ᠲᠠᠯ᠎ᠠ ᠨᠤᠳᠤᠭ ᠦᠵᠡᠮᠵᠢ ᠶᠢᠨ ᠤᠷᠤᠨ ᠪᠤᠯᠵᠤ ᠵᠢᠭᠤᠯᠴᠢᠯᠠᠯ ᠢᠶᠠᠷ ᠲᠤᠰᠬᠤᠨ ᠤ ᠠᠷᠠᠳ ᠢ ᠪᠠᠶᠠᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/8/24
                                                                 ᠡᠵᠡᠨ ᠬᠤᠷᠤᠭ᠎ᠠ ᠬᠤᠰᠢᠭᠤᠨ ᠤ ᠪᠤᠯᠠᠭ ᠭᠠᠴᠠᠭ᠎ᠠ ᠲᠣᠰᠬᠤᠨ ᠤ ᠬᠠᠮᠲᠤ ᠶᠢᠨ ᠲᠥᠷᠥᠯ ᠵᠦᠢᠯ ᠪᠤᠯᠬᠤ  ᠪᠠᠶᠠᠨ ᠴᠠᠩᠬᠤᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠰᠣᠶᠣᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ ᠥᠪᠡᠷᠮᠢᠴᠡ ᠣᠨᠴᠠᠯᠢᠭ ᠪᠦᠬᠦᠢ ᠭᠠᠵᠠᠷ ᠤᠷᠤᠨ ᠤ ᠳᠠᠪᠠᠭᠤᠯᠢᠭ᠂ ᠮᠣᠩᠭᠤᠯ ᠦᠨᠳᠦᠰᠦᠲᠡᠨ ᠤ ᠠᠷᠠᠳ ᠤᠨ  ᠤᠯᠠᠮᠵᠢᠯᠠᠯᠳᠤ ᠵᠠᠩ ᠦᠢᠯᠡ ᠵᠢᠴᠢ ᠴᠢᠩᠭᠢᠰ ᠬᠠᠭᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷ᠎ᠡ ᠠᠯᠳᠠᠷ ᠢᠶᠠᠷ ᠣᠯᠠᠨ ᠵᠢᠭᠤᠯᠴᠢᠯᠠᠭᠰᠠᠳ ᠤᠨ ᠰᠡᠳᠬᠢᠯ ᠢ ᠬᠦᠨᠳᠡᠭᠡᠨ ᠪᠠᠭ᠋ᠠᠷᠬᠠᠯ ᠢ ᠲᠠᠳᠠᠵᠤ᠂ ᠵᠢᠭᠤᠯᠴᠢᠯᠠᠯ ᠤᠨ ᠤᠶᠢᠯᠡᠰ ᠢ ᠬᠦᠭᠵᠢᠬᠦᠯᠦᠨ᠂ ᠲᠣᠰᠬᠤᠨ ᠤ ᠠᠷᠠᠳ ᠤᠨ  ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃      ᠲᠠᠯᠠᠨᠳᠠᠢ ᠪᠣᠯ ᠪᠠᠶᠠᠨ ᠴᠠᠩᠬᠤᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠰᠣᠶᠣᠯ ᠤᠨ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠪᠠᠶᠢᠵᠤ᠂ ᠨᠤᠲᠤᠭ ᠲᠠᠭᠠᠨ ᠪᠤᠴᠠᠨ ᠠᠳᠠᠯ ᠦᠢᠯᠡᠰ ᠴᠣᠭᠴᠠᠯᠠᠭᠰᠠᠨ ᠲᠡᠷᠡ᠂ ᠲᠣᠰᠬᠤᠨ ᠤ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠢ ᠠᠰᠢᠭᠯᠠᠨ ᠵᠢᠭᠤᠯᠴᠢᠯᠠᠯ ᠤᠨ ᠠᠵᠤ ᠤᠶᠢᠯᠡᠰ ᠢ ᠬᠥᠭᠵᠢᠭᠦᠯᠬᠦ ᠪᠠᠷ ᠲᠣᠭᠲᠠᠵᠤ᠂ ᠲᠠᠯ᠎ᠠ ᠨᠤᠳᠤᠭ ᠤᠨ ᠵᠢᠭᠤᠯᠴᠢᠯᠠᠯ ᠤᠨ ᠰᠤᠶᠤᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠭᠰᠠᠨ ᠪᠠᠶᠢᠨ᠎ᠠ᠃ ᠡᠨᠡ ᠬᠦ ᠴᠢᠮᠡᠭᠡ ᠶᠢ ᠰᠤᠨᠤᠰᠤᠭᠰᠠᠨ ᠲᠤᠰᠬᠤᠨ ᠤ ᠠᠷᠠᠳ ᠴᠤ ᠰᠠᠨᠠᠯ ᠨᠢᠭᠡᠳᠡᠢ ᠵᠦᠪᠰᠢᠶᠡᠷᠡᠨ᠂ ᠵᠦᠯᠭᠡ ᠪᠠᠨ ᠵᠠᠰᠠᠵᠤ ᠰᠢᠨᠡᠳᠭᠡᠨ᠂ ᠮᠤᠷᠢ᠂ ᠲᠡᠮᠡᠭᠡ ᠬᠤᠳᠠᠯᠳᠤᠨ ᠠᠪᠴᠤ᠂ ᠮᠤᠳᠤᠨ ᠵᠠᠮ ᠵᠠᠰᠠᠨ᠂ ᠪᠡᠯᠡ ᠮᠦᠩᠬᠦ ᠴᠤᠭᠯᠠᠭᠤᠯᠵᠤ᠂  ᠵᠠᠰᠠᠭ ᠤᠨ ᠣᠷᠳᠣᠨ ᠠᠴᠠ ᠲᠡᠳᠬᠦᠨ ᠳᠡᠮᠵᠢᠬᠦ᠂ ᠠᠵᠤ ᠠᠬᠤᠶᠢᠯᠠᠯ ᠬᠠᠪᠰᠤᠷᠤᠨ ᠲᠡᠳᠬᠦᠬᠦ ᠵᠡᠷᠭᠡ ᠡᠯ᠎ᠡ ᠲᠠᠯ᠎ᠠ ᠶᠢᠨ ᠬᠠᠪᠰᠤᠷᠤᠯᠭ᠎ᠠ ᠳᠣᠣᠷ᠎ᠠ᠂  ᠪᠠᠶᠠᠨ ᠴᠠᠩᠬᠤᠭ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠰᠣᠶᠣᠯ ᠤᠨ ᠦᠵᠡᠮᠵᠢ ᠶᠢᠨ ᠣᠷᠣᠨ ᠢ ᠠᠮᠵᠢᠯᠳᠠ ᠲᠠᠢ ᠪᠠᠶᠢᠭᠤᠯᠵᠤ᠂ ᠨᠢᠳᠤᠨᠤᠨ ᠤ ᠨᠢᠭᠡ ᠵᠢᠯ ᠤᠨ ᠴᠢᠷᠮᠠᠶᠢᠯᠭ᠎ᠠ ᠪᠠᠷ 30 ᠲᠦᠮᠡᠨ ᠲᠥᠭᠦᠷᠢᠭ ᠤᠨ ᠤᠷᠤᠯᠭ᠎ᠠ ᠶᠢ ᠪᠡᠶᠡᠯᠡᠬᠦᠯᠵᠠᠢ᠃  ᠬᠤᠵᠢᠮ ᠳᠤ ᠪᠠᠨ ᠲᠤᠰ ᠺᠤᠮᠫᠠᠨᠢ ᠪᠠᠷ ᠲᠠᠮᠵᠢᠭᠤᠯᠤᠨ᠂ ᠲᠤᠰᠬᠤᠨ ᠤ ᠠᠷᠠᠳ ᠵᠢᠴᠢ ᠦᠷ᠎ᠡ ᠬᠤᠶᠢᠴᠢᠰ ᠤᠨ ᠠᠵᠢᠯ ᠤᠯᠭᠤᠯᠳᠠ ᠶᠢ ᠲᠡᠮᠵᠢᠬᠦ ᠪᠠᠷ ᠲᠦᠰᠤᠪᠯᠡᠵᠤ ᠪᠠᠶᠢᠨ᠎ᠠ᠃(ᠤᠷᠠᠨ᠎ᠠ︶
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号