ᠨᠡᠶᠢᠭᠡᠮ ᠨᠡᠶᠢᠳᠡ ᠶᠢᠨ ᠠᠮᠤᠷ ᠲᠦᠪᠰᠢᠨ ᠢ ᠡᠬᠦᠷᠢᠳᠡ ᠬᠠᠮᠠᠭᠠᠯᠠᠭᠴᠢ ᠠᠬᠠᠮᠠᠳ ᠴᠡᠷᠢᠭ —  ᠪᠠᠢ ᠳ᠋ᠧ ᠱᠠᠨ
ᠨᠡᠶᠢᠲᠡᠯᠡᠭᠰᠡᠨ ᠴᠠᠭ᠄
2020/8/24
     ᠴᠡᠷᠢᠭ ᠬᠦᠮᠤᠨ ᠤᠯᠤᠰ ᠤᠨ ᠴᠢᠮᠡᠭ ᠪᠠᠶᠢᠵᠤ᠂ ᠦᠷᠡᠭᠳᠡᠬᠦ ᠠᠴᠠ ᠠᠶᠤᠬᠤ ᠦᠭᠡᠢ ᠵᠤᠷᠢᠭ ᠢᠶᠠᠷ ᠢᠶᠠᠨ ᠤᠯᠤᠰ ᠤᠷᠤᠨ ᠢᠶᠠᠨ ᠬᠠᠮᠠᠭᠠᠯᠠᠨ᠂  ᠦᠷ᠎ᠠ ᠭᠡᠤᠭᠡᠳ ᠤᠨ ᠠᠮᠤᠷ ᠲᠠᠶᠢᠪᠤᠩ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠲᠡᠮᠡᠴᠡᠨ ᠤᠯᠤᠭᠰᠠᠨ ᠪᠠᠭᠠᠳᠤᠷᠯᠢᠭ ᠨᠠᠰᠤᠳᠠᠨ ᠪᠠᠢ ᠳ᠋ᠧ ᠱᠠᠨ᠂ ᠤᠳᠤ ᠪᠤᠯᠳᠠᠯ᠎ᠠ ᠦᠪᠠᠷ ᠤᠨ ᠴᠢᠳᠠᠯ ᠤᠨ ᠬᠢᠷᠢ ᠪᠠᠷ ᠢᠶᠠᠨ ᠤᠯᠤᠰ ᠤᠷᠤᠨ ᠳᠤ ᠪᠠᠨ ᠵᠢᠳᠬᠦᠭᠰᠡᠭᠡᠷ ᠪᠠᠶᠢᠨ᠎ᠠ᠃      87 ᠨᠠᠰᠤᠳᠠᠢ ᠪᠠᠢ ᠳ᠋ᠧ ᠱᠠᠨ ᠨᠠᠰᠤᠳᠠᠨ᠂1947 ᠤᠨ ᠤ 7 ᠳ᠋ᠤᠭᠠᠷ ᠰᠠᠷ᠎ᠠ ᠳᠤ ᠴᠡᠷᠢᠭ ᠲᠤ ᠡᠯᠰᠡᠭᠳᠡᠨ᠂ ᠤᠷᠢᠳ ᠬᠤᠵᠢᠳ ᠴᠢᠯᠤᠭᠡᠯᠡᠬᠦ ᠲᠠᠶᠢᠨ ᠳᠤ ᠤᠷᠤᠯᠴᠠᠵᠤ᠂ 1952 ᠤᠨ ᠳᠤ ᠰᠤᠯᠤᠩᠭᠤᠰ ᠢ ᠲᠡᠮᠵᠢᠬᠦ ᠲᠠᠶᠢᠨ ᠳᠤ ᠤᠷᠤᠯᠴᠠᠨ᠂ ᠦᠯᠤᠰᠴᠤ ᠤᠮᠳᠠᠭᠠᠰᠬᠤ᠂ ᠲᠠᠭᠠᠷᠠᠵᠤ ᠪᠡᠭᠡᠷᠡᠬᠦ ᠶᠢᠨ ᠵᠤᠪᠠᠯᠠᠩ ᠢ ᠬᠦᠢᠴᠡᠳ ᠠᠮᠰᠠᠵᠤ᠂ ᠫᠤᠤ ᠶᠢᠨ ᠰᠤᠮᠤᠨ ᠤ ᠲᠤᠮᠳᠠ᠂ ᠲᠠᠶᠢᠴᠢᠨ ᠬᠠᠨᠢ ᠶᠢᠨ ᠬᠡᠬᠦᠷ ᠤᠨ ᠲᠡᠭᠡᠬᠦᠷ᠂ ᠴᠡᠷᠢᠭ ᠪᠠᠶᠢᠯᠳᠤᠭᠴᠢ ᠶᠢᠨ ᠴᠢᠰᠤᠨ ᠤ ᠦᠨᠤᠷ ᠤᠨ ᠵᠠᠪᠰᠠᠷ ᠢᠶᠠᠷ ᠡᠷᠴᠢ ᠵᠤᠷᠢᠭ ᠲᠠᠢ ᠪᠠᠶᠢᠯᠳᠤᠨ ᠪᠠᠶᠢᠵᠤ᠂ ᠡᠬᠡ ᠤᠷᠤᠨ ᠢᠶᠠᠨ ᠬᠠᠮᠠᠭᠠᠯᠠᠨ ᠲᠡᠮᠡᠴᠡᠵᠤ᠂ ᠬᠤᠶᠢᠴᠢ ᠦᠶ᠎ᠡ ᠶᠢᠨ ᠬᠢᠨ ᠳᠤ ᠪᠠᠨ ᠦᠨᠤᠳᠤᠷ ᠤᠨ ᠰᠠᠶᠢᠨ ᠰᠠᠶᠢᠬᠠᠨ ᠨᠡᠶᠢᠭᠡᠮ ᠠᠮᠢᠳᠤᠷᠠᠯ ᠢ ᠤᠯᠭᠤᠵᠤ ᠦᠭᠬᠦᠭᠰᠡᠨ ᠶᠤᠮ᠃      ᠪᠠᠢ ᠳ᠋ᠧ ᠱᠠᠨ ᠨᠠᠰᠤᠳᠠᠨ ᠡᠳᠤᠷ ᠪᠤᠯᠭᠠᠨ ᠪᠡᠶ᠎ᠡ ᠪᠤᠯᠪᠠᠰᠤᠷᠠᠭᠤᠯᠬᠤ ᠪᠠᠨ ᠪᠠᠷᠢᠮᠳᠠᠯᠠᠭᠰᠠᠭᠠᠷ ᠢᠷᠡᠭᠰᠡᠨ ᠪᠤᠯᠬᠤᠷ᠂ ᠤᠳᠤ ᠪᠤᠯᠳᠠᠯ᠎ᠠ ᠪᠡᠶ᠎ᠡ ᠰᠡᠳᠬᠢᠯ ᠨᠢ ᠡᠷᠡᠬᠦᠯ ᠰᠠᠷᠠᠭᠤᠯ ᠪᠠᠶᠢᠵᠤ᠂ ᠦᠪᠠᠷ ᠤᠨ ᠨᠢᠭᠡ ᠨᠠᠰᠤᠨ ᠤ ᠪᠠᠨ ᠦᠯᠢᠭᠡᠷ ᠲᠡᠤᠭᠡ ᠪᠠᠨ ᠡᠷᠬᠢᠴᠡᠬᠦᠯᠦᠨ ᠶᠠᠷᠢᠬᠤ ᠳᠤ ᠤᠷᠬᠢᠯᠤᠮ᠎ᠠ ᠰᠡᠳᠬᠢᠯ ᠢᠶᠠᠨ ᠲᠠᠷᠤᠵᠤ ᠶᠠᠳᠠᠨ ᠪᠠᠶᠢᠨ ᠲᠠᠬᠢᠨ ᠨᠢᠯᠪᠤᠰᠤ ᠤᠨᠠᠭᠠᠨ᠂ ᠬᠦᠴᠢᠷ ᠵᠤᠪᠠᠯᠠᠩ ᠲᠤᠮᠳᠠ ᠠᠴᠠ ᠤᠯᠵᠤ ᠢᠷᠡᠭᠰᠡᠨ ᠦᠨᠤᠳᠤᠷ ᠤᠨ ᠠᠮᠢᠳᠤᠷᠠᠯ ᠢᠶᠠᠨ ᠲᠡᠷᠡ ᠬᠢᠵᠠᠭᠠᠯᠠᠰᠢ ᠦᠭᠡᠢ ᠬᠠᠶᠢᠷᠠᠯᠠᠨ᠂ ᠶᠠᠭᠤᠮ᠎ᠠ ᠪᠦᠬᠦᠨ ᠳᠤ ᠭᠠᠮᠳᠠᠢ ᠪᠠᠶᠢᠬᠤ ᠶᠢ ᠬᠢᠴᠢᠶᠡᠨ ᠠᠮᠢᠳᠤᠷᠠᠯ ᠢᠶᠠᠨ ᠲᠤᠳᠤᠮᠳᠠᠵᠤ ᠶᠠᠪᠤᠳᠠᠭ ᠪᠤᠯᠪᠠᠴᠤ ᠡᠨᠡ ᠵᠢᠯ ᠤᠨ ᠬᠢᠵᠢᠭ ᠤᠨ ᠬᠤᠭᠤᠴᠠᠭᠠᠨ ᠳᠤ ᠦᠪᠡᠷ ᠤᠨ ᠠᠮᠢᠳᠤᠷᠠᠯ ᠨᠢ ᠡᠯᠪᠡᠭ ᠪᠢᠰᠢ ᠪᠠᠶᠢᠭᠰᠠᠨ ᠴᠤ ᠬᠠᠷᠮᠠᠨ ᠠᠴᠠ ᠪᠠᠨ 10000 ᠲᠦᠬᠦᠷᠢᠭ ᠭᠠᠷᠭᠠᠨ ᠲᠤᠰᠠᠯᠠᠨ ᠲᠡᠮᠵᠢᠭᠰᠡᠨ ᠪᠠᠶᠢᠨ᠎ᠠ᠃  ᠪᠠᠢ ᠳ᠋ᠧ ᠱᠠᠨ ᠨᠠᠰᠤᠳᠠᠨ ᠰᠤᠷᠪᠤᠯᠵᠢᠯᠠᠭᠴᠢ ᠳᠤ᠄ ︽ᠪᠢ ᠡᠪ ᠬᠠᠮᠳᠤ ᠨᠠᠮ᠂ ᠲᠤᠮᠳᠠᠳᠤ ᠤᠯᠤᠰ ᠲᠤ ᠪᠠᠨ ᠲᠤᠶᠢᠯ ᠤᠨ ᠬᠠᠶᠢᠷᠠᠳᠠᠢ᠂ ᠤᠯᠤᠰ ᠤᠷᠤᠨ ᠮᠢᠨᠢ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠪᠢ ᠲᠤᠰᠠᠯᠠᠬᠤ ᠦᠭᠡᠢ ᠪᠠᠶᠢᠵᠤ ᠴᠢᠳᠠᠬᠤ ᠦᠭᠡᠢ᠂ ᠵᠠᠪᠠᠯ ᠲᠤᠰᠠᠯᠠᠬᠤ ᠭᠡᠷᠡᠭᠳᠡᠢ︕︾ ᠭᠡᠮᠡᠨ ᠤᠷᠬᠢᠯᠤᠮ᠎ᠠ ᠰᠡᠳᠬᠢᠯ ᠢᠶᠠᠨ ᠲᠠᠷᠤᠵᠤ ᠶᠠᠳᠠᠨ ᠶᠠᠷᠢᠵᠤ ᠪᠠᠶᠢᠯ᠎ᠠ᠃ ︵ᠤᠷᠠᠨ᠎ᠠ  ᠤᠨᠳᠤᠨ᠎ᠠ︶
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号