ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠡᠮᠡᠭᠳᠡᠶᠢᠴᠤᠳ ᠤᠨ ᠠᠳᠠᠯ ᠦᠢᠯᠡᠰ ᠪᠤᠰᠬᠠᠬᠤ  ᠶᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠡᠷᠴᠢᠮᠳᠡᠢ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020/8/24
     ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠠᠵᠢᠯ ᠤᠯᠭᠤᠨ ᠠᠳᠠᠯ ᠤᠶᠢᠯᠡᠰ ᠪᠤᠰᠬᠠᠬᠤ ᠶᠢ ᠠᠬᠢᠭᠤᠯᠬᠤ ᠶᠢᠨ ᠲᠤᠰᠠᠳᠠ᠂  ᠲᠤᠰᠬᠠᠢ ᠪᠠᠭᠰᠢ ᠤᠷᠢᠨ ᠬᠠᠳᠬᠤᠮᠠᠯ ᠤᠨ ᠪᠤᠯᠪᠠᠰᠤᠷᠠᠯ ᠤᠨ ᠠᠩᠬᠢ ᠡᠷᠬᠢᠯᠡᠵᠦ᠂ ᠪᠦᠰᠡᠬᠦᠶᠢᠴᠤᠳ ᠤᠨ ᠭᠡᠷ ᠲᠤ ᠪᠠᠨ ᠠᠳᠠᠯ ᠤᠶᠢᠯᠡᠰ ᠪᠤᠰᠬᠠᠨ᠂ ᠤᠷᠤᠯᠭ᠎ᠠ ᠪᠠᠨ ᠨᠡᠮᠡᠭᠳᠡᠬᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠯ ᠨᠢ ᠨᠢᠭᠡ ᠭᠠᠷᠠᠭ ᠤᠨ ᠬᠤᠭᠤᠴᠠᠭ᠎ᠠ ᠲᠠᠢ ᠶᠠᠪᠤᠭᠳᠠᠨ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷ᠎ᠠ ᠮᠡᠷᠭᠡᠰᠢᠯ ᠢ ᠪᠠᠳᠠᠷᠠᠭᠤᠯᠤᠨ᠂ ᠪᠤᠯᠪᠠᠰᠤᠷᠠᠯ ᠳᠤ ᠤᠷᠤᠯᠴᠠᠭᠰᠠᠳ ᠤᠨ ᠪᠡᠶ᠎ᠡ ᠪᠠᠨ ᠲᠠᠭᠠᠭᠠᠠᠵᠤ ᠰᠢᠨ᠎ᠡ ᠶᠢ ᠡᠭᠦᠳᠬᠦ ᠪᠠ ᠦᠪᠡᠷ ᠤᠨ ᠤᠷ᠎ᠠ ᠮᠡᠷᠭᠡᠰᠢᠯ ᠢᠶᠠᠷ ᠢᠶᠠᠨ ᠣᠷᠣᠯᠭ᠎ᠠ ᠪᠠᠨ ᠨᠡᠮᠡᠭᠳᠡᠬᠦᠯᠵᠦ᠂ ᠦᠨᠳᠦᠰᠦᠲᠡᠨ ᠤ ᠣᠨᠴᠠᠯᠢᠭᠲᠤ ᠰᠣᠶᠣᠯ ᠤᠨ ᠠᠵᠤ ᠤᠶᠢᠯᠡᠰ ᠤᠨ ᠬᠥᠭᠵᠢᠯᠲᠡ ᠶᠢ ᠳᠠᠶᠢᠴᠢᠯᠠᠨ᠂ ᠠᠯᠳᠠᠨᠰᠢᠷᠡᠭᠡᠳᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠤ ᠪᠠᠶᠢᠨ᠎ᠠ᠃      ᠬᠠᠳᠬᠤᠮᠠᠯ ᠪᠤᠯ ᠮᠤᠩᠭᠤᠯ ᠦᠨᠳᠤᠰᠤᠳᠡᠨ ᠤ ᠠᠯᠢ ᠡᠷᠳᠡ ᠠᠴᠠ ᠤᠯᠠᠮᠵᠢᠯᠠᠭᠳᠠᠨ ᠢᠷᠡᠭᠰᠡᠨ ᠭᠠᠷ ᠤᠷᠠᠯᠠᠯ ᠤᠨ ᠨᠢᠭᠡ ᠨᠢ ᠪᠠᠶᠢᠵᠤ᠂ ᠰᠤᠯᠠ ᠬᠠᠳᠬᠤᠮᠠᠯ ᠨᠢ ᠨᠡᠩ ᠴᠤ ᠬᠦᠮᠤᠰ ᠤᠨ ᠲᠠᠯᠳᠠ ᠤᠶᠤᠨ ᠢ ᠬᠠᠮᠤᠭ ᠶᠡᠭᠡ ᠭᠡᠮᠵᠢᠶ᠎ᠠ ᠪᠠᠷ ᠪᠠᠳᠠᠷᠠᠭᠤᠯᠤᠭᠰᠠᠨ ᠰᠤᠳᠤᠨ ᠪᠦᠳᠤᠭᠡᠯ ᠪᠤᠯᠬᠤ ᠶᠤᠮ᠃ ᠲᠤᠰ ᠤᠳᠠᠭᠠᠨ ᠤ ᠪᠤᠯᠪᠠᠰᠤᠷᠠᠯ ᠳᠤ ᠬᠠᠳᠬᠤᠮᠠᠯ ᠬᠠᠳᠬᠤᠬᠤ ᠶᠢ ᠰᠤᠩᠭᠤᠨ ᠠᠭᠤᠯᠭ᠎ᠠ ᠪᠠᠨ ᠪᠤᠯᠭᠠᠭᠰᠠᠨ ᠠᠴᠠ ᠬᠦᠮᠤᠰ ᠰᠤᠷᠬᠤ ᠳᠤ ᠤᠷᠮ᠎ᠠ ᠲᠠᠢ᠂ ᠤᠷᠠᠯᠠᠨ ᠤᠶᠤᠬᠤ ᠳᠤ ᠪᠠᠬ᠎ᠠ ᠲᠠᠢ ᠪᠠᠶᠢᠵᠤ᠂ ᠬᠤᠵᠢᠮ ᠤᠨ ᠠᠵᠢᠯ ᠤᠶᠢᠯᠡᠰ ᠢᠶᠠᠨ ᠪᠤᠯᠭᠠᠨ ᠬᠢᠬᠦ ᠶᠢ ᠨᠢ ᠲᠠᠶᠢᠴᠢᠯᠠᠵᠤ᠂ ᠪᠦᠰᠡᠬᠦᠶᠢᠴᠤᠳ ᠤᠨ ᠤᠷᠤᠯᠭ᠎ᠠ ᠪᠠᠨ ᠨᠡᠮᠡᠭᠳᠡᠬᠦᠯᠦᠨ ᠪᠠᠶᠠᠵᠢᠯ ᠤᠨ ᠵᠠᠮ ᠢᠶᠠᠷ ᠵᠠᠮᠨᠠᠬᠤ ᠳᠤ ᠨᠢ ᠢᠳᠡᠭᠡᠯ ᠲᠡᠬᠦᠯᠳᠡᠷ ᠵᠠᠮ ᠢ ᠨᠡᠭᠡᠭᠡᠭᠰᠡᠨ ᠪᠠᠶᠢᠨ᠎ᠠ᠃ ( ᠤᠷᠠᠨ᠎ᠠ ᠤᠨᠳᠤᠨ᠎ᠠ )
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号