠᠰᠤ᠂ | ᠰᠤᠪᠤᠷᠭ᠎ᠠ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠳᠤ ᠲᠦᠰᠢᠭᠯᠡᠨ᠂ ︽ᠬᠤᠲᠠ ᠶᠢᠨ ᠠᠵᠤ ᠠᠬᠤᠢ︾᠂ ︽ᠦᠢᠯᠡᠳᠪᠦᠷᠢ ᠠᠭᠤᠷᠬᠠᠢ ᠶᠢᠨ | ᠠᠵᠤ ᠠᠬᠤᠢ︾ ᠶᠢᠨ ᠲᠣᠭᠤᠷᠢᠨ ᠳᠤ᠂ ᠭᠤᠸ᠎ᠠ ᠵᠢᠮᠢᠰ ᠢᠳᠡᠰᠢᠨ ᠨᠣᠭᠤᠭ᠎ᠠ᠂ ᠥᠨᠳᠡᠭᠡ ᠮᠢᠬ᠎ᠠ ᠰᠦ᠂ ᠠᠮᠤ ᠪᠤᠳᠠᠭ᠎ᠠ ᠬᠤᠯᠢᠰᠢᠨ ᠢᠳᠡᠭᠡᠨ ᠵᠡᠷᠭᠡ ᠠᠵᠤ | ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠰᠣᠳᠣᠨ ᠲᠠᠷᠢᠶᠠᠯᠠᠩ ᠮᠠᠯ ᠠᠵᠤ ᠠᠬᠤᠢ ᠲᠥᠪᠯᠡᠷᠡᠭᠰᠡᠨ ᠲᠣᠭᠤᠷᠢᠭ ᠢ ᠪᠠᠶᠢᠭᠤᠯᠤᠨ᠎ᠠ᠃ ᠠᠯᠳᠠᠨᠰᠢᠷᠡᠭᠡ ᠪᠠᠯᠭᠠᠰᠤ | ᠂ ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠨᠢ ᠪᠦᠬᠦ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠭᠤᠸ᠎ᠠ ᠵᠢᠮᠢᠰ ᠲᠡᠭᠦᠵᠦ | ᠴᠤᠭᠯᠠᠭᠤᠯᠬᠤ ᠳᠤ ᠪᠡᠶᠡᠴᠢᠯᠡᠨ ᠣᠷᠣᠯᠴᠠᠬᠤ᠂ ᠰᠡᠯᠡᠭᠦᠴᠡᠨ ᠲᠣᠭᠤᠷᠢᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ | ᠳᠤᠮᠳᠠ ᠬᠡᠰᠡᠭ ᠤᠨ ᠭᠠᠵᠠᠷ ᠣᠷᠣᠨ ᠤ ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ | ᠃ ᠤᠯᠠᠭᠠᠨᠮᠦ᠋ᠷᠡᠨ ᠪᠠᠯᠭᠠᠰᠤ᠂ ᠨᠠᠷᠢᠨᠳᠤᠬᠤᠢ ᠪᠠᠯᠭᠠᠰᠤ ᠠᠮᠢ ᠠᠬᠤᠢ ᠶᠢ ᠰᠡᠷᠭᠦᠭᠡᠬᠦ ᠪᠠ ᠭᠠᠵᠠᠷ ᠰᠢᠷᠣᠢ ᠶᠢ ᠳᠠᠬᠢᠨ ᠬᠠᠭᠠᠯᠪᠦᠷᠢᠯᠠᠭᠰᠠᠨ ᠤ ᠲᠠᠷᠠᠭᠠᠬᠢ ᠡᠬᠢ | ᠪᠠᠶᠠᠯᠢᠭ ᠢ ᠠᠰᠢᠭᠯᠠᠵᠤ᠂ ᠪᠣᠬᠢᠷᠲᠤᠯ ᠦᠭᠡᠢ ᠠᠵᠤ ᠠᠬᠤᠢ᠂ ᠠᠮᠢ ᠠᠬᠤᠢ ᠶᠢᠨ ᠲᠠᠷᠢᠶᠠᠯᠠᠩ ᠵᠡᠷᠭᠡ ᠠᠵᠤ ᠦᠢᠯᠡᠰ ᠢ ᠬᠥᠭᠵᠢᠭᠦᠯᠵᠦ᠂ ᠵᠡᠭᠦᠨ ᠬᠡᠰᠡᠭ ᠤᠨ | ᠠᠭᠤᠷᠬᠠᠢ ᠶᠢᠨ ᠣᠷᠣᠨ ᠤ ᠪᠣᠬᠢᠷᠲᠤᠯ ᠦᠭᠡᠢ ᠠᠮᠢ ᠠᠬᠤᠢ ᠶᠢᠨ ᠳᠠᠭᠤᠷᠢᠶᠠᠯ ᠦᠵᠡᠬᠦᠯᠬᠦ ᠣᠷᠣᠨ ᠢ ᠪᠠᠶᠢᠭᠤᠯᠤᠨ᠎ᠠ᠃ ᠤᠷᠢᠳᠠᠪᠠᠷ ᠬᠡᠷᠡᠭᠵᠢᠭᠦᠯᠵᠦ ᠤᠷᠢᠳᠠᠪᠠᠷ | ᠲᠤᠷᠰᠢᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ︽ᠭᠤᠷᠪᠠ ᠶᠢ ᠡᠭᠦᠳᠴᠦ ᠨᠢᠭᠡ ᠶᠢ ᠰᠢᠯᠢᠳᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ 7 | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠰᠬᠤᠨ᠂ 10 ᠣᠨᠴᠠᠯᠢᠭᠲᠤ ᠲᠣᠰᠬᠤᠨ᠂ 15 ᠪᠠᠷᠢᠮᠵᠢᠶ᠎ᠠ ᠳᠤ ᠬᠦᠷᠦᠭᠰᠡᠨ | ᠲᠣᠰᠬᠤᠨ ᠢ ᠪᠠᠶᠢᠭᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠲᠦᠷᠭᠡᠳᠬᠡᠨ᠎ᠡ᠃ ︽ᠴᠢᠨᠠᠷ ᠴᠢᠨᠰᠠᠭ᠎ᠠ ᠪᠠᠷ ᠲᠠᠷᠢᠶᠠᠯᠠᠩ ᠢ ᠬᠥᠭᠵᠢᠭᠦᠯᠬᠦ᠂ | ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠡᠷᠡᠲᠦ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠬᠡᠪᠴᠢᠶᠡᠵᠢᠯ ᠲᠠᠢ ᠮᠦᠷᠳᠡᠭᠡᠨ ᠰᠣᠳᠣᠨ ᠪᠦᠳᠦᠭᠡᠭᠳᠡᠬᠦᠨ ᠲᠠᠢ ᠪᠠᠶᠢᠬᠤ ᠶᠢ ᠠᠬᠢᠭᠤᠯᠤᠨ᠎ᠠ᠃ | ᠲᠤᠮᠤ ᠠᠵᠤ ᠠᠬᠤᠶᠢᠯᠠᠯ ᠢᠶᠠᠷ ᠬᠦᠳᠦᠯᠦᠨ ᠲᠠᠶᠢᠴᠢᠯᠠᠬᠤ ᠶᠢ ᠪᠠᠷᠢᠮᠳᠠᠯᠠᠵᠤ᠂ ᠦᠷᠢᠰᠦᠯᠳᠦᠬᠦ ᠬᠦᠴᠦᠨ ᠴᠢᠩᠭ᠎ᠠ ᠂ ᠨᠥᠯᠥᠭᠡᠯᠡᠬᠦ ᠬᠡᠪᠴᠢᠶ᠎ᠡ ᠥᠷᠭᠡᠨ᠂ ᠮᠠᠯᠴᠢᠨ | ᠲᠠᠷᠢᠶᠠᠴᠢᠨ ᠢ ᠲᠠᠶᠢᠴᠢᠯᠠᠬᠤ ᠬᠦᠴᠦᠨ ᠲᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠮᠤ ᠠᠵᠤ ᠠᠬᠤᠶᠢᠯᠠᠯ ᠢ ᠤᠷᠢᠨ ᠣᠷᠣᠭᠤᠯᠵᠤ᠂ | ᠵᠢᠯ ᠤᠨ ᠳᠣᠲᠣᠷ᠎ᠠ 30 ᠡᠷᠦᠬᠡ ᠠᠴᠠ ᠳᠡᠭᠡᠭᠰᠢ ᠪᠠᠷᠢᠮᠵᠢᠶᠠᠵᠢᠭᠰᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠶ ᠡᠷᠦᠬᠡ᠂ ᠬᠤᠷᠰᠢᠶ᠎ᠠ ᠶᠢ ᠪᠤᠶᠢᠵᠢᠭᠤᠯᠵᠤ | ᠂ ᠬᠤᠲᠠ ᠶᠢᠨ ᠲᠡᠰ ᠠᠴᠠ ᠲᠡᠭᠡᠭᠰᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ 2 ᠰᠢᠨ᠎ᠡ ᠪᠠᠷ | ᠨᠡᠮᠡᠭᠳᠡᠭᠦᠯᠵᠦ᠂ ᠭᠠᠵᠠᠷ ᠰᠢᠷᠤᠢ ᠪᠠᠷ ᠬᠤᠪᠢᠴᠠᠭ᠎ᠠ ᠠᠪᠬᠤ᠂ ᠣᠷᠣᠯᠭ᠎ᠠ ᠪᠠᠷ ᠠᠰᠢᠭ ᠬᠤᠪᠢᠶᠠᠬᠤ᠂ ᠠᠵᠢᠯ ᠬᠢᠵᠦ ᠠᠵᠢᠯ ᠣᠯᠭᠤᠬᠤ ᠵᠡᠷᠭᠡ ᠬᠡᠯᠪᠡᠷᠢ ᠪᠠᠷ ᠲᠠᠮᠵᠢᠨ᠂ | ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠯᠤᠭ᠎ᠠ ᠪᠠᠶᠢᠭᠤᠯᠤᠭᠰᠠᠨ ᠨᠢᠭᠲᠠ ᠬᠠᠷᠢᠴᠠᠭ᠎ᠠ ᠲᠠᠢ ᠬᠠᠮᠳᠤ ᠶᠢᠨ ᠠᠰᠢᠭ ᠲᠤᠰᠠ ᠶᠢᠨ ᠬᠤᠯᠪᠣᠭ᠎ᠠ | ᠶᠢᠨ ᠲᠣᠭᠲᠠᠴᠠ ᠶᠢ 75% ᠠᠴᠠ ᠳᠡᠭᠡᠭᠰᠢ ᠪᠣᠯᠭᠠᠨ᠎ᠠ᠃ ᠲᠤᠮᠤ ᠠᠵᠤ ᠠᠬᠤᠶᠢᠯᠠᠯ ᠪᠠ ᠤᠯᠤᠰ ᠤᠨ ᠦᠮᠴᠢᠯᠡᠯ ᠤᠨ ᠲᠠᠷᠢᠶᠠᠯᠠᠩ ᠮᠠᠯ ᠠᠵᠤ ᠠᠬᠤᠢ ᠶᠢᠨ | ᠺᠣᠮᠫᠠᠨᠢ ᠳᠤ ᠲᠦᠰᠢᠭᠯᠡᠨ ᠡᠬᠢ ᠡᠬᠦᠰᠦᠯ ᠠᠴᠠ ᠵᠠᠬ᠎ᠠ ᠲᠡᠯᠭᠡᠬᠦᠷ ᠲᠤ ᠬᠦᠷᠬᠦ ︽ᠭᠠᠷᠭᠠᠬᠤ ᠬᠠᠩᠭᠠᠬᠤ ᠪᠤᠷᠤᠯᠠᠭᠤᠯᠬᠤ︾ ᠨᠢᠭᠡ ᠴᠣᠭᠴᠠᠵᠢᠭᠤᠯᠤᠭᠰᠠᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠲᠤᠬᠠᠢ ᠶᠢᠨ ᠭᠠᠵᠠᠷ ᠣᠷᠣᠨ ᠤ ᠪᠣᠬᠢᠷᠳᠤᠯ ᠦᠬᠡᠢ ︽ᠨᠤᠲᠤᠭ ᠤᠨ ᠭᠠᠷᠤᠯᠲᠠ︾ ᠪᠣᠯᠣᠨ ᠬᠠᠵᠠᠭᠤ ᠬᠠᠪᠢ ᠶᠢᠨ ︽ | ᠲᠤᠮᠤ ᠵᠠᠬ᠎ᠠ ᠲᠡᠯᠭᠡᠬᠦᠷ︾ ᠢ ᠪᠦᠳᠦᠮᠵᠢᠳᠡᠢ ᠠᠪᠴᠠᠯᠳᠤᠭᠤᠯᠵᠤ᠂ ᠰᠠᠶᠢᠨ ᠪᠦᠳᠦᠭᠡᠭᠳᠡᠬᠦᠨ ᠢ ᠰᠠᠶᠢᠨ ᠦᠷᠲᠡᠭ ᠲᠤ ᠬᠦᠷᠭᠡᠨ᠎ᠡ᠃ ᠠᠵᠤ ᠦᠢᠯᠡᠰ ᠤᠨ ᠲᠦᠷᠦᠯ | ᠵᠦᠢᠯ ᠢᠶᠠᠷ ᠲᠠᠶᠢᠴᠢᠯᠠᠬᠤ ᠶᠢ ᠪᠠᠷᠢᠮᠳᠠᠯᠠᠵᠤ᠂ ᠪᠦᠬᠦ ᠲᠣᠰᠬᠤᠨ ᠪᠦᠬᠦ ᠬᠤᠷᠰᠢᠶ᠎ᠠ ᠪᠠᠷ ᠣᠨᠴᠠᠯᠢᠭᠲᠤ ᠠᠵᠤ ᠦᠢᠯᠡᠰ ᠤᠨ ᠲᠥᠷᠥᠯ ᠵᠦᠢᠯ ᠢ ᠬᠦᠭᠵᠢᠬᠦᠯᠬᠦ ᠶᠢ ᠪᠦᠬᠦ | ᠬᠦᠴᠦᠨ ᠢᠶᠠᠷ ᠢᠶᠠᠨ ᠳᠠᠮᠵᠢᠵᠤ᠂ ᠮᠡᠩᠬᠡ ᠨᠤᠤᠯᠤᠷ ᠤᠨ ᠢᠮᠠᠭᠠᠨ ᠤ ᠰᠢᠨ᠎ᠡ ᠡᠭᠦᠯᠳᠡᠷ ᠪᠤᠶᠢᠵᠢᠭᠤᠯᠬᠤ᠂ ᠨᠤᠤᠰᠤ ᠨᠤᠤᠯᠤᠷ ᠢ ᠰᠠᠮᠨᠠᠨ ᠤᠬᠢᠶᠠᠬᠤ ᠠᠵᠤ ᠦᠢᠯᠡᠰ ᠤᠨ | ᠪᠦᠬᠦ ᠬᠡᠯᠬᠢᠶᠡᠨ ᠤ ᠬᠥᠭᠵᠢᠯᠲᠡ ᠶᠢ ᠲᠦᠷᠭᠡᠳᠭᠡᠵᠦ᠂ ᠬᠠᠳᠠᠳᠤ ᠨᠠᠭᠤᠷ ᠤᠨ 1 ᠲᠦᠮᠡᠨ ᠲᠤᠯᠤᠭᠠᠢ᠂ ᠯᠧ ᠰᠢᠶᠠᠩ ᠲᠠᠷᠢᠶᠠᠯᠠᠩ ᠮᠠᠯ ᠠᠵᠤ ᠠᠬᠤᠶ ᠶᠢᠨ 10 | ᠲᠦᠮᠡᠨ ᠲᠣᠯᠣᠭᠠᠶ ᠠᠮᠢᠳᠤ ᠭᠠᠭ᠋ᠠᠶ ᠶᠢᠨ ᠲᠡᠵᠢᠭᠡᠪᠦᠷᠢ ᠪᠣᠯᠣᠨ ᠬᠤᠨᠢᠴᠢᠨᠭᠤᠣᠯ ᠪᠠᠯᠭᠠᠰᠤ ᠶᠢᠨ ᠣᠷᠣᠨ ᠨᠤᠲᠤᠭ ᠤᠨ ᠢᠳᠡᠭᠡᠨ ᠤᠮᠳᠠᠭᠠᠨ ᠪᠣᠯᠪᠠᠰᠤᠷᠠᠭᠤᠯᠬᠤ | ᠬᠦᠷᠢᠶᠡᠯᠡᠩ ᠵᠡᠷᠭᠡ ᠲᠥᠷᠥᠯ ᠵᠦᠢᠯ ᠢ ᠤᠷᠤᠨᠵᠢᠭᠤᠯᠤᠨ ᠦᠢᠯᠡᠳᠪᠦᠷᠢᠯᠡᠵᠦ ᠡᠬᠢᠯᠡᠨ᠂ ᠲᠠᠷᠢᠶᠠᠯᠠᠩ ᠮᠠᠯ ᠲᠠᠵᠢᠭᠡᠪᠦᠷᠢ ᠶᠢᠨ ᠪᠦᠳᠦᠭᠡᠭᠳᠡᠬᠦᠨ ᠤ ᠭᠠᠵᠠᠷ ᠣᠷᠣᠨ ᠤ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ ᠠᠵᠤ ᠠᠬᠤᠶᠢᠯᠠᠯ ᠤᠨ ᠨᠠᠷᠠᠲᠤ ᠲᠡᠮᠳᠡᠭ ᠪᠠ ᠪᠦᠳᠦᠭᠡᠭᠳᠡᠬᠦᠨ ᠤ ᠨᠠᠷᠠᠲᠤ ᠲᠡᠮᠳᠡᠭ ᠢ ᠢᠳᠡᠪᠬᠢᠲᠡᠶ ᠪᠤᠶᠢᠵᠢᠭᠤᠯᠵᠤ᠂ | ︽ᠨᠢᠭᠡ ᠲᠤᠰᠬᠤᠨ ᠨᠢᠭᠡ ᠲᠡᠮᠳᠡᠭ︾᠂ ︽ᠨᠢᠭᠡ ᠲᠤᠰᠬᠤᠨ ᠨᠢᠭᠡ ᠤᠨᠴᠠᠯᠢᠭ︾ ᠲᠠᠢ ᠠᠵᠤ ᠦᠢᠯᠡᠰ ᠤᠨ ᠪᠦᠳᠦᠴᠡ ᠶᠢ ᠪᠦᠷᠢᠯᠳᠦᠬᠦᠯᠦᠨ᠎ᠡ᠃ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠭᠡᠨ ᠠᠬᠢᠭᠤᠯᠵᠤ᠂ ᠲᠤᠭᠳᠠᠮᠠᠯ ᠪᠤᠰᠤ ᠠᠳᠤᠭᠤᠨ ᠤ ᠲᠦᠷᠦᠯ ᠤᠨ ᠠᠮᠢᠳᠠᠨ | ᠤ ᠬᠢᠵᠢᠭ ᠡᠪᠡᠳᠴᠢᠨ ᠤ ᠲᠤᠭᠤᠷᠢᠭ ᠢ ᠲᠦᠷᠬᠡᠳᠬᠡᠨ ᠪᠠᠶᠢᠭᠤᠯᠵᠤ᠂ ᠮᠸᠡᠭ ᠲᠠᠢ᠂ ᠬᠠᠰᠢᠶᠠᠲᠤ᠂ ᠢ ᠹᠧᠩ ᠵᠠᠶ ᠲᠠᠷᠢᠶᠠᠯᠠᠩ ᠮᠠᠯᠵᠢᠯ ᠤᠨ ᠦᠢᠯᠡᠰ ᠤᠨ ᠨᠢᠭᠡ | ᠴᠤᠭᠴᠠᠵᠢᠭᠰᠠᠨ ᠲᠥᠷᠥᠯ ᠵᠦᠢᠯ ᠢ ᠨᠠᠷᠢᠯᠢᠭᠵᠢᠭᠤᠯᠤᠨ ᠬᠢᠬᠦ ᠶᠢ ᠦᠷᠬᠦᠯᠵᠢᠯᠡᠨ ᠲᠡᠮᠵᠢᠵᠦ᠂ ᠶᠡᠷᠦᠩᠬᠡᠢ ᠪᠡᠯᠡ ᠤᠷᠤᠭᠤᠯᠤᠯᠲᠠ 20 ᠳ᠋ᠦᠩᠰᠢᠭᠤᠷ ᠲᠦᠬᠦᠷᠢᠭ ᠤᠨ | ᠤᠯᠠᠭᠠᠨ ᠪᠦᠯᠦᠭᠯᠡᠯ ᠤᠨ ᠲᠠᠷᠢᠶᠠᠯᠠᠩ ᠮᠠᠯᠵᠢᠯ ᠤᠨ ᠦᠢᠯᠡᠰ ᠤᠨ ᠨᠢᠭᠡ ᠴᠤᠭᠴᠠᠵᠢᠭᠰᠠᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠦᠬᠦ ᠤᠯᠤᠰ ᠤᠨ ᠲᠡᠷᠢᠬᠦᠨ ᠤ | ᠲᠤᠮᠤ ᠬᠡᠯᠪᠡᠷᠢ ᠶᠢᠨ ᠲᠠᠷᠢᠶᠠᠯᠠᠩ ᠮᠠᠯᠵᠢᠯ ᠤᠨ ᠦᠢᠯᠡᠰ ᠤᠨ ᠨᠢᠭᠡ ᠴᠤᠭᠴᠠᠵᠢᠭᠰᠠᠨ ᠲᠥᠷᠥᠯ ᠵᠦᠢᠯ ᠤᠨ ᠵᠢᠱᠢᠶ᠎ᠡ ᠦᠵᠡᠬᠦᠯᠬᠦ ᠭᠠᠵᠠᠷ ᠢ ᠪᠠᠶᠢᠭᠤᠯᠤᠨ᠎ᠠ᠃ | ᠠᠮᠢ ᠠᠬᠤᠢ ᠶᠢᠨ ᠣᠷᠣᠰᠢᠨ ᠰᠠᠭᠤᠬᠤ ᠳᠤ ᠲᠠᠭᠠᠯᠠᠮᠵᠢᠳᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠪᠥᠬᠦ ᠬᠡᠪᠴᠢᠶᠡᠨ ᠳᠤ ᠠᠬᠢᠭᠤᠯᠬᠤ᠂ ᠵᠢᠱᠢᠶ᠎ᠡ | ᠦᠵᠡᠭᠦᠯᠦᠨ ᠡᠭᠦᠳᠬᠦ᠂ ᠲᠤᠰᠬᠠᠶ ᠴᠡᠭᠴᠡᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠦᠬᠦ ᠣᠷᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ | ᠲᠤᠰᠬᠤᠨ︾ ᠵᠢᠱᠢᠶᠡᠴᠢ ᠬᠤᠰᠢᠭᠤ ᠶᠢ ᠢᠳᠡᠪᠬᠢᠳᠡᠢ ᠡᠬᠦᠳᠦᠨ ᠪᠠᠶᠢᠭᠤᠯᠤᠨ᠎ᠠ᠃ ᠲᠤᠰᠬᠤᠨ ᠤ ᠠᠷᠢᠭᠤᠨ ᠴᠡᠪᠡᠷ ᠬᠢᠭᠡᠳ ᠤᠯᠤᠰ ᠢᠶᠠᠨ ᠬᠠᠶᠢᠷᠠᠯᠠᠬᠤ ᠡᠷᠡᠬᠦᠯ | ᠬᠠᠮᠠᠭᠠᠯᠠᠯ ᠤᠨ ᠬᠦᠳᠡᠯᠭᠡᠭᠡᠨ ᠢ ᠬᠦᠨᠵᠡᠬᠡᠢ ᠦᠷᠨᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠬᠦᠯᠵᠦ᠂ ᠦᠪᠡᠷᠳᠡᠭᠡᠨ ᠵᠠᠰᠠᠬᠤ ᠣᠷᠣᠨ ᠤ ᠰᠢᠯᠭᠠᠨ ᠬᠤᠷᠢᠶᠠᠯᠲᠠ ᠶᠢ ᠠᠮᠵᠢᠯᠳᠠᠳᠠᠢ | ᠦᠩᠭᠡᠷᠡᠭᠡᠬᠦ ᠶᠢ ᠪᠠᠳᠤᠯᠠᠨ᠎ᠠ᠃ ᠬᠦᠳᠡᠷᠵᠢᠭᠦᠯᠦᠨ ᠰᠢᠢᠳᠪᠦᠷᠢᠯᠡᠬᠦ᠂ ᠰᠣᠷᠢᠨᠵᠢᠵᠢᠭᠤᠯᠤᠨ ᠵᠠᠳᠠᠷᠠᠭᠤᠯᠬᠤ ᠵᠡᠷᠭᠡ ᠲᠡᠷᠢᠭᠦᠨ ᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ | ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠪᠡᠶᠡᠯᠡᠬᠦᠯᠦᠨ᠎ᠡ᠃ ᠮᠠᠯ ᠵᠢᠭᠦᠷᠲᠡᠨ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠳᠡᠢ ᠲᠦᠯᠬᠢᠨ ᠠᠬᠢᠭᠤᠯᠵᠤ᠂ ᠪᠠᠷᠢᠮᠵᠢᠶᠠᠵᠢᠭᠰᠠᠨ ᠬᠤᠣᠷ ᠦᠭᠡᠶᠢᠵᠢᠬᠦᠯᠦᠨ ᠰᠢᠢᠳᠪᠦᠷᠢᠯᠡᠬᠦ | ᠲᠦᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠬᠦᠯᠦᠭᠰᠡᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢ 75% ᠠᠴᠠ ᠳᠡᠭᠡᠭᠰᠢ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ︽ᠵᠣᠷᠯᠣᠩ ᠤᠨ ᠦᠬᠡᠷᠡᠴᠢᠯᠡᠯᠳᠡ︾ ᠪᠠ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 5192 ᠡᠷᠦᠬᠡ ᠶᠢᠨ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠡᠷᠦᠬᠡ ᠶᠢᠨ ᠬᠤᠣᠷ ᠦᠭᠡᠶᠢᠵᠢᠬᠦᠯᠦᠭᠰᠡᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 90% ᠠᠴᠠ ᠳᠡᠭᠡᠭᠰᠢ ᠳᠤ | ᠬᠦᠷᠭᠡᠵᠦ᠂ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ ᠶᠢ 85% ᠠᠴᠠ ᠳᠡᠭᠡᠭᠰᠢ ᠳᠤ ᠬᠦᠷᠭᠡᠨ᠎ᠡ᠃ ᠬᠤᠳᠠ ᠬᠦᠳᠡᠭᠡ | ᠶᠢᠨ ᠰᠠᠭᠤᠷᠢ ᠲᠦᠬᠦᠬᠡᠷᠦᠮᠵᠢ ᠶᠢᠨ ᠬᠠᠷᠢᠯᠴᠠᠨ ᠨᠡᠪᠳᠡᠷᠡᠯᠴᠡᠬᠦ᠂ ᠤᠯᠠᠨ ᠨᠡᠶᠢᠳᠠ ᠶᠢᠨ ᠦᠢᠯᠡᠴᠢᠯᠡᠭᠡ ᠶᠢ ᠬᠠᠮᠳᠤᠪᠡᠷ ᠪᠠᠶᠢᠭᠤᠯᠵᠤ ᠬᠠᠮᠳᠤᠪᠡᠷ ᠡᠳ᠋ᠯᠡᠬᠦ ᠶᠢ | ᠲᠦᠷᠬᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠤᠳᠤᠬᠢᠴᠢᠯᠠᠭᠰᠠᠨ ᠴᠢᠨᠠᠷᠵᠢᠭᠰᠠᠨ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ︵ᠳᠣᠯᠤᠭ᠎ᠠ︶ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠦᠬᠦ | ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠤᠨ᠎ᠠ᠃ ᠠᠯᠢᠪᠠ ᠪᠦᠬᠦᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠶᠢ ᠪᠠᠷᠢᠮᠲᠠᠯᠠᠵᠤ᠂ ᠡᠳ᠋ ᠤᠨ | ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠪᠠᠲᠤᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠪᠠᠳᠤᠯᠠᠭ᠎ᠠ ᠲᠠᠢ ᠪᠣᠯᠭᠠᠨ᠎ᠠ᠃ | ᠡᠷᠬᠡ ᠲᠡᠭᠰᠢ ᠴᠢᠨᠠᠷ ᠰᠠᠶᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠨᠡᠩ ᠴᠢᠬᠤᠯᠠᠴᠢᠯᠠᠨ᠎ᠠ᠃ ᠨᠡᠷᠡᠲᠦ ᠰᠤᠷᠭᠠᠭᠤᠯᠢ ᠡᠷᠬᠢᠯᠡᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠬᠦᠯᠵᠦ᠂ ᠤᠯᠠᠨ ᠲᠦᠮᠡᠨ ᠰᠡᠳᠬᠢᠯ ᠬᠠᠨᠤᠮᠵᠢᠳᠡᠢ ᠰᠤᠷᠭᠠᠨ ᠬᠦᠮᠦᠵᠢᠯ ᠢ ᠡᠷᠬᠢᠯᠡᠨ᠎ᠡ᠃ 10 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠬᠤ ᠪᠠᠷ ᠲᠦᠯᠦᠪᠯᠡᠵᠦ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠦᠷᠬᠦᠯᠵᠢᠯᠡᠨ ᠲᠡᠭᠦᠯᠳᠡᠷᠵᠢᠭᠦᠯᠵᠦ᠂ ᠶᠢᠰᠦᠳᠦᠭᠡᠷ ᠪᠠᠭ᠎ᠠ ᠰᠤᠷᠭᠠᠭᠤᠯᠢ᠂ | ᠠᠷᠪᠠᠳᠤᠭᠠᠷ ᠪᠠᠭ᠎ᠠ ᠰᠤᠷᠭᠠᠭᠤᠯᠢ᠂ ᠪᠠᠷᠠᠭᠤᠨ ᠠᠭᠤᠯᠠ ᠶᠢᠨ ᠵᠢᠶᠠ ᠶᠤᠸᠠᠨ ᠬᠡᠦᠬᠡᠳ ᠤᠨ ᠴᠡᠴᠡᠷᠯᠢᠭ᠂ ᠪᠠᠭᠠᠴᠤᠳ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ ᠵᠡᠷᠭᠡ 18 ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ᠂ ᠱᠦᠢ ᠠᠨ ᠰᠢᠨ᠎ᠡ ᠬᠤᠲᠠ ᠶᠢᠨ ᠦᠨᠳᠦᠰᠦᠳᠡᠨ ᠤ | ᠬᠡᠦᠬᠡᠳ ᠤᠨ ᠴᠡᠴᠡᠷᠯᠢᠭ ᠵᠡᠷᠭᠡ 12 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠰᠤᠷᠭᠠᠭᠤᠯᠢ ᠶᠢᠨ ᠰᠤᠷᠤᠯᠭ᠎ᠠ ᠶᠢᠨ ᠤᠷᠣ ᠶᠢ 1900 ᠨᠡᠮᠡᠭᠳᠡᠭᠦᠯᠵᠦ᠂ | ᠰᠤᠷᠭᠠᠭᠤᠯᠢ ᠶᠢᠨ ᠰᠤᠷᠤᠯᠭ᠎ᠠ ᠶᠢᠨ ᠤᠷᠣ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠡᠬᠢᠯᠡᠭᠦᠯᠦᠨ᠂ ︽ᠪᠠᠭ᠎ᠠ ᠠᠩᠭᠢᠵᠢᠭᠤᠯᠬᠤ︾ ᠵᠢᠭᠠᠨ ᠰᠤᠷᠭᠠᠯᠲᠠ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠦᠢᠯᠡᠴᠢᠯᠡᠭᠡᠨ ᠤ ᠺᠤᠮᠫᠠᠨᠢ ᠢ ᠪᠠᠶᠢᠭᠤᠯᠵᠤ᠂ ᠪᠠᠭᠰᠢ ᠰᠤᠷᠤᠭᠴᠢᠳ ᠲᠤ ᠨᠡᠩ ᠰᠢᠯᠢᠳᠡᠭ ᠠᠷᠤ | ᠦᠢᠯᠡᠴᠢᠯᠡᠭᠡᠨ ᠤ ᠪᠠᠳᠤᠯᠠᠭ᠎ᠠ ᠬᠠᠩᠭᠠᠨ᠎ᠠ᠃ ᠢᠯᠡ ᠪᠠᠷ 280 ᠪᠠᠭᠰᠢ ᠡᠯᠰᠡᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ︽ᠬᠤᠰᠢᠭᠤᠨ ᠠᠴᠠ | ᠬᠠᠮᠢᠶᠠᠷᠴᠤ ᠰᠤᠷᠭᠠᠭᠤᠯᠢ ᠠᠴᠠ ᠤᠷᠢᠬᠤ︾᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠠᠵᠢᠯ ᠤᠨ ᠠᠮᠵᠢᠯᠲᠠ ᠪᠦᠲᠦᠮᠵᠢ ᠶᠢ ᠬᠤᠪᠢᠶᠠᠷᠢᠯᠠᠬᠤ᠂ | ᠦᠷᠢᠰᠦᠯᠳᠦᠨ ᠠᠵᠢᠯ ᠤᠨ ᠪᠠᠶᠢᠷᠢ ᠳᠤ ᠭᠠᠷᠬᠤ ᠵᠡᠷᠭᠡ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠪᠠᠭᠰᠢ ᠶᠢ ᠲᠤᠰᠬᠠᠶ ᠱᠠᠩᠨᠠᠨ | ᠬᠥᠬᠢᠭᠦᠯᠬᠦ ᠳᠦᠷᠢᠮ᠂ ᠲᠦᠷ ᠴᠠᠭ ᠤᠨ ᠠᠵᠢᠯᠴᠢᠨ ᠤ ᠴᠠᠯᠢᠩ ᠤᠨ ᠵᠠᠷᠤᠳᠠᠯ ᠢ ᠲᠠᠭᠠᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠥᠷᠭᠡᠨ ᠣᠯᠠᠨ ᠪᠠᠭᠰᠢ | ᠠᠵᠢᠯᠲᠠᠨ ᠠᠵᠢᠯ ᠦᠢᠯᠡᠰ ᠳᠡᠭᠡᠨ ᠪᠦᠳᠦᠮᠵᠢᠳᠡᠢ᠂ ᠰᠢᠯᠢᠳᠡᠭ ᠪᠠᠭᠰᠢ ᠳᠤ ᠡᠯᠪᠡᠭ ᠬᠠᠷᠠᠮᠵᠢ ᠲᠠᠢ᠃ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ | ᠬᠥᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠠᠮᠵᠢᠨ ᠵᠢᠷᠤᠮᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠳᠠᠷᠤᠭᠠᠰᠤ ᠶᠢ | ᠬᠥᠩᠭᠡᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ︾ ᠢᠨᠵᠧᠨᠧᠷᠢᠩ ᠢ ᠢᠳᠡᠪᠬᠢᠲᠡᠶ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ | ᠰᠤᠷᠤᠯᠭ᠎ᠠ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ | ᠡᠷᠬᠢᠯᠡᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠲᠡᠯᠢᠭ ᠵᠢᠱᠢᠶ᠎ᠡ ᠪᠠᠷ ᠳᠠᠭᠠᠭᠤᠯᠬᠤ᠂ ᠵᠢᠱᠢᠶ᠎ᠡ ᠦᠵᠡᠭᠦᠯᠦᠨ ᠲᠠᠶᠢᠴᠢᠯᠠᠬᠤ ᠪᠠᠷ ᠳᠠᠮᠵᠢᠭᠤᠯᠤᠨ᠂ ᠪᠦᠬᠦ | ᠬᠤᠲᠠ ᠶᠢᠨ ᠲᠡᠷᠢᠬᠦᠨ ᠤ ᠨᠡᠷᠡᠲᠤ ᠰᠤᠷᠭᠠᠭᠤᠯᠢ ᠶᠢ ᠪᠠᠶᠢᠭᠤᠯᠤᠨ᠎ᠠ᠃ | ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠨᠠᠩ ᠴᠢᠬᠤᠯᠠᠴᠢᠯᠠᠨ᠎ᠠ᠃ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ | ᠬᠠᠷᠢᠯᠴᠠᠨ ᠬᠤᠯᠪᠤᠭᠠᠯᠠᠬᠤ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ | ᠮᠣᠩᠭᠤᠯ ᠬᠢᠲᠠᠳ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠢᠯᠡᠷᠡᠭᠡᠳᠦᠢ ᠡᠪᠡᠳᠴᠢᠨ ᠢ ᠡᠮᠨᠡᠨ ᠵᠠᠰᠠᠬᠤ ᠲᠥᠪ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠰᠢᠷᠬ᠎ᠠ ᠶᠢ ᠲᠦᠷᠭᠡᠨ | ᠠᠪᠤᠷᠠᠬᠤ᠂ ᠵᠢᠷᠦᠬᠡ ᠲᠠᠷᠢᠬᠢ ᠴᠢᠰᠤᠨ ᠰᠤᠳᠠᠯ ᠵᠡᠷᠭᠡ ᠭᠤᠣᠯᠳᠠᠯᠭ᠎ᠠ ᠲᠠᠢ ᠲᠤᠰᠬᠠᠶ ᠰᠠᠯᠠᠭ᠎ᠠ ᠶᠢ ᠪᠠᠶᠢᠭᠤᠯᠤᠨ᠎ᠠ᠃ ᠬᠤᠰᠢᠭᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠳᠠᠪᠤᠷᠢᠯᠠᠯ ᠤᠨ ᠰᠠᠯᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠪᠰᠢᠭᠰᠡᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠲᠡᠭᠦᠯᠳᠡᠷᠵᠢᠭᠦᠯᠵᠦ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠦᠯᠦᠭᠯᠡᠯ ᠢ ᠪᠠᠶᠢᠭᠤᠯᠬᠤ ᠶᠢ ᠰᠡᠳᠦᠵᠦ᠂ ᠬᠤᠰᠢᠭᠤᠨ ᠤ ᠲᠤᠳᠤᠷᠠᠬᠢ | ᠡᠮᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠬᠦᠯᠬᠦ᠂ ᠮᠡᠳᠡᠭᠡ ᠵᠠᠩᠬᠢᠵᠢᠯᠲᠠ ᠶᠢᠨ ᠬᠤᠯᠪᠣᠭ᠎ᠠ ᠶᠢ ᠬᠠᠮᠳᠤᠪᠡᠷ ᠡᠳ᠋ᠯᠡᠬᠦ᠂ | ᠣᠨᠣᠰᠢᠯᠠᠨ ᠵᠠᠰᠠᠵᠤ ᠠᠪᠤᠷᠠᠨ ᠡᠳᠡᠭᠡᠷᠡᠬᠦᠯᠬᠦ ᠠᠵᠢᠯ ᠤᠨ ᠬᠤᠷᠰᠢᠯᠴᠠᠭ᠎ᠠ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠡᠮᠨᠡᠯᠭᠡ ᠪᠠ ᠡᠷᠡᠭᠦᠯ ᠮᠡᠨᠳᠦ︾ ᠶᠢᠨ | ᠲᠥᠷᠥᠯ ᠵᠦᠢᠯ ᠢ ᠬᠡᠷᠡᠭᠵᠢᠭᠦᠯᠦᠨ᠂ ᠬᠤᠰᠢᠭᠤᠨ ᠤ ᠲᠠᠰ ᠤᠨ ᠡᠮᠨᠡᠯᠭᠡ ᠶᠢᠨ ᠬᠤᠷᠢᠶ᠎ᠠ ᠬᠢᠭᠡᠳ ᠤᠯᠤᠰ ᠤᠨ ᠳᠣᠲᠣᠭᠠᠳᠤ ᠶᠢᠨ ᠨᠡᠷᠡᠳᠦ ᠭᠤᠷᠪᠠᠳᠤᠭᠠᠷ ᠵᠡᠷᠬᠡ ᠶᠢᠨ | ᠬᠥᠬᠡ ᠲᠡᠰ ᠤᠨ ᠡᠮᠨᠡᠯᠭᠡ ᠶᠢᠨ ᠬᠤᠷᠢᠶ᠎ᠠ ᠂ ᠲᠤᠰᠬᠠᠢ ᠡᠮᠨᠡᠯᠭᠡ ᠶᠢᠨ ᠬᠤᠷᠢᠶ᠎ᠠ ᠲᠠᠢ ᠨᠢᠭᠲᠠ ᠬᠠᠷᠢᠴᠠᠭ᠎ᠠ ᠲᠠᠢ ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠬᠤ ᠶᠢ | ᠭᠦᠨᠵᠡᠭᠡᠶᠢᠷᠡᠭᠦᠯᠵᠦ᠂ ᠤᠯᠤᠰ ᠤᠨ ᠲᠤᠳᠤᠭᠠᠳᠤ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠲᠤᠭᠤᠭᠰᠢ ᠪᠠᠭᠤᠬᠤ ᠶᠢ ᠠᠬᠢᠭᠤᠯᠵᠤ᠂ ᠣᠯᠠᠨ ᠲᠦᠮᠡᠨ | ᠭᠡᠷ ᠤᠨ ᠡᠭᠦᠳᠡᠨ ᠳᠤ ᠪᠠᠨ ︽ᠲᠤᠰᠬᠠᠢ ᠮᠡᠷᠭᠡᠵᠢᠯᠲᠡᠨ ᠤ ᠳ᠋ᠤᠭᠠᠷ︾ ᠢ ᠳ᠋ᠤᠭᠠᠷᠯᠠᠵᠤ ᠴᠢᠳᠠᠬᠤ ᠪᠣᠯᠭᠠᠨ᠎ᠠ᠃ | ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠶᠢ ᠨᠡᠩ ᠴᠢᠬᠤᠯᠠᠴᠢᠯᠠᠨ᠎ᠠ᠃ ᠲᠣᠭᠠᠴᠢᠯᠠᠭᠰᠠᠨ ᠨᠣᠮ ᠤᠨ ᠰᠠᠩ᠂ ᠰᠣᠶᠣᠯ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠭᠠᠨᠮᠦ᠋ᠴᠢᠷ ᠤᠨ ᠲᠣᠭᠯᠠᠯᠲᠠ ᠶᠢᠨ ᠲᠥᠪ ᠢ ᠡᠬᠢᠯᠡᠭᠦᠯᠵᠦ᠂ ᠣᠯᠠᠨ ᠲᠦᠮᠡᠨ ᠳᠤ ᠲᠦᠭᠦᠮ ᠲᠦᠳᠡ᠂ᠰᠢᠯᠢᠳᠡᠭ | ᠰᠤᠶᠤᠯ ᠤᠨ ᠦᠢᠯᠡᠴᠢᠯᠡᠭᠡ ᠶᠢ ᠬᠠᠩᠭᠠᠨ᠎ᠠ᠃ ᠡᠵᠡᠨ ᠬᠤᠷᠤᠭ᠎ᠠ ᠬᠤᠰᠢᠭᠤᠨ ᠤ ᠨᠠᠭᠠᠳᠤᠮ᠂ ᠣᠷᠳᠣᠰ ᠬᠤᠷᠢᠮ ᠤᠨ ᠰᠣᠶᠣᠯ ᠤᠨ ᠨᠠᠶᠢᠷ᠂ ᠲᠡᠭᠷᠢᠯᠢᠭ ᠪᠡᠶ᠎ᠡ ᠶᠢᠨ | ᠲᠠᠮᠢᠷ ᠤᠨ ᠴᠤᠭᠯᠠᠭᠠᠨ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ ᠡᠷᠬᠢᠯᠡᠨ᠂ ᠤᠯᠠᠭᠠᠨᠮᠥ᠋ᠴᠢᠷ ᠪᠠᠶᠢᠭᠤᠯᠤᠭᠳᠠᠭᠰᠠᠨ 50 ᠵᠢᠯ ᠤᠨ ᠤᠢ ᠶᠢ ᠪᠡᠯᠭᠡᠯᠡᠬᠦ ᠲᠠᠢ | ᠤᠶᠠᠯᠳᠤᠭᠤᠯᠤᠨ ᠨᠢᠭᠡ ᠪᠦᠯᠦᠭ ᠣᠯᠠᠨ ᠲᠦᠮᠡᠨ ᠲᠠᠢ ᠣᠶᠢᠷᠠᠳᠤᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠭᠠᠷᠭᠠᠨ᠎ᠠ᠃ ᠡᠯ᠎ᠡ ᠲᠥᠷᠥᠯ ᠤᠨ ᠣᠯᠠᠨ | ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠳᠠᠮᠵᠢᠵᠤ᠂ ᠠᠷᠠᠳ ᠤᠨ ᠤᠳᠬ᠎ᠠ ᠤᠷᠠᠯᠢᠭ ᠢ ᠶᠡᠬᠡᠪᠡᠷ ᠬᠥᠭᠵᠢᠭᠦᠯᠦᠨ᠂ ᠣᠯᠠᠨ ᠲᠦᠮᠡᠨ ᠤ | ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠂ 15 ᠵᠦᠢᠯ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠢᠯ᠂ 13 ᠪᠤᠳᠠᠰ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠶᠢ ᠨᠡᠶᠢᠲᠡᠯᠡᠵᠦ᠂ ᠰᠤᠪᠤᠷᠭ᠎ᠠ ᠭᠠᠴᠠᠭ᠎ᠠ ᠶᠢ ᠪᠦᠬᠦ | ᠣᠷᠣᠨ ᠤ ᠠᠩᠬᠠᠳᠠᠭᠴᠢ ︽ᠪᠣᠳᠠᠰ ᠤᠨ ᠪᠤᠰᠤ ᠰᠤᠶᠤᠯ ᠤᠨ ᠥᠪ ᠤᠨ ᠭᠠᠴᠠᠭ᠎ᠠ ᠲᠣᠰᠬᠤᠨ︾ ᠪᠣᠯᠭᠠᠬᠤ ᠪᠠᠷ ᠴᠢᠷᠮᠠᠶᠢᠨ᠎ᠠ᠃ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠦᠭᠡᠨ ᠲᠣᠭᠠᠲᠤ ᠦᠨᠳᠦᠰᠦᠳᠡᠨ ᠤ ᠠᠵᠢᠯ ᠦᠢᠯᠡᠰ ᠤᠨ ᠬᠦᠭᠵᠢᠯᠲᠡ ᠶᠢ ᠲᠡᠮᠵᠢᠵᠦ᠂ ᠴᠥᠭᠡᠨ | ᠲᠣᠭᠠᠲᠤ ᠦᠨᠳᠦᠰᠦᠲᠡᠨ ᠤ ᠴᠢᠳᠠᠪᠦᠷᠢᠳᠠᠨ ᠢ ᠶᠡᠬᠡᠪᠡᠷ ᠬᠦᠮᠦᠵᠢᠬᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠨ᠎ᠠ᠃ ᠠᠵᠢᠯ ᠤᠯᠭᠤᠯᠲᠠ ᠶᠢ ᠲᠡᠷᠢᠬᠦᠨ ᠳᠤ ᠲᠠᠯᠪᠢᠬᠤ ᠶᠢ | ᠪᠠᠷᠢᠮᠳᠠᠯᠠᠵᠤ᠂ ᠲᠤᠬᠠᠶᠢᠯᠠᠭᠰᠠᠨ ᠮᠡᠷᠬᠡᠵᠢᠯ ᠤᠨ ᠴᠢᠳᠠᠪᠤᠷᠢ ᠶᠢ ᠲᠡᠬᠡᠭᠰᠢᠯᠡᠬᠦᠯᠬᠦ ᠲᠦᠯᠦᠪᠯᠡᠭᠡ ᠶᠢ ᠬᠡᠷᠡᠭᠵᠢᠬᠦᠯᠵᠦ᠂ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠪᠠ | ᠮᠡᠷᠬᠡᠵᠢᠯ ᠤᠨ ᠪᠤᠯᠪᠠᠰᠤᠷᠠᠯ ᠢ ᠦᠷᠨᠢᠬᠦᠯᠵᠦ᠂ ᠠᠵᠢᠯ ᠤᠯᠭᠤᠬᠤ ᠬᠦᠰᠡᠯ ᠬᠠᠷᠠᠯᠳᠠ ᠲᠠᠢ ᠨᠡᠬᠦᠯᠬᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ ᠪᠦᠷ ᠠᠵᠢᠯ ᠤᠯᠵᠤ | ᠴᠢᠳᠠᠨ᠎ᠠ᠃ ᠨᠠᠶᠢᠳᠠᠨ ᠬᠦᠮᠦᠵᠢᠬᠦᠯᠬᠦ᠂ ᠦᠢᠯᠡᠰ ᠪᠤᠰᠬᠠᠬᠤ ᠨᠦᠬᠦᠪᠦᠷᠢ᠂ ᠬᠦᠦ ᠮᠦᠩᠭᠦ ᠦᠬᠡᠢ ᠵᠢᠬᠡᠯᠡᠯᠬᠡ ᠵᠡᠷᠬᠡ ᠠᠷᠭ᠎ᠠ ᠪᠠᠷᠢᠯ ᠢᠶᠠᠷ ᠲᠠᠮᠵᠢᠨ ᠲᠡᠭᠡᠳᠦ | ᠰᠤᠷᠭᠠᠭᠤᠯᠢ ᠲᠡᠬᠦᠰᠦᠭᠰᠡᠨ ᠣᠶᠣᠳᠠᠨ ᠤ ᠠᠵᠢᠯ ᠤᠯᠵᠤ ᠦᠢᠯᠡᠰ ᠪᠦᠳᠦᠬᠡᠬᠦ ᠶᠢ ᠠᠬᠢᠭᠤᠯᠤᠨ᠎ᠠ᠃ ᠶᠠᠳᠠᠭᠤ ᠬᠦᠴᠢᠷᠳᠡᠯᠳᠠᠢ ᠤᠯᠠᠨ ᠲᠦᠮᠡᠨ ᠢ ᠲᠡᠳᠬᠦᠬᠦ | ᠬᠦᠴᠦᠯᠡᠴᠡ ᠪᠠᠨ ᠴᠢᠩᠭᠠᠳᠬᠠᠨ᠂ ︽ᠠᠵᠢᠯ ᠲᠠᠢ ᠬᠦᠮᠦᠨ ᠦᠬᠡᠢ︾ ᠬᠡᠷ ᠪᠦᠯᠢ ᠪᠠᠶᠢᠬᠤ ᠦᠬᠡᠢ ᠶᠢ ᠪᠠᠳᠤᠯᠠᠨ᠎ᠠ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠱᠠᠲᠤ ᠦᠶᠡᠴᠢ ᠴᠢᠨᠠᠷᠲᠠᠢ ᠬᠠᠰᠤᠵᠤ ᠬᠡᠯᠲᠦᠷᠢᠭᠦᠯᠬᠦ ᠲᠥᠷᠦ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠲᠣᠣᠷ᠎ᠠ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠳᠡᠢ ᠬᠦᠮᠦᠰ ᠤᠨ ᠪᠠᠳᠤᠯᠠᠭ᠎ᠠ ᠶᠢᠨ ᠪᠠᠷᠢᠮᠵᠢᠶ᠎ᠠ ᠶᠢ | ᠲᠤᠭᠳᠠᠭᠤᠨ ᠢᠶᠠᠷ ᠲᠡᠭᠡᠭᠰᠢᠯᠡᠬᠦᠯᠵᠦ᠂ ︽ᠲᠡᠭᠷᠢᠯᠢᠭ ᠰᠡᠳᠬᠢᠯ ᠢ ᠲᠤᠯᠠᠭᠠᠯᠠᠬᠤ︾ ᠣᠨᠴᠠᠭᠠᠢ ᠬᠥᠮᠦᠰ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ | ᠦᠢᠯᠡᠳᠦᠯ ᠢ ᠰᠠᠶᠢᠳᠤᠷ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠢ ᠨᠡᠩ ᠪᠠᠲᠤᠯᠠᠭ᠎ᠠ ᠲᠠᠢ᠂ ᠵᠣᠯ ᠵᠢᠷᠭᠠᠯ ᠤᠨ ᠬᠡᠮᠵᠢᠶ᠎ᠡ ᠶᠢ | ᠨᠡᠮᠡᠭᠳᠡᠬᠦᠯᠦᠨ᠎ᠡ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠡᠩ ᠴᠢᠬᠤᠯᠠᠴᠢᠯᠠᠨ᠎ᠠ᠃ ᠠᠶᠦᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ᠂ ᠠᠵᠢᠯ | ᠲᠦᠷᠦᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠠᠯᠳᠠᠨᠰᠢᠷᠡᠭᠡ ᠪᠠᠯᠭᠠᠰᠤ ᠶᠢᠨ ᠰᠢ ᠱᠠᠨ᠂ ᠡᠷᠳᠡᠨᠢ ᠶᠢᠨ ᠲᠣᠪᠴᠢ ᠵᠡᠷᠭᠡ 5 ᠬᠤᠶᠠᠳᠤᠭᠠᠷ ᠳᠡᠰ ᠤᠨ ᠭᠠᠯ ᠤᠨᠲᠠᠷᠠᠭᠠᠬᠤ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠶᠤᠯᠲᠠᠶ ᠬᠢᠮᠢ ᠶᠢᠨ ᠪᠣᠳᠠᠰ ᠤᠨ ᠠᠶᠦᠯᠬᠦᠢ ᠦᠢᠯᠡᠳᠪᠦᠷᠢᠯᠡᠯ ᠤᠨ ᠠᠶᠤᠯ ᠲᠦᠭᠰᠢᠬᠦᠷᠢ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠶᠠᠪᠤᠴᠠ᠂ ᠪᠥᠬᠦ ᠬᠡᠯᠬᠢᠶᠡᠨ ᠤ ᠠᠶᠤᠯᠬᠦᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ | ᠮᠥᠷᠳᠡᠨ ᠪᠠᠶᠢᠴᠠᠭᠠᠯᠲᠠ ᠶᠢᠨ ᠰᠢᠰᠲ᠋ᠧᠮ ᠢ ᠪᠠᠶᠢᠭᠤᠯᠤᠨ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠲᠠᠯ᠎ᠠ ᠶᠢᠨ ᠠᠶᠦᠯᠬᠦᠢ ᠶᠢ ᠪᠠᠳᠤᠯᠠᠨ᠎ᠠ᠃ | ︽ᠠᠮᠤᠭᠤᠯᠠᠩ ᠡᠵᠡᠨ ᠬᠤᠷᠤᠭ᠎ᠠ︾ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠡᠬᠦᠳᠡᠯ | ᠬᠥᠮᠦᠨ ᠠᠮᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠦᠴᠦᠯᠡᠴᠡ ᠪᠠᠨ ᠨᠡᠮᠡᠭᠳᠡᠭᠦᠯᠵᠦ᠂ | ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠬᠡᠷᠡᠭ ᠤᠨ ᠡᠬᠦᠰᠦᠯᠳᠡ ᠶᠢ ᠪᠠᠭᠤᠷᠠᠭᠤᠯᠵᠤ᠂ ᠠᠮᠢᠨ ᠬᠡᠷᠡᠭ ᠡᠭᠦᠰᠬᠦ ᠨᠣᠷᠮ᠎ᠠ ᠶᠢ 50% ᠪᠠᠷ ᠪᠠᠭᠤᠷᠠᠭᠤᠯᠤᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠳᠡᠯᠭᠡᠷᠡᠬᠦ ᠶᠢ ᠬᠤᠷᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠣᠯᠬᠤ ᠶᠢ ᠪᠠᠲᠤᠯᠠᠨ᠎ᠠ᠃ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠳᠤᠳᠠᠢ ᠥᠷᠨᠢᠭᠦᠯᠦᠨ᠎ᠡ᠃ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ︽ᠲᠣᠮᠣ ᠳ᠋ᠠᠶᠢᠲ᠋ᠠ + ᠲᠣᠣᠷᠵᠢᠭᠤᠯᠤᠭᠰᠠᠨ︾ ᠬᠠᠮᠢᠶᠠᠷᠤᠯᠲᠠ ᠶᠢᠨ ᠮᠠᠶ᠋ᠢᠭ ᠢ ᠬᠡᠷᠡᠭᠵᠢᠭᠦᠯᠵᠦ᠂ | ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠵᠢᠯ︾ ᠤᠨ | ᠠᠵᠢᠯᠯᠠᠭ᠎ᠠ ᠶᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠦᠢᠯᠡᠴᠢᠯᠡᠭᠡᠨ ᠤ ᠲᠥᠪ ᠢ ᠪᠠᠶᠢᠭᠤᠯᠤᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ | ᠭᠤᠣᠯ ᠴᠣᠭᠴᠠ ᠨᠢ ᠣᠯᠠᠨ ᠡᠰᠢᠵᠢᠭ᠍ᠰᠡᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠡᠩᠨᠡᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢᠨ ᠡᠵᠡᠨ ᠬᠤᠷᠤᠭ᠎ᠠ ᠶᠢᠨ ᠬᠡᠪ ᠢ ᠪᠣᠶ ᠪᠣᠯᠭᠠᠨ᠎ᠠ᠃ | ᠲᠥᠯᠥᠭᠡᠯᠡᠭᠴᠢᠳ ᠡ᠂ ᠠᠷᠠᠳ ᠤᠨ ᠲᠠᠭᠤ ᠪᠣᠯ ᠵᠠᠰᠠᠭ ᠤᠨ ᠬᠠᠨᠳᠤᠰᠢ ᠮᠦᠨ᠃ ᠡᠨᠡ ᠵᠢᠯ ᠪᠢᠳᠡ ᠶᠠᠪᠠᠭᠠᠨ ᠱᠠᠳᠤ ᠲᠠᠢ ᠠᠰᠠᠷ ᠲᠤ ᠴᠠᠬᠢᠯᠭᠠᠨ ᠱᠠᠲᠤ | ᠨᠡᠮᠡᠵᠦ ᠤᠭᠰᠠᠷᠠᠬᠤ᠂ ᠭᠡᠷ ᠪᠠᠶᠢᠰᠢᠩ ᠤᠨ ᠦᠮᠴᠢᠯᠡᠯ ᠤᠨ ᠡᠷᠬᠡ ᠶᠢ ᠲᠥᠪᠯᠡᠷᠡᠭᠦᠯᠦᠨ ᠵᠠᠰᠠᠬᠤ᠂ ᠤᠷᠤᠨ ᠨᠤᠲᠤᠭ ᠤᠨ ᠢᠳᠡᠭᠡᠨ ᠤᠮᠳᠠᠭᠠᠨ ᠪᠣᠯᠪᠠᠰᠤᠷᠠᠭᠤᠯᠬᠤ | ᠬᠦᠷᠢᠶᠡᠯᠡᠩ ᠵᠡᠷᠭᠡ 3 ᠲᠥᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ᠂ ᠠᠳᠠᠯ ᠦᠢᠯᠡᠰ | ᠴᠣᠭᠴᠠᠯᠠᠵᠤ ᠠᠵᠢᠯ ᠣᠯᠭᠤᠬᠤ᠂ ᠡᠮ ᠡᠮᠨᠡᠯᠭᠡ ᠡᠷᠡᠭᠦᠯ ᠮᠡᠨᠳᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠣᠭᠤᠷᠢᠨ ᠳᠤ᠂ 3.7 ᠳ᠋ᠦᠩᠰᠢᠭᠤᠷ | ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠦᠩᠬᠦ ᠶᠢ ᠵᠠᠷᠤᠴᠠᠭᠤᠯᠵᠤ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠤᠭᠳᠡᠭ᠌ᠰᠠᠨ ᠠᠷᠠᠳ ᠤᠨ ᠠᠮᠢᠳᠤᠷᠠᠯ ᠤᠨ | ᠪᠤᠳᠠᠳᠤ ᠶᠠᠪᠤᠳᠠᠯ ᠤᠨ ᠲᠦᠷᠦᠯ ᠵᠦᠢᠯ ᠢ ᠬᠡᠷᠡᠭᠵᠢᠬᠦᠯᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠤᠴᠢᠷ ᠢ ᠵᠠᠰᠠᠭ ᠤᠨ ᠣᠷᠳᠤᠨ ᠤ ᠬᠢᠬᠦ ᠴᠢᠬᠤᠯᠠᠳᠠᠢ ᠠᠵᠢᠯ | ᠪᠣᠯᠭᠠᠨ᠂ ᠵᠠᠰᠠᠭ ᠤᠨ ᠣᠷᠳᠤᠨ ᠪᠦᠳᠦᠭᠡᠭᠰᠡᠨ ᠶᠠᠪᠤᠳᠠᠯ ᠢ ᠠᠷᠠᠳ ᠤᠨ ᠠᠮᠢᠳᠤᠷᠠᠯ ᠲᠠᠢ ᠬᠠᠷᠢᠴᠠᠭ᠎ᠠ ᠲᠠᠢ᠂ ᠠᠷᠠᠳ ᠤᠨ ᠰᠡᠳᠬᠢᠯ ᠢ ᠲᠤᠯᠠᠭᠠᠴᠠᠭᠤᠯᠤᠭᠰᠠᠨ ᠤᠴᠢᠷ | ᠪᠣᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ | ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ︵ᠨᠢᠭᠡ︶ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠲᠥᠪ᠂ ᠥᠪᠡᠷᠲᠡᠭᠡᠨ | ᠵᠠᠰᠠᠬᠤ ᠣᠷᠣᠨ᠂ ᠬᠤᠲᠠ ᠪᠠ ᠬᠤᠰᠢᠭᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠦᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠵᠠᠰᠠᠭ ᠤᠨ ᠵᠠᠷᠯᠢᠭ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠳᠠᠭᠠᠬᠤ ᠶᠢ ᠪᠡᠶᠡᠯᠡᠬᠦᠯᠦᠨ᠎ᠡ᠃ ᠨᠠᠮ ᠢᠶᠠᠨ ᠪᠦᠬᠦ | ᠲᠠᠯ᠎ᠠ ᠪᠠᠷ ᠴᠢᠩᠭ᠎ᠠ ᠵᠠᠰᠠᠬᠤ᠂ ᠵᠠᠰᠠᠭ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠬᠦᠯᠦᠨ ᠬᠥᠭᠵᠢᠭᠦᠯᠦᠨ᠎ᠡ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠦᠨᠳᠦᠰᠦᠨ ᠳᠡᠭᠡᠨ ᠬᠠᠤᠯᠢ ᠪᠠᠷ ᠵᠠᠰᠠᠬᠤ ᠵᠠᠰᠠᠭ ᠤᠨ ᠣᠷᠳᠤᠨ ᠢ | ᠪᠠᠶᠢᠭᠤᠯᠬᠤ ᠬᠠᠷᠠᠯᠲᠠ ᠲᠡᠭᠡᠷ᠎ᠡ ᠠᠩᠬᠠᠷᠤᠯ ᠢᠶᠠᠨ ᠲᠦᠪᠯᠡᠷᠡᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ | ᠬᠡᠷᠡᠭᠵᠢᠭᠦᠯᠬᠦ ᠪᠦᠬᠦ ᠶᠠᠪᠤᠴᠠ ᠶᠢᠨ ᠲᠡᠮᠳᠡᠭᠯᠡᠯ᠂ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠢ ᠬᠢᠨᠠᠨ ᠬᠠᠷᠠᠭᠤᠯᠬᠤ ︽ᠭᠤᠷᠪᠠᠨ | ᠵᠦᠢᠯ ᠤᠨ ᠳᠦᠷᠢᠮ︾ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ | ᠨᠠᠮ ᠵᠠᠰᠠᠭ ᠤᠨ ᠪᠠᠶᠢᠭᠤᠯᠭ᠎ᠠ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠬᠡᠷᠡᠭ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠦ᠂ ᠵᠠᠰᠠᠭ ᠤᠨ ᠣᠷᠳᠣᠨ ᠤ | ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ᠃ | ︵ᠭᠤᠷᠪᠠ︶ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠬᠤᠯᠠ ᠶᠡᠭᠡ ᠲᠤᠰᠬᠠᠶ ᠰᠡᠳᠦᠪᠲᠦ ᠰᠤᠳᠤᠯᠭᠠᠨ ᠢ ᠵᠣᠬᠢᠶᠠᠨ | ᠪᠠᠶᠢᠭᠤᠯᠤᠨ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂ ᠺᠠᠳ᠋ᠷ ᠤᠨ ᠲᠤᠰᠬᠠᠶ | ᠮᠡᠷᠭᠡᠵᠢᠯ ᠤᠨ ᠬᠡᠪ ᠪᠣᠯᠪᠠᠰᠤᠷᠠᠯ᠂ ᠦᠢᠯᠡᠴᠢᠯᠡᠭᠡᠨ ᠤ ᠤᠬᠠᠮᠰᠠᠷ ᠪᠠ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠳᠡᠭ ᠰᠢᠨ᠎ᠡ ᠴᠠᠭ ᠦᠶ᠎ᠡ ᠶᠢᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠵᠥᠪ ᠴᠢᠭᠯᠡᠯ ᠢᠶᠠᠷ | ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ ᠳᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ | ᠠᠯᠳᠠᠭ᠎ᠠ ᠭᠠᠷᠭᠠᠬᠤ ᠠᠴᠠ ᠠᠶᠤᠭᠠᠳ ᠠᠵᠢᠯ ᠬᠢᠬᠦ ᠥᠬᠡᠶ᠂ ᠬᠠᠷᠢᠭᠤᠴᠠᠯᠭ᠎ᠠ ᠠᠴᠠ ᠠᠶᠤᠭᠠᠳ ᠡᠭᠦᠷᠭᠡᠯᠡᠬᠦ ᠥᠬᠡᠶ︾ ᠰᠤᠷᠲᠠᠯ ᠢ ᠡᠷᠡᠰ ᠲᠡᠪᠴᠢᠵᠦ᠂ ᠠᠵᠢᠯ | ᠬᠢᠭᠰᠡᠳ ᠲᠤ ᠲᠦᠰᠢᠭ ᠪᠣᠯᠵᠣ᠂ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠵᠤ᠂ ᠠᠵᠢᠯ ᠬᠢᠵᠦ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ | ︵ᠳᠥᠷᠪᠡ︶ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ | ᠬᠢᠨᠠᠮᠠᠭᠠᠶ ᠬᠦᠢᠴᠡᠳᠭᠡᠵᠦ᠂ ᠨᠢᠭᠡᠳᠦᠭᠡᠷ ᠱᠠᠲᠤᠨ ᠤ ᠲᠦᠰᠦᠪ ᠤᠨ ᠨᠢᠭᠡᠴᠢ ᠶᠢᠨ ᠬᠢᠨᠠᠨ ᠪᠤᠳᠤᠯᠲᠠ ᠶᠢ ᠨᠡᠶᠢᠳᠡᠮ ᠪᠥᠷᠬᠦᠭᠦᠯᠬᠦ ᠶᠢ ᠲᠦᠯᠬᠢᠨ ᠠᠬᠢᠭᠤᠯᠵᠤ᠂ | ᠵᠠᠰᠠᠭ ᠤᠨ ᠣᠷᠳᠤᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠠᠵᠢᠯ ᠳᠠᠭᠤᠰᠤᠭᠰᠠᠨ ᠲᠥᠰᠦᠪ ᠤᠨ ᠬᠦᠢᠴᠡᠳᠭᠡᠯ ᠤᠨ ᠬᠢᠨᠠᠨ ᠪᠤᠳᠤᠯᠲᠠ ᠶᠢ 30 ᠳ᠋ᠦᠩᠰᠢᠭᠤᠷ | ᠲᠥᠭᠦᠷᠢᠭ ᠪᠡᠶᠡᠯᠡᠭᠦᠯᠤᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠡᠬᠦᠷᠡᠰᠦᠨ ᠤ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠬᠠᠤᠯᠢ ᠠᠴᠠ ᠵᠦᠷᠢᠴᠡᠭᠰᠡᠨ ᠠᠰᠠᠭᠤᠳᠠᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠦᠢᠯ ᠢᠶᠠᠷ ᠵᠠᠰᠠᠬᠤ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠷᠠᠯ ᠪᠠ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠵᠤ᠂ ᠦᠨᠳᠦᠰᠦᠨ | ᠱᠠᠲᠤᠨ ᠤ ᠺᠠᠳ᠋ᠷ ᠢ ᠨᠠᠩ ᠣᠯᠠᠨ ᠴᠠᠭ ᠪᠠ ᠣᠶᠤᠨ ᠴᠢᠳᠠᠯ ᠢᠶᠠᠨ ᠭᠠᠷᠭᠠᠵᠤ ᠠᠵᠢᠯ ᠢᠶᠠᠨ ᠰᠤᠳᠤᠯᠵᠤ ᠨᠠᠶᠢᠳᠠᠪᠦᠷᠢᠵᠢᠭᠤᠯᠤᠨ ᠪᠤᠳᠠᠳᠠᠶᠢᠵᠢᠭᠤᠯᠤᠨ᠎ᠠ᠃ | ᠲᠥᠯᠥᠭᠡᠯᠡᠭᠴᠢᠳ ᠡ︕ ᠶᠡᠭᠡ ᠶᠣᠰᠣ ᠪᠣᠯ ᠬᠠᠮᠤᠭ ᠤᠨ ᠳᠥᠭᠦᠮ᠂ ᠰᠠᠶᠢᠳᠤᠷ ᠠᠵᠢᠯᠯᠠᠬᠤ ᠨᠢ ᠨᠡᠩ ᠴᠢᠬᠤᠯᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠬᠦ ᠶᠢ | ᠪᠠᠲᠤᠯᠠᠵᠤ᠂ ᠡᠵᠡᠨ ᠬᠤᠷᠤᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ︽ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ︾ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠬᠦᠯᠦᠶ᠎ᠡ︕ | | | | | | | | |