ᠡᠵᠡᠨ ᠵᠠᠰᠠᠭ ᠲᠠᠷᠬᠠᠭᠠᠬᠤ〔2020〕48 ᠲᠤᠭᠠᠳᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ | ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠬᠦᠷᠢᠶᠡᠯᠡᠩ ᠲᠤᠭᠤᠷᠢᠭ ︵ᠰᠠᠭᠤᠷᠢᠨ ᠭᠠᠵᠠᠷ︶ ᠤᠨ | ᠬᠠᠮᠢᠶᠠᠷᠤᠯᠳᠠ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄ | ︽ᠬᠦᠬᠡ ᠠᠭᠤᠯᠠ ᠬᠦᠬᠡᠮᠳᠦᠭ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ︾ ᠬᠡᠬᠦ | ᠤᠨᠤᠯᠵᠢᠬᠤᠨ ᠢ ᠦᠢᠯᠡᠳᠦᠯᠬᠡᠵᠢᠬᠦᠯᠬᠦ ᠶᠢᠨ ᠲᠦᠯᠦᠬᠡ᠂ ᠠᠮᠢᠳᠤ ᠪᠤᠳᠠᠰ ᠤᠨ ᠤᠯᠠᠨ ᠲᠠᠯᠠᠳᠤ ᠴᠢᠨᠠᠷ ᠪᠠ ᠠᠮᠢ | ᠠᠬᠤᠢ ᠶᠢᠨ ᠲᠡᠩᠴᠡᠬᠦᠷᠢ ᠶᠢ ᠪᠠᠳᠤᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠬᠡ | ᠠᠯᠬᠤᠮ ᠠᠬᠢᠭᠤᠯᠵᠤ᠂ ᠬᠡᠬᠡᠷ᠎ᠡ ᠶᠢᠨ ᠠᠮᠢᠳᠠᠨ ᠤ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠬᠡᠬᠡᠷ᠎ᠡ ᠶᠢᠨ | ᠠᠮᠢᠳᠠᠨ ᠵᠢᠴᠢ ᠴᠢᠬᠤᠯᠠ ᠠᠮᠢᠳᠤᠷᠠᠬᠤ ᠭᠠᠵᠠᠷ ᠢ ᠪᠦᠳᠦᠮᠵᠢᠳᠠᠢ ᠬᠠᠮᠠᠭᠠᠯᠠᠵᠤ᠂ ᠲᠤᠷ᠎ᠠ ᠪᠠᠷ ᠢᠶᠠᠨ ᠠᠩᠨᠠᠬᠤ | ᠠᠵᠢᠯᠯᠠᠭ᠎ᠠ ᠶᠢ ᠬᠤᠷᠢᠭᠯᠠᠨ᠂ ᠬᠡᠬᠡᠷ᠎ᠡ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠶᠠᠯᠠᠳᠤ ᠠᠵᠢᠯᠯᠠᠭ᠎ᠠ ᠳᠤ | ᠬᠠᠤᠯᠢ ᠶᠤᠰᠤᠭᠠᠷ ᠴᠤᠬᠢᠯᠳᠠ ᠦᠭᠴᠦ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠬᠡᠷ᠎ᠡ ᠶᠢᠨ | ᠠᠮᠢᠳᠠᠨ ᠤ ᠬᠠᠮᠠᠭᠠᠯᠠᠯᠳᠠ ᠶᠢᠨ ᠬᠠᠤᠯᠢ︾ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠭᠤᠷᠠᠢ | ᠶᠢᠨ ᠠᠮᠢᠳᠠᠨ ᠢ ᠬᠠᠮᠠᠭᠠᠯᠠᠬᠤ ᠬᠡᠷᠡᠭᠵᠢᠬᠦᠯᠦᠯᠳᠡ ᠶᠢᠨ ᠲᠦᠷᠢᠮ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ︿ᠬᠡᠬᠡᠷ᠎ᠡ ᠶᠢᠨ ᠠᠮᠢᠳᠠᠨ ᠤ ᠬᠠᠮᠠᠭᠠᠯᠠᠯᠳᠠ ᠶᠢᠨ ᠬᠠᠤᠯᠢ﹀ ᠶᠢ ᠬᠡᠷᠡᠭᠵᠢᠬᠦᠯᠬᠦ ᠠᠷᠭ᠎ᠠ︾ ︽ᠬᠡᠬᠡᠷ᠎ᠡ ᠶᠢᠨ | ᠠᠮᠢᠳᠠᠨ ᠤ ᠬᠠᠤᠯᠢ ᠪᠤᠰᠤ ᠠᠷᠠᠯᠵᠢᠶ᠎ᠠ ᠶᠢ ᠴᠠᠭᠠᠵᠠᠯᠠᠵᠤ᠂ ᠬᠡᠬᠡᠷ᠎ᠡ ᠶᠢᠨ ᠠᠮᠢᠳᠠᠨ ᠢ ᠲᠤᠷ᠎ᠠ ᠪᠠᠷ ᠢᠳᠡᠬᠦ ᠪᠤᠯᠬᠢ | ᠲᠠᠳᠬᠠᠯ ᠢ ᠲᠡᠪᠴᠢᠵᠦ᠂ ᠠᠷᠠᠳ ᠲᠦᠮᠡᠨ ᠤ ᠠᠮᠢ ᠨᠠᠰᠤ ᠡᠷᠡᠬᠦᠯ ᠮᠡᠨᠳᠦ ᠠᠮᠤᠷ ᠲᠦᠪᠰᠢᠨ ᠢ ᠦᠨᠡᠨᠬᠦ ᠪᠠᠳᠤᠯᠠᠬᠤ | ᠲᠤᠬᠠᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠭᠳᠠᠭᠠᠯ︾ ᠵᠡᠷᠬᠡ ᠬᠠᠤᠯᠢ ᠴᠠᠭᠠᠵᠠ ᠬᠠᠤᠯᠢ ᠲᠤᠭᠳᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠬᠡᠬᠡᠷ᠎ᠡ ᠶᠢᠨ | ᠠᠮᠢᠳᠠᠨ ᠤ ᠡᠬᠢ ᠪᠠᠶᠠᠯᠢᠭ ᠤᠨ ᠪᠤᠳᠠᠳᠤ ᠪᠠᠶᠢᠳᠠᠯ ᠵᠢᠴᠢ ᠠᠮᠢᠳᠤᠷᠠᠵᠤ ᠦᠷᠡᠵᠢᠬᠦ ᠵᠢᠮ᠎ᠠ ᠶᠤᠰᠤ ᠲᠠᠢ | ᠤᠶᠠᠯᠳᠤᠭᠤᠯᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠳᠤᠯᠤᠯᠳᠠ ᠪᠠᠷ ᠲᠠᠮᠵᠢᠨ᠂ ᠪᠦᠬᠦ | ᠬᠤᠰᠢᠭᠤᠨ ᠤ ᠬᠡᠪᠴᠢᠶᠡᠨ ᠳᠤ ᠬᠡᠬᠡᠷ᠎ᠡ ᠶᠢᠨ ᠠᠮᠢᠳᠠᠨ ᠤ ᠠᠩ ᠤᠨ ᠬᠤᠷᠢᠭᠠᠳᠤ ᠭᠠᠵᠠᠷ ᠢ ᠢᠯᠭᠠᠨ ᠲᠤᠭᠳᠠᠭᠠᠵᠤ᠂ | ᠠᠩ ᠤᠨ ᠬᠤᠷᠢᠭᠠᠳᠠᠢ ᠬᠤᠭᠤᠴᠠᠭ᠎ᠠ ᠶᠢ ᠲᠤᠭᠳᠠᠭᠠᠬᠤ ᠶᠢ ᠵᠦᠪᠰᠢᠶᠡᠷᠡᠪᠡ᠃ ᠡᠳᠦᠬᠡ ᠬᠤᠯᠪᠤᠭᠳᠠᠯ ᠪᠦᠬᠦᠢ ᠤᠴᠢᠷ | ᠤᠨ ᠵᠠᠷᠯᠠᠯ ᠲᠤᠤᠷᠠᠬᠢ ᠮᠡᠳᠦ᠄ | ᠨᠢᠬᠡ᠂ ᠠᠩ ᠤᠨ ᠬᠤᠷᠢᠭᠠᠳᠤ ᠭᠠᠵᠠᠷ᠃ ᠡᠵᠡᠨ ᠬᠤᠷᠤᠭ᠎ᠠ ᠬᠤᠰᠢᠭᠤᠨ ᠤ ᠵᠠᠰᠠᠭ ᠵᠠᠬᠢᠷᠭᠠᠨ ᠤ ᠤᠷᠤᠨ ᠨᠢ | ᠴᠦᠮ ᠠᠩ ᠤᠨ ᠬᠤᠷᠢᠭᠠᠳᠤ ᠭᠠᠵᠠᠷ ᠪᠠᠶᠢᠵᠤ᠂ ᠠᠩ ᠤᠨ ᠬᠤᠷᠢᠭᠠᠳᠤ ᠭᠠᠵᠠᠷ ᠲᠤ ᠠᠯᠢᠪᠠ ᠠᠩᠨᠠᠬᠤ ᠠᠵᠢᠯᠯᠠᠭ᠎ᠠ | ᠶᠢ ᠴᠠᠭᠠᠵᠠᠯᠠᠨ᠎ᠠ᠃ | ᠬᠤᠶᠠᠷ᠂ ᠠᠩ ᠤᠨ ᠬᠤᠷᠢᠭᠠᠳᠠᠢ ᠬᠤᠭᠤᠴᠠᠭ᠎ᠠ᠃ ᠪᠦᠬᠦ ᠵᠢᠯ ᠤᠨ ᠲᠤᠷᠰᠢ ᠴᠦᠮ ᠠᠩ ᠤᠨ ᠬᠤᠷᠢᠭᠠᠳᠠᠢ | ᠬᠤᠭᠤᠴᠠᠭ᠎ᠠ ᠪᠠᠶᠢᠵᠤ᠂ ᠠᠩ ᠤᠨ ᠬᠤᠷᠢᠭᠠᠳᠠᠢ ᠬᠤᠭᠤᠴᠠᠭᠠᠨ ᠳᠤ ᠠᠩᠨᠠᠬᠤ ᠪᠤᠶᠤ ᠬᠡᠬᠡᠷ᠎ᠡ ᠶᠢᠨ ᠠᠮᠢᠳᠠᠨ ᠤ | ᠠᠮᠢᠳᠤᠷᠠᠨ ᠦᠷᠡᠵᠢᠬᠦ ᠶᠢ ᠬᠠᠷᠰᠢᠯᠠᠬᠤ ᠵᠢᠴᠢ ᠬᠡᠬᠡᠷ᠎ᠡ ᠶᠢᠨ ᠠᠮᠢᠳᠠᠨ ᠤ ᠠᠮᠢᠳᠤᠷᠠᠬᠤ ᠭᠠᠵᠠᠷ ᠢ ᠡᠪᠳᠡᠬᠦ ᠠᠵᠢᠯᠯᠠᠭ᠎ᠠ | ᠶᠢ ᠴᠠᠭᠠᠵᠠᠯᠠᠨ᠎ᠠ᠃ | ᠭᠤᠷᠪᠠ᠂ ᠠᠩ ᠤᠨ ᠬᠤᠷᠢᠭᠠᠳᠠᠢ ᠪᠠᠭᠠᠵᠢ᠃ ᠡᠯ᠎ᠡ ᠲᠦᠷᠦᠯ ᠤᠨ ᠫᠤᠤ ᠵᠡᠪᠰᠡᠭ᠂ ᠬᠤᠤᠷ᠂ ᠲᠡᠯᠪᠡᠷᠡᠬᠦ | ᠪᠤᠳᠠᠰ᠂ ᠭᠠᠯ ᠫᠤᠤ᠂ ᠲᠡᠮᠦᠷ ᠬᠠᠪᠬ᠎ᠠ᠂ ᠬᠡᠪᠳᠡᠭᠡ ᠨᠤᠮᠤ᠂ ᠴᠢᠪᠬ᠎ᠠ᠂ ᠬᠤᠯᠬᠤᠪᠴᠢ ᠨᠤᠮᠤ᠂ ᠨᠠᠭᠠᠯᠳᠠ ᠲᠤᠤᠷ᠂ | ᠦᠩᠬᠦᠷᠢᠬᠦᠯ ᠰᠢᠩᠬᠡᠯᠢᠭ᠂ ᠲᠠᠶᠢᠭ᠎ᠠ ᠪᠠ ᠪᠦᠷᠬᠦᠳ ᠢᠶᠠᠷ ᠠᠩᠨᠠᠨ ᠪᠠᠷᠢᠬᠤ᠂ ᠴᠠᠬᠢᠯᠭᠠᠨ ᠢᠶᠠᠷ ᠴᠤᠬᠢᠬᠤ ᠪᠤᠶᠤ | ᠡᠯᠧᠺᠲᠷᠤᠨ ᠤᠷᠬᠠᠳᠠᠨ ᠪᠠᠷᠢᠬᠤ ᠲᠦᠬᠦᠬᠡᠷᠦᠮᠵᠢ᠂ ᠠᠩᠨᠠᠯ ᠤᠨ ᠲᠤᠤᠷ᠂ ᠠᠩ ᠤᠨ ᠬᠠᠪᠬ᠎ᠠ ᠵᠢᠴᠢ ᠬᠦᠮᠦᠨ | ᠠᠮᠢᠳᠠᠨ ᠤ ᠠᠮᠦᠷ ᠲᠦᠪᠰᠢᠨ ᠳᠤ ᠬᠤᠤᠷ ᠬᠦᠨᠦᠬᠡᠯ ᠦᠵᠡᠬᠦᠯᠬᠦ ᠠᠩᠨᠠᠯ ᠤᠨ ᠪᠠᠭᠠᠵᠢ ᠪᠠ ᠲᠦᠬᠦᠬᠡᠷᠦᠮᠵᠢ ᠶᠢ | ᠬᠡᠷᠡᠭᠯᠡᠨ ᠠᠩᠨᠠᠬᠤ ᠶᠢ ᠴᠠᠭᠠᠵᠠᠯᠠᠨ᠎ᠠ᠃ ᠰᠦᠨᠢ ᠶᠢᠨ ᠬᠡᠷᠡᠯᠳᠦᠬᠦᠯᠬᠡ ᠪᠠᠷ ᠠᠩᠨᠠᠬᠤ᠂ ᠰᠦᠨᠦᠬᠡᠯᠳᠡ ᠶᠢᠨ ᠴᠢᠨᠠᠷᠳᠠᠢ | ᠬᠤᠮᠤᠷᠭᠠᠨ ᠠᠪᠠᠯᠠᠬᠤ᠂ ᠭᠠᠯ ᠢᠶᠠᠷ ᠲᠠᠭᠠᠷᠢᠬᠤ᠂ ᠤᠳᠤᠬᠤ᠂ ᠨᠦᠬᠡ ᠮᠠᠯᠳᠠᠬᠤ᠂ ᠤᠨᠠᠭᠤᠯᠢ ᠨᠦᠬᠡ᠂ ᠲᠤᠤᠷᠯᠠᠬᠤ᠂ | ᠦᠨᠳᠡᠭᠡ ᠲᠡᠬᠦᠬᠦ᠂ ᠡᠬᠦᠷ ᠠᠭᠤᠳᠠᠯᠠᠬᠤ ᠵᠡᠷᠬᠡ ᠠᠷᠭ᠎ᠠ ᠪᠠᠷᠢᠯ ᠢᠶᠠᠷ ᠠᠩᠨᠠᠬᠤ ᠶᠢ ᠴᠠᠭᠠᠵᠠᠯᠠᠨ᠎ᠠ᠃ | ᠲᠦᠷᠪᠡ᠂ ᠠᠩ ᠤᠨ ᠬᠤᠷᠢᠭᠠᠳᠤ ᠡᠳᠡᠬᠡᠳ᠃ ᠠᠩ ᠤᠨ ᠬᠤᠷᠢᠭᠠᠳᠤ ᠭᠠᠵᠠᠷ᠂ ᠠᠩ ᠤᠨ ᠬᠤᠷᠢᠭᠠᠳᠠᠢ | ᠬᠤᠭᠤᠴᠠᠭᠠᠨ ᠳᠤ ᠤᠯᠤᠰ᠂ ᠦᠪᠦᠷ ᠮᠤᠩᠭᠤᠯ ᠤᠨ ᠭᠤᠤᠯᠳᠠᠯᠭᠠᠳᠤ ᠬᠠᠮᠠᠭᠠᠯᠠᠯᠳᠠ ᠶᠢᠨ ᠬᠡᠬᠡᠷ᠎ᠡ ᠶᠢᠨ ᠠᠮᠢᠳᠠᠨ ᠤ | ᠨᠡᠷᠡᠰ ᠲᠤ ᠵᠢᠭᠰᠠᠭᠠᠭᠳᠠᠭᠰᠠᠨ ᠠᠮᠢᠳᠠᠨ ᠢ ᠠᠩᠨᠠᠬᠤ ᠶᠢ ᠴᠠᠭᠠᠵᠠᠯᠠᠵᠤ᠂ ᠤᠯᠤᠰ᠂ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠭᠤᠤᠯᠳᠠᠯᠭᠠᠳᠤ ᠠᠮᠢ ᠠᠬᠤᠢ᠂ ᠰᠢᠨᠵᠢᠯᠡᠬᠦ ᠤᠬᠠᠭᠠᠨ ᠪᠠ ᠨᠡᠶᠢᠬᠡᠮ ᠤᠨ ᠦᠷᠳᠡᠭ | ᠲᠠᠢ ᠬᠡᠬᠡᠷ᠎ᠡ ᠶᠢᠨ ᠠᠮᠢᠳᠠᠨ ᠤ ᠨᠡᠷᠡᠰ ᠲᠤ ᠵᠢᠭᠰᠠᠭᠠᠭᠳᠠᠭᠰᠠᠨ ᠬᠡᠬᠡᠷ᠎ᠡ ᠶᠢᠨ ᠠᠮᠢᠳᠠᠨ ᠢ ᠠᠩᠨᠠᠬᠤ ᠶᠢ | ᠴᠠᠭᠠᠵᠠᠯᠠᠨ᠎ᠠ᠃ | ᠲᠠᠪᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ᠃ ᠲᠤᠰ ᠵᠠᠷᠯᠠᠯ ᠢ ᠵᠦᠷᠢᠴᠡᠵᠤ᠂ ᠠᠩ ᠤᠨ ᠬᠤᠷᠢᠭᠠᠳᠤ | ᠭᠠᠵᠠᠷ᠂ ᠠᠩ ᠤᠨ ᠬᠤᠷᠢᠭᠠᠳᠠᠢ ᠬᠤᠭᠤᠴᠠᠭᠠᠨ ᠳᠤ ᠬᠡᠬᠡᠷ᠎ᠡ ᠶᠢᠨ ᠠᠮᠢᠳᠠᠨ ᠢ ᠠᠩᠨᠠᠪᠠᠯ᠂ ᠬᠡᠬᠡᠷ᠎ᠡ ᠶᠢᠨ ᠠᠮᠢᠳᠠᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ | ᠰᠢᠢᠳᠬᠡᠯ ᠤᠯᠭᠤᠨ᠎ᠠ᠃ ᠶᠠᠯ᠎ᠠ ᠬᠢᠬᠦ ᠬᠡᠮᠵᠢᠶᠡᠨ ᠳᠤ ᠬᠦᠷᠪᠡᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠲᠦᠷᠰᠦ ᠶᠢᠨ ᠰᠦᠷᠦᠭ ᠤᠨ ᠲᠤᠬᠢᠷᠠᠭᠤᠯᠤᠯᠳᠠ᠂ | ᠬᠢᠵᠢᠭ ᠤᠨ ᠡᠬᠢ ᠡᠬᠦᠰᠦᠯ ᠬᠢᠵᠢᠭ ᠡᠪᠡᠳᠴᠢᠨ ᠢ ᠬᠢᠨᠠᠨ ᠬᠡᠮᠵᠢᠬᠦ ᠪᠤᠶᠤ ᠪᠤᠰᠤᠳ ᠤᠨᠴᠠᠭᠠᠢ ᠪᠠᠶᠢᠳᠠᠯ ᠤᠨ | ᠱᠠᠭᠠᠷᠳᠠᠯᠭ᠎ᠠ ᠠᠴᠠ ᠪᠤᠯᠵᠤ ᠬᠡᠬᠡᠷ᠎ᠡ ᠶᠢᠨ ᠠᠮᠢᠳᠠᠨ ᠢ ᠠᠩᠨᠠᠬᠤ ᠳᠤ ᠡᠷᠬᠡᠪᠰᠢ ᠬᠠᠤᠯᠢ ᠶᠤᠰᠤᠭᠠᠷ ᠬᠢᠨᠠᠨ | ᠵᠦᠪᠰᠢᠶᠡᠷᠡᠬᠦ ᠭᠠᠷ ᠬᠦᠢᠴᠡᠳᠬᠡᠯ ᠢ ᠭᠤᠶᠤᠴᠢᠯᠠᠭᠰᠠᠨ ᠤ ᠲᠠᠷᠠᠭ᠎ᠠ᠂ ᠲᠤᠭᠳᠠᠭᠠᠯ ᠶᠤᠰᠤᠭᠠᠷ ᠲᠦᠷᠦᠯ ᠵᠦᠢᠯ᠂ | ᠲᠤᠭ᠎ᠠ ᠬᠡᠮᠵᠢᠶ᠎ᠡ᠂ ᠭᠠᠵᠠᠷ ᠤᠷᠤᠨ᠂ ᠪᠠᠭᠠᠵᠢ ᠬᠡᠷᠡᠭᠰᠡᠯ᠂ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷᠯᠠᠯ ᠢᠶᠠᠷ | ᠠᠩᠨᠠᠨ᠎ᠠ᠃ | ᠲᠤᠯᠤᠭ᠎ᠠ᠂ ᠲᠤᠰ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ | ᠬᠡᠷᠡᠭᠵᠢᠬᠦᠯᠦᠨ᠎ᠡ᠃ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠨᠢᠬᠡᠳᠦᠯᠳᠠᠢ ᠳ᠋ᠤᠭᠠᠷ᠄ YJHLQ — | 2020 — 0004 ᠨᠤᠮᠧᠷ᠃ | ᠢᠯᠡᠴᠢᠯᠡᠨ ᠮᠡᠳᠡᠬᠦᠯᠬᠦ ᠤᠳᠠᠰᠤ᠄ ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ | ᠲᠤᠪᠴᠢᠶ᠎ᠠ᠄ 0477- 8681254᠃ | ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ ᠶᠢᠨ ᠡᠬᠢ ᠪᠠᠶᠠᠯᠢᠭ | ᠤᠢ ᠰᠢᠭᠤᠢ ᠶᠢᠨ ᠶᠠᠪᠤᠳᠠᠯ ᠤᠨ ᠠᠵᠢᠯ ᠤᠨ ᠦᠷᠳᠡᠭᠡ᠄ 0477- 8966809᠃ | ᠡᠵᠡᠨ ᠬᠤᠷᠤᠭ᠎ᠠ ᠬᠤᠰᠢᠭᠤᠨ ᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ 0477- | 8966055᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2020 ᠤᠨ ᠤ 9 ᠰᠠᠷ᠎ᠠ ᠶᠢᠨ 15 ᠤ ᠡᠳᠦᠷ | | | | | | |