ᠡᠵᠡᠨ ᠬᠤᠷᠤᠭ᠎ᠠ ᠬᠤᠰᠢᠭᠤ ᠭᠡᠤᠭᠡᠳ ᠤᠨ ᠠᠩᠬᠠᠨ ᠤ ᠢᠳᠡᠭᠡᠨ ᠤᠮᠳᠠᠭᠠᠨ ᠳᠤ ᠨᠢ ᠵᠦᠪ ᠰᠤᠩᠭᠤᠯᠳᠠ ᠬᠢᠵᠤ ᠦᠭᠬᠦ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2020/8/24
     ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠦᠷᠭᠡᠨ ᠤᠯᠠᠨ ᠵᠢᠷᠮᠤᠰᠤᠨ ᠡᠮᠡᠭᠳᠡᠶᠢᠴᠦᠳ ᠲᠤ 8 ᠳ᠋ᠤᠭᠠᠷ ᠰᠠᠷ᠎ᠠ ᠶᠢᠨ 1᠎ ᠠᠴᠠ 7᠎ ᠤ ᠡᠳᠤᠷ ᠪᠤᠯᠳᠠᠯ᠎ᠠ᠂ ᠡᠳᠤᠷ ᠪᠤᠯᠭᠠᠨ ᠲᠤᠭᠳᠠᠭᠰᠠᠨ ᠴᠠᠭ ᠎ ᠲᠤ ᠡᠭᠡ ᠶᠢᠨ ᠰᠦ ᠪᠠᠷ ᠭᠡᠤᠭᠡᠳ ᠢᠶᠠᠨ ᠬᠦᠬᠦᠬᠦᠯᠬᠦ ᠲᠤᠬᠠᠢ ᠬᠢᠴᠢᠶᠡᠯ ᠤᠷᠤᠵᠤ᠂ ᠰᠢᠨ᠎ᠠ ᠴᠠᠭ ᠦᠶ᠎ᠡ ᠶᠢᠨ ᠵᠠᠯᠠᠭᠤ ᠡᠵᠢ ᠪᠤᠯᠤᠭᠰᠠᠳ ᠲᠤ ᠭᠡᠤᠭᠡᠳ ᠤᠨ ᠠᠩᠬᠠᠨ ᠤ ᠢᠳᠡᠭᠡᠨ ᠤᠮᠳᠠᠭᠠᠨ ᠢ ᠨᠢ ᠵᠦᠪ ᠰᠤᠩᠭᠤᠬᠤ ᠳᠤ ᠨᠢ ᠬᠠᠪᠰᠤᠷᠤᠮᠵᠢ ᠦᠵᠡᠬᠦᠯᠵᠦ᠂ ᠲᠠᠷᠠᠭ᠎ᠠ ᠪᠠᠷ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠡᠨᠡ ᠬᠦ ᠬᠢᠴᠢᠶᠡᠯ ᠢᠶᠠᠨ ᠦᠷᠬᠦᠯᠵᠢᠯᠡᠬᠦᠯᠬᠦ ᠪᠠᠷ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 29 ᠳ᠋ᠤᠭᠡᠷ ᠤᠳᠠᠭᠠᠨ ᠤ ︽ᠲᠡᠯᠡᠭᠡᠢ ᠶᠢᠨ ᠡᠭᠡ ᠶᠢᠨ ᠰᠦ ᠪᠠᠷ ᠭᠡᠤᠭᠡᠳ ᠢᠶᠠᠨ ᠬᠦᠬᠦᠬᠦᠯᠬᠦ ᠭᠠᠷᠠᠭ︾᠎ ᠤᠨ ᠠᠵᠢᠯᠯᠠᠭ᠎ᠠ ᠶᠢ ᠲᠤᠬᠢᠶᠠᠯᠳᠤᠭᠤᠯᠤᠨ᠂ ᠵᠢᠷᠮᠤᠰᠤᠨ ᠪᠦᠰᠡᠬᠦᠶᠢᠴᠤᠳ ᠲᠤ ᠭᠡᠤᠭᠡᠳ ᠲᠤ ᠪᠠᠨ ᠢᠳᠡᠵᠤ ᠤᠤᠭᠤᠬᠤ ᠶᠢ ᠨᠢ ᠵᠦᠪ ᠰᠤᠩᠭᠤᠵᠤ᠂ ᠡᠮᠤᠰᠴᠤ ᠵᠡᠬᠦᠯᠭᠡᠬᠦ᠂ ᠬᠦᠬᠦᠬᠦᠯᠵᠦ ᠬᠠᠷᠠᠭᠠᠯᠵᠠᠬᠤ ᠳᠤ ᠪᠠᠨ ᠵᠦᠪ ᠠᠷᠭ᠎ᠠ ᠭᠡᠯᠪᠡᠷᠢ ᠶᠢ ᠠᠪᠬᠤ ᠵᠡᠷᠭᠡ ᠲᠠᠯ᠎ᠠ ᠠᠴᠠ ᠬᠢᠴᠢᠶᠡᠯ ᠲᠠᠶᠢᠯᠤᠮᠵᠢ ᠬᠢᠵᠤ᠂ ᠲᠠᠷᠠᠭ᠎ᠠ ᠠᠯᠬᠤᠮ ᠳᠤ ᠬᠦᠮᠤᠰ ᠤᠨ ᠱᠠᠭᠠᠷᠳᠠᠯᠭ᠎ᠠ ᠵᠢᠴᠢ ᠵᠢᠷᠮᠤᠰᠤᠨ ᠪᠦᠰᠡᠬᠦᠶᠢᠴᠤᠳ ᠤᠨ ᠪᠤᠳᠠᠳᠤ ᠪᠠᠶᠢᠳᠠᠯ ᠳᠤ ᠵᠤᠬᠢᠴᠠᠭᠤᠯᠤᠨ᠂ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠡᠭᠡ ᠶᠢᠨ ᠰᠦ ᠪᠠᠷ ᠭᠡᠤᠭᠡᠳ ᠢᠶᠠᠨ ᠬᠦᠬᠦᠬᠦᠯᠬᠦ ᠬᠢᠴᠢᠶᠡᠯ ᠢ ᠦᠷᠬᠦᠯᠵᠢᠯᠡᠨ ᠤᠷᠤᠬᠤ ᠪᠠᠷ ᠪᠠᠶᠢᠨ᠎ᠠ᠃        ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠡᠭᠳᠡᠢ ᠶᠢᠨ ᠰᠠᠯᠠᠭᠠᠨ ᠤ ᠡᠷᠬᠢᠯᠡᠭᠴᠢ ᠡᠮᠴᠢ ᠰᠤᠶᠤᠯᠴᠡᠴᠡᠭ᠄ ᠭᠡᠤᠭᠡᠳ ᠡᠭᠡ ᠶᠢᠨ ᠰᠦ ᠪᠠᠨ ᠬᠦᠬᠦᠬᠦ ᠲᠠᠯ᠎ᠠ ᠪᠠᠷ ᠤᠯᠠᠨ ᠰᠠᠶᠢᠨ ᠲᠠᠢ ᠲᠠᠯ᠎ᠠ ᠪᠠᠶᠢᠳᠠᠭ᠃ ᠨᠢᠯᠬ᠎ᠠ ᠭᠡᠤᠭᠡᠳ ᠤᠨ ᠪᠡᠶ᠎ᠡ ᠶᠢᠨ ᠲᠠᠯ᠎ᠠ ᠳᠤ ᠠᠪᠴᠤ ᠭᠡᠯᠡᠪᠠᠯ᠂ 6 ᠰᠠᠷ᠎ᠠ ᠶᠢᠨ ᠲᠤᠳᠤᠷᠠᠬᠢ ᠨᠢᠯᠬ᠎ᠠ ᠭᠡᠤᠭᠡᠳ ᠡᠭᠡ ᠶᠢᠨ ᠰᠦ ᠪᠠᠨ ᠬᠦᠬᠦᠭᠰᠡᠭᠡᠷ ᠨᠢᠯᠬ᠎ᠠ ᠭᠡᠤᠭᠡᠳ ᠤᠨ ᠪᠦᠬᠦ ᠪᠡᠶ᠎ᠡ ᠶᠢᠨ ᠰᠢᠮ᠎ᠡ ᠲᠡᠵᠢᠭᠡᠯ ᠢ ᠬᠠᠩᠭᠠᠨ᠎ᠠ᠂ ᠡᠭᠡ ᠶᠢᠨ ᠰᠦ ᠪᠠᠨ ᠬᠦᠬᠦᠭᠰᠡᠨ ᠤ ᠲᠠᠷᠠᠭ᠎ᠠ ᠡᠪᠡᠳᠴᠢᠨ ᠳᠤ ᠨᠡᠷᠪᠡᠭᠳᠡᠬᠦ ᠦᠭᠡᠢ᠂ ᠭᠡᠤᠭᠡᠳ ᠤᠨ ᠪᠤᠶᠢᠵᠢᠯᠳᠠ ᠳᠤ ᠪᠠᠰᠠ ᠰᠠᠶᠢᠨ᠃ ᠡᠭᠡ ᠶᠢᠨ ᠲᠠᠯ᠎ᠠ ᠳᠤ ᠠᠪᠤᠭᠠᠳ ᠭᠡᠯᠡᠪᠡᠯ᠂ ᠭᠡᠤᠭᠡᠳ ᠬᠦᠬᠦᠬᠦ ᠪᠠᠷ ᠲᠠᠮᠵᠢᠨ᠂ ᠡᠭᠡ ᠶᠢᠨ ᠭᠡᠪᠡᠯᠢ ᠶᠢᠨ ᠠᠭᠰᠢᠯᠳᠠ ᠶᠢ ᠰᠠᠶᠢᠵᠢᠷᠠᠭᠤᠯᠵᠤ᠂ ᠬᠦᠩᠭᠡᠵᠢᠭᠰᠡᠨ ᠤ ᠬᠤᠶᠢᠨ᠎ᠠ ᠴᠢᠰᠤ ᠭᠠᠷᠬᠤ ᠶᠢ ᠰᠡᠷᠭᠡᠶᠢᠯᠡᠵᠤ ᠲᠡᠶᠢᠯᠤᠨ᠎ᠠ᠃ ᠭᠦᠬᠦᠨ ᠤ ᠦᠮᠡᠨ᠂ ᠦᠨᠳᠡᠭᠡᠪᠴᠢ ᠶᠢᠨ ᠡᠪᠡᠳᠴᠢᠨ ᠢ ᠤᠯᠬᠤ ᠶᠢ ᠪᠠᠭᠠᠰᠬᠠᠵᠤ ᠲᠡᠶᠢᠯᠤᠨ᠎ᠠ᠃      ᠡᠨᠡ ᠬᠦ ᠬᠢᠴᠢᠶᠡᠯ ᠨᠢ ᠡᠭᠡ ᠶᠢᠨ ᠰᠦ ᠨᠢ ᠭᠡᠤᠭᠡᠳ ᠤᠨ ᠡᠷᠬᠢᠮ ᠨᠠᠨᠳᠢᠨ ᠢᠳᠡᠭᠡᠨ᠂ ᠤᠷᠤᠯᠠᠭᠤᠯᠵᠤ ᠪᠤᠯᠤᠰᠢ ᠦᠭᠡᠢ ᠷᠢᠳᠢ ᠰᠢᠳᠢ ᠲᠠᠢ ᠵᠤᠶᠢᠯ ᠪᠤᠯᠬᠤ ᠶᠢ ᠰᠢᠨ᠎ᠠ ᠨᠢᠭᠡᠨ ᠦᠶ᠎ᠡ ᠶᠢᠨ ᠵᠠᠯᠠᠭᠤ ᠡᠵᠢ ᠪᠤᠯᠤᠭᠰᠠᠳ ᠲᠤ ᠮᠡᠳᠡᠷᠡᠬᠦᠯᠵᠦ᠂ ᠡᠵᠢ ᠪᠦᠬᠦᠨ ᠭᠡᠤᠭᠡᠳ ᠢᠶᠠᠨ ᠴᠠᠳᠬᠠᠬᠤ ᠰᠦ ᠲᠠᠢ ᠪᠠᠶᠢᠵᠤ᠂ ᠵᠦᠪᠭᠡᠨ ᠠᠷᠭ᠎ᠠ ᠭᠡᠯᠪᠡᠷᠢ ᠶᠢᠨ ᠲᠠᠯ᠎ᠠ ᠠᠴᠠ ᠠᠩᠬᠠᠷᠤᠯ ᠳᠤ ᠪᠠᠨ ᠠᠪᠬᠤ ᠶᠢ ᠰᠠᠨᠠᠭᠤᠯᠤᠨ᠂ ᠵᠦᠪ ᠲᠠᠨᠢᠯᠳᠠ ᠲᠠᠢ ᠪᠤᠯᠵᠤ᠂ ᠵᠦᠪ ᠰᠤᠩᠭᠤᠯᠳᠠ ᠬᠢᠬᠦ ᠳᠤ ᠵᠠᠮᠴᠢᠯᠠᠭᠴᠢ ᠶᠢᠨ ᠤᠶᠢᠯᠡᠳᠤᠯ ᠢ ᠦᠵᠡᠬᠦᠯᠦᠭᠰᠡᠨ ᠪᠠᠶᠢᠨ᠎ᠠ᠃ ᠡᠨᠡ ᠨᠢ ᠭᠡᠤᠭᠡᠳ ᠪᠠᠭᠠᠴᠤᠳ᠂ ᠭᠡᠷ ᠪᠦᠯᠢ ᠴᠢᠨᠠᠭᠰᠢᠯᠠᠪᠠᠯ ᠨᠡᠶᠢᠭᠡᠮ ᠨᠡᠶᠢᠳᠡ ᠳᠤ ᠠᠰᠢᠭᠳᠠᠢ ᠪᠠᠶᠢᠬᠤ ᠦᠵᠡᠯᠳᠡ ᠶᠢ ᠦᠷᠭᠡᠨ ᠤᠯᠠᠨ ᠭᠡᠷ ᠪᠦᠯᠢ ᠳᠤ ᠲᠠᠮᠵᠢᠭᠤᠯᠵᠤ ᠦᠭᠬᠦ ᠶᠢ ᠪᠡᠶᠡᠯᠡᠬᠦᠯᠪᠠ᠃      ᠡᠵᠡᠨ ᠬᠤᠷᠤᠭ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠡᠭᠳᠡᠢ ᠶᠢᠨ ᠰᠠᠯᠠᠭᠠᠨ ᠤ ᠡᠷᠬᠢᠯᠡᠭᠴᠢ ᠡᠮᠴᠢ ᠰᠤᠶᠤᠯᠴᠡᠴᠡᠭ᠄  ︽ᠠᠶᠢᠯ ᠭᠡᠷ ᠤᠨ ᠲᠠᠯ᠎ᠠ ᠳᠤ ᠠᠪᠤᠭᠠᠳ ᠭᠡᠯᠡᠪᠠᠯ᠂ ᠲᠦᠬᠦᠮ᠂ ᠵᠠᠷᠤᠳᠠᠯ ᠪᠠᠭ᠎ᠠ᠂ ᠠᠶᠢᠯ ᠭᠡᠷ ᠤᠨ ᠬᠠᠶᠢᠷ᠎ᠠ ᠰᠡᠳᠬᠢᠯᠭᠡ ᠶᠢ ᠪᠠᠰᠠ ᠤᠯᠠᠮ ᠢᠯᠡᠬᠦᠤ ᠴᠢᠩᠭᠠᠳᠬᠠᠵᠤ ᠲᠡᠶᠢᠯᠤᠨ᠎ᠠ᠃ ᠨᠡᠶᠢᠭᠡᠮ ᠨᠡᠶᠢᠳᠡ ᠶᠢᠨ ᠲᠠᠯ᠎ᠠ ᠲᠡᠭᠡᠷ᠎ᠠ ᠠᠪᠤᠭᠠᠳ ᠭᠡᠯᠡᠪᠠᠯ᠂ ᠪᠦᠬᠦ ᠨᠡᠶᠢᠭᠡᠮ ᠤᠨ ᠪᠡᠶ᠎ᠡ ᠶᠢᠨ ᠡᠷᠡᠬᠦᠯ ᠴᠢᠬᠢᠷᠠᠭ ᠢ ᠲᠡᠭᠡᠭᠰᠢᠯᠡᠬᠦᠯᠵᠦ ᠲᠡᠶᠢᠯᠤᠨ᠎ᠠ᠂ ᠨᠢᠯᠬ᠎ᠠ ᠭᠡᠤᠭᠡᠳ ᠤᠨ ᠪᠤᠶᠢᠵᠢᠯᠳᠠ ᠳᠤ ᠠᠰᠢᠭᠳᠠᠢ ᠮᠦᠷᠳᠡᠭᠡᠨ ᠰᠡᠳᠬᠢᠬᠦᠢ ᠶᠢᠨ ᠴᠢᠳᠠᠪᠤᠷᠢ᠂ ᠨᠡᠶᠢᠭᠡᠮ ᠨᠡᠶᠢᠳᠡ ᠶᠢᠨ ᠪᠤᠶᠢᠵᠢᠯᠳᠠ ᠶᠢᠨ ᠲᠠᠯ᠎ᠠ ᠪᠠᠷ ᠲᠡᠮᠵᠢᠯᠭᠡ ᠦᠵᠡᠬᠦᠯᠳᠡᠭ᠃ ᠢᠩᠬᠢᠭᠡᠳ ᠮᠠᠨ ᠤ ᠰᠠᠯᠠᠭᠠᠨ ᠤ ᠡᠶᠢᠮᠤ ᠤᠬᠠᠭᠤᠯᠬᠤ ᠲᠠᠰᠤᠭ ᠭᠠᠷᠭᠠᠵᠤ᠂ ᠦᠷᠭᠡᠨ ᠤᠯᠠᠨ ᠵᠢᠷᠮᠤᠰᠤᠨ ᠡᠮᠡᠭᠳᠡᠶᠢᠴᠦᠳ ᠲᠤ ᠪᠠᠨ ᠤᠬᠠᠭᠤᠯᠵᠤ᠂ ᠬᠦᠩᠭᠡᠵᠢᠭᠰᠡᠨ ᠤ ᠬᠤᠶᠢᠨ᠎ᠠ ᠠᠯᠢ ᠴᠢᠳᠠᠬᠤ ᠪᠠᠷ ᠡᠭᠡ ᠶᠢᠨ ᠰᠦ ᠪᠠᠷ ᠬᠦᠬᠦᠬᠦᠯᠬᠦ ᠶᠢ ᠤᠬᠠᠭᠤᠯᠵᠤ ᠪᠠᠶᠢᠨ᠎ᠠ  ︾  ᠬᠡᠵᠦ ᠬᠡᠯᠡᠪᠡ᠃ (ᠤᠷᠠᠨ᠎ᠠ ᠤᠨᠳᠤᠨ᠎ᠠ)
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号