ᠬᠡᠬᠡᠷ᠎ᠡ ᠶᠢᠨ ᠠᠮᠢᠳᠠᠨ ᠤ ᠠᠩ ᠤᠨ ᠬᠤᠷᠢᠭᠠᠳᠤ ᠭᠠᠵᠠᠷ ᠢ ᠢᠯᠭᠠᠨ ᠲᠤᠭᠳᠠᠭᠠᠬᠤ᠂ ᠠᠩ ᠤᠨ ᠬᠤᠷᠢᠭᠠᠳᠠᠢ ᠬᠤᠭᠤᠴᠠᠭ᠎ᠠ ᠶᠢ ᠲᠤᠭᠳᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2020/9/30
                   ᠡᠵᠡᠨ ᠵᠠᠰᠠᠭ ᠲᠠᠷᠬᠠᠭᠠᠬᠤ〔2020〕48 ᠲᠤᠭᠠᠳᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠬᠦᠷᠢᠶᠡᠯᠡᠩ ᠲᠤᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠲᠤᠮᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ      ︽ᠬᠦᠬᠡ ᠠᠭᠤᠯᠠ ᠬᠦᠬᠡᠮᠳᠦᠭ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ︾ ᠬᠡᠬᠦ ᠤᠨᠤᠯᠵᠢᠬᠤᠨ ᠢ ᠦᠢᠯᠡᠳᠦᠯᠬᠡᠵᠢᠬᠦᠯᠬᠦ ᠶᠢᠨ ᠲᠦᠯᠦᠬᠡ᠂ ᠠᠮᠢᠳᠤ ᠪᠤᠳᠠᠰ ᠤᠨ ᠤᠯᠠᠨ ᠲᠠᠯᠠᠳᠤ ᠴᠢᠨᠠᠷ ᠪᠠ ᠠᠮᠢ ᠠᠬᠤᠢ ᠶᠢᠨ ᠲᠡᠩᠴᠡᠬᠦᠷᠢ ᠶᠢ ᠪᠠᠳᠤᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠵᠤ᠂ ᠬᠡᠬᠡᠷ᠎ᠡ ᠶᠢᠨ ᠠᠮᠢᠳᠠᠨ ᠤ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠬᠡᠬᠡᠷ᠎ᠡ ᠶᠢᠨ ᠠᠮᠢᠳᠠᠨ ᠵᠢᠴᠢ ᠴᠢᠬᠤᠯᠠ ᠠᠮᠢᠳᠤᠷᠠᠬᠤ ᠭᠠᠵᠠᠷ ᠎ ᠢ ᠪᠦᠳᠦᠮᠵᠢᠳᠠᠢ ᠬᠠᠮᠠᠭᠠᠯᠠᠵᠤ᠂ ᠲᠤᠷ᠎ᠠ ᠪᠠᠷ ᠢᠶᠠᠨ ᠠᠩᠨᠠᠬᠤ ᠠᠵᠢᠯᠯᠠᠭ᠎ᠠ ᠶᠢ ᠬᠤᠷᠢᠭᠯᠠᠨ᠂ ᠬᠡᠬᠡᠷ᠎ᠡ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠬᠡᠷ᠎ᠡ ᠶᠢᠨ ᠠᠮᠢᠳᠠᠨ ᠤ ᠬᠠᠮᠠᠭᠠᠯᠠᠯᠳᠠ ᠶᠢᠨ ᠬᠠᠤᠯᠢ︾ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠭᠤᠷᠠᠢ ᠶᠢᠨ ᠠᠮᠢᠳᠠᠨ ᠢ ᠬᠠᠮᠠᠭᠠᠯᠠᠬᠤ ᠬᠡᠷᠡᠭᠵᠢᠬᠦᠯᠦᠯᠳᠡ ᠶᠢᠨ ᠲᠦᠷᠢᠮ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︿ᠬᠡᠬᠡᠷ᠎ᠡ ᠶᠢᠨ ᠠᠮᠢᠳᠠᠨ ᠤ ᠬᠠᠮᠠᠭᠠᠯᠠᠯᠳᠠ ᠶᠢᠨ ᠬᠠᠤᠯᠢ﹀᠎ ᠶᠢ ᠬᠡᠷᠡᠭᠵᠢᠬᠦᠯᠬᠦ ᠠᠷᠭ᠎ᠠ︾ ︽ᠬᠡᠬᠡᠷ᠎ᠡ ᠶᠢᠨ ᠠᠮᠢᠳᠠᠨ ᠎ ᠤ ᠬᠠᠤᠯᠢ ᠪᠤᠰᠤ ᠠᠷᠠᠯᠵᠢᠶ᠎ᠠ ᠶᠢ ᠴᠠᠭᠠᠵᠠᠯᠠᠵᠤ᠂ ᠬᠡᠬᠡᠷ᠎ᠡ ᠶᠢᠨ ᠠᠮᠢᠳᠠᠨ ᠢ ᠲᠤᠷ᠎ᠠ ᠪᠠᠷ ᠢᠳᠡᠬᠦ ᠪᠤᠯᠬᠢ ᠲᠠᠳᠬᠠᠯ ᠢ ᠲᠡᠪᠴᠢᠵᠦ᠂ ᠠᠷᠠᠳ ᠲᠦᠮᠡᠨ ᠤ ᠠᠮᠢ ᠨᠠᠰᠤ ᠡᠷᠡᠬᠦᠯ ᠮᠡᠨᠳᠦ ᠠᠮᠤᠷ ᠲᠦᠪᠰᠢᠨ ᠢ ᠦᠨᠡᠨᠬᠦ ᠪᠠᠳᠤᠯᠠᠬᠤ ᠲᠤᠬᠠᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠳᠠᠭᠠᠯ︾ ᠵᠡᠷᠬᠡ ᠬᠠᠤᠯᠢ ᠴᠠᠭᠠᠵᠠ ᠬᠠᠤᠯᠢ ᠲᠤᠭᠳᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠬᠡᠬᠡᠷ᠎ᠡ ᠶᠢᠨ ᠠᠮᠢᠳᠠᠨ ᠤ ᠡᠬᠢ ᠪᠠᠶᠠᠯᠢᠭ ᠤᠨ ᠪᠤᠳᠠᠳᠤ ᠪᠠᠶᠢᠳᠠᠯ ᠵᠢᠴᠢ ᠠᠮᠢᠳᠤᠷᠠᠵᠤ ᠦᠷᠡᠵᠢᠬᠦ ᠵᠢᠮ᠎ᠠ ᠶᠤᠰᠤ ᠲᠠᠢ ᠤᠶᠠᠯᠳᠤᠭᠤᠯᠤᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠰᠤᠳᠤᠯᠤᠯᠳᠠ ᠪᠠᠷ ᠲᠠᠮᠵᠢᠨ᠂ ᠪᠦᠬᠦ ᠬᠤᠰᠢᠭᠤᠨ ᠤ ᠬᠡᠪᠴᠢᠶᠡᠨ ᠳᠤ ᠬᠡᠬᠡᠷ᠎ᠡ ᠶᠢᠨ ᠠᠮᠢᠳᠠᠨ ᠤ ᠠᠩ ᠤᠨ ᠬᠤᠷᠢᠭᠠᠳᠤ ᠭᠠᠵᠠᠷ ᠢ ᠢᠯᠭᠠᠨ ᠲᠤᠭᠳᠠᠭᠠᠵᠤ᠂ ᠠᠩ ᠤᠨ ᠬᠤᠷᠢᠭᠠᠳᠠᠢ ᠬᠤᠭᠤᠴᠠᠭ᠎ᠠ ᠶᠢ ᠲᠤᠭᠳᠠᠭᠠᠬᠤ ᠶᠢ ᠵᠦᠪᠰᠢᠶᠡᠷᠡᠪᠡ᠃ ᠡᠳᠦᠬᠡ ᠬᠤᠯᠪᠤᠭᠳᠠᠯ ᠪᠦᠬᠦᠢ ᠤᠴᠢᠷ ᠤᠨ ᠵᠠᠷᠯᠠᠯ ᠲᠤᠤᠷᠠᠬᠢ ᠮᠡᠳᠦ᠄      ᠨᠢᠬᠡ᠂ ᠠᠩ ᠤᠨ ᠬᠤᠷᠢᠭᠠᠳᠤ ᠭᠠᠵᠠᠷ᠃ ᠡᠵᠡᠨ ᠬᠤᠷᠤᠭ᠎ᠠ ᠬᠤᠰᠢᠭᠤᠨ ᠤ ᠵᠠᠰᠠᠭ ᠵᠠᠬᠢᠷᠭᠠᠨ ᠤ ᠤᠷᠤᠨ ᠨᠢ ᠴᠦᠮ ᠠᠩ ᠤᠨ ᠬᠤᠷᠢᠭᠠᠳᠤ ᠭᠠᠵᠠᠷ ᠪᠠᠶᠢᠵᠤ ᠂ ᠠᠩ ᠤᠨ ᠬᠤᠷᠢᠭᠠᠳᠤ ᠭᠠᠵᠠᠷ ᠲᠤ ᠠᠯᠢᠪᠠ ᠠᠩᠨᠠᠬᠤ ᠠᠵᠢᠯᠯᠠᠭ᠎ᠠ ᠶᠢ ᠴᠠᠭᠠᠵᠠᠯᠠᠨ᠎ᠠ᠃      ᠬᠤᠶᠠᠷ᠂ ᠠᠩ ᠤᠨ ᠬᠤᠷᠢᠭᠠᠳᠠᠢ ᠬᠤᠭᠤᠴᠠᠭ᠎ᠠ᠃ ᠪᠦᠬᠦ ᠵᠢᠯ ᠤᠨ ᠲᠤᠷᠰᠢ ᠴᠦᠮ ᠠᠩ ᠤᠨ ᠬᠤᠷᠢᠭᠠᠳᠠᠢ ᠬᠤᠭᠤᠴᠠᠭ᠎ᠠ ᠪᠠᠶᠢᠵᠤ᠂ ᠠᠩ ᠤᠨ ᠬᠤᠷᠢᠭᠠᠳᠠᠢ ᠬᠤᠭᠤᠴᠠᠭᠠᠨ ᠳᠤ ᠠᠩᠨᠠᠬᠤ ᠪᠤᠶᠤ ᠬᠡᠬᠡᠷ᠎ᠡ ᠶᠢᠨ ᠠᠮᠢᠳᠠᠨ ᠤ ᠠᠮᠢᠳᠤᠷᠠᠨ ᠦᠷᠡᠵᠢᠬᠦ ᠶᠢ ᠬᠠᠷᠰᠢᠯᠠᠬᠤ ᠵᠢᠴᠢ ᠬᠡᠬᠡᠷ᠎ᠡ ᠶᠢᠨ ᠠᠮᠢᠳᠠᠨ ᠤ ᠠᠮᠢᠳᠤᠷᠠᠬᠤ ᠭᠠᠵᠠᠷ ᠢ ᠡᠪᠳᠡᠬᠦ ᠠᠵᠢᠯᠯᠠᠭ᠎ᠠ ᠶᠢ ᠴᠠᠭᠠᠵᠠᠯᠠᠨ᠎ᠠ᠃      ᠭᠤᠷᠪᠠ᠂ ᠠᠩ ᠤᠨ ᠬᠤᠷᠢᠭᠠᠳᠠᠢ ᠪᠠᠭᠠᠵᠢ᠃ ᠡᠯ᠎ᠡ ᠲᠦᠷᠦᠯ ᠤᠨ ᠫᠤᠤ ᠵᠡᠪᠰᠡᠭ᠂ ᠬᠤᠤᠷ᠂ ᠲᠡᠯᠪᠡᠷᠡᠬᠦ ᠪᠤᠳᠠᠰ᠂ ᠭᠠᠯ ᠫᠤᠤ᠂ ᠲᠡᠮᠦᠷ ᠬᠠᠪᠬ᠎ᠠ᠂ ᠬᠡᠪᠳᠡᠭᠡ ᠨᠤᠮᠤ᠂ ᠴᠢᠪᠬ᠎ᠠ᠂ ᠬᠤᠯᠬᠤᠪᠴᠢ ᠨᠤᠮᠤ᠂ ᠨᠠᠭᠠᠯᠳᠠ ᠲᠤᠤᠷ᠂ ᠦᠩᠬᠦᠷᠢᠬᠦᠯ ᠰᠢᠩᠬᠡᠯᠢᠭ᠂ ᠲᠠᠶᠢᠭ᠎ᠠ ᠪᠠ ᠪᠦᠷᠬᠦᠳ ᠢᠶᠠᠷ ᠠᠩᠨᠠᠨ ᠪᠠᠷᠢᠬᠤ᠂ ᠴᠠᠬᠢᠯᠭᠠᠨ ᠢᠶᠠᠷ ᠴᠤᠬᠢᠬᠤ ᠪᠤᠶᠤ ᠡᠯᠧᠺᠲᠷᠤᠨ ᠤᠷᠬᠠᠳᠠᠨ ᠪᠠᠷᠢᠬᠤ ᠲᠦᠬᠦᠬᠡᠷᠦᠮᠵᠢ᠂ ᠠᠩᠨᠠᠯ ᠤᠨ ᠲᠤᠤᠷ᠂ ᠠᠩ ᠤᠨ  ᠬᠠᠪᠬ᠎ᠠ ᠵᠢᠴᠢ ᠬᠦᠮᠦᠨ ᠠᠮᠢᠳᠠᠨ ᠤ ᠠᠮᠦᠷ ᠲᠦᠪᠰᠢᠨ ᠳᠤ ᠬᠤᠤᠷ ᠬᠦᠨᠦᠬᠡᠯ ᠦᠵᠡᠬᠦᠯᠬᠦ ᠠᠩᠨᠠᠯ ᠤᠨ ᠪᠠᠭᠠᠵᠢ ᠪᠠ ᠲᠦᠬᠦᠬᠡᠷᠦᠮᠵᠢ ᠶᠢ ᠬᠡᠷᠡᠭᠯᠡᠨ ᠠᠩᠨᠠᠬᠤ ᠶᠢ ᠴᠠᠭᠠᠵᠠᠯᠠᠨ᠎ᠠ᠃ ᠰᠦᠨᠢ ᠶᠢᠨ ᠬᠡᠷᠡᠯᠳᠦᠬᠦᠯᠬᠡ ᠪᠠᠷ ᠠᠩᠨᠠᠬᠤ᠂ ᠰᠦᠨᠦᠬᠡᠯᠳᠡ ᠶᠢᠨ ᠴᠢᠨᠠᠷᠳᠠᠢ ᠬᠤᠮᠤᠷᠭᠠᠨ ᠠᠪᠠᠯᠠᠬᠤ᠂ ᠭᠠᠯ ᠢᠶᠠᠷ ᠲᠠᠭᠠᠷᠢᠬᠤ᠂ ᠤᠳᠤᠬᠤ᠂ ᠨᠦᠬᠡ ᠮᠠᠯᠳᠠᠬᠤ᠂ ᠤᠨᠠᠭᠤᠯᠢ ᠨᠦᠬᠡ᠂ ᠲᠤᠤᠷᠯᠠᠬᠤ᠂ ᠦᠨᠳᠡᠭᠡ ᠲᠡᠬᠦᠬᠦ᠂ ᠡᠬᠦᠷ ᠠᠭᠤᠳᠠᠯᠠᠬᠤ ᠵᠡᠷᠬᠡ ᠠᠷᠭ᠎ᠠ ᠪᠠᠷᠢᠯ ᠢᠶᠠᠷ ᠠᠩᠨᠠᠬᠤ ᠶᠢ ᠴᠠᠭᠠᠵᠠᠯᠠᠨ᠎ᠠ᠃      ᠲᠦᠷᠪᠡ᠂ ᠠᠩ ᠤᠨ ᠬᠤᠷᠢᠭᠠᠳᠤ ᠡᠳᠡᠬᠡᠳ᠃ ᠠᠩ ᠤᠨ ᠬᠤᠷᠢᠭᠠᠳᠤ ᠭᠠᠵᠠᠷ᠂ ᠠᠩ ᠤᠨ ᠬᠤᠷᠢᠭᠠᠳᠠᠢ ᠬᠤᠭᠤᠴᠠᠭᠠᠨ ᠳᠤ ᠤᠯᠤᠰ᠂ ᠦᠪᠦᠷ ᠮᠤᠩᠭᠤᠯ ᠎ ᠤᠨ ᠭᠤᠤᠯᠳᠠᠯᠭᠠᠳᠤ ᠬᠠᠮᠠᠭᠠᠯᠠᠯᠳᠠ ᠶᠢᠨ ᠬᠡᠬᠡᠷ᠎ᠡ ᠶᠢᠨ ᠠᠮᠢᠳᠠᠨ ᠤ ᠨᠡᠷᠡᠰ ᠲᠤ ᠵᠢᠭᠰᠠᠭᠠᠭᠳᠠᠭᠰᠠᠨ ᠠᠮᠢᠳᠠᠨ ᠢ ᠠᠩᠨᠠᠬᠤ ᠶᠢ ᠴᠠᠭᠠᠵᠠᠯᠠᠵᠤ᠂ ᠤᠯᠤᠰ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠤᠤᠯᠳᠠᠯᠭᠠᠳᠤ ᠠᠮᠢ ᠠᠬᠤᠢ᠂ ᠰᠢᠨᠵᠢᠯᠡᠬᠦ ᠤᠬᠠᠭᠠᠨ ᠪᠠ ᠨᠡᠶᠢᠬᠡᠮ ᠤᠨ ᠦᠷᠳᠡᠭ ᠲᠠᠢ ᠬᠡᠬᠡᠷ᠎ᠡ ᠶᠢᠨ ᠠᠮᠢᠳᠠᠨ ᠤ ᠨᠡᠷᠡᠰ ᠲᠤ ᠵᠢᠭᠰᠠᠭᠠᠭᠳᠠᠭᠰᠠᠨ ᠬᠡᠬᠡᠷ᠎ᠡ ᠶᠢᠨ ᠠᠮᠢᠳᠠᠨ ᠢ ᠠᠩᠨᠠᠬᠤ ᠶᠢ ᠴᠠᠭᠠᠵᠠᠯᠠᠨ᠎ᠠ᠃      ᠲᠠᠪᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ᠃ ᠲᠤᠰ ᠵᠠᠷᠯᠠᠯ ᠢ ᠵᠦᠷᠢᠴᠡᠵᠤ᠂ ᠠᠩ ᠤᠨ ᠬᠤᠷᠢᠭᠠᠳᠤ ᠭᠠᠵᠠᠷ᠂ ᠠᠩ ᠤᠨ ᠬᠤᠷᠢᠭᠠᠳᠠᠢ ᠬᠤᠭᠤᠴᠠᠭᠠᠨ ᠎ ᠳᠤ ᠬᠡᠬᠡᠷ᠎ᠡ ᠶᠢᠨ ᠠᠮᠢᠳᠠᠨ ᠢ ᠠᠩᠨᠠᠪᠠᠯ᠂ ᠬᠡᠬᠡᠷ᠎ᠡ ᠶᠢᠨ ᠠᠮᠢᠳᠠᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠨ᠎ᠠ᠃ ᠶᠠᠯ᠎ᠠ ᠬᠢᠬᠦ ᠬᠡᠮᠵᠢᠶᠡᠨ ᠳᠤ ᠬᠦᠷᠪᠡᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠲᠦᠷᠰᠦ ᠶᠢᠨ ᠰᠦᠷᠦᠭ ᠤᠨ ᠲᠤᠬᠢᠷᠠᠭᠤᠯᠤᠯᠳᠠ᠂ ᠬᠢᠵᠢᠭ ᠤᠨ ᠡᠬᠢ ᠡᠬᠦᠰᠦᠯ ᠬᠢᠵᠢᠭ ᠡᠪᠡᠳᠴᠢᠨ ᠢ ᠬᠢᠨᠠᠨ ᠬᠡᠮᠵᠢᠬᠦ ᠪᠤᠶᠤ ᠪᠤᠰᠤᠳ ᠤᠨᠴᠠᠭᠠᠢ ᠪᠠᠶᠢᠳᠠᠯ ᠤᠨ ᠱᠠᠭᠠᠷᠳᠠᠯᠭ᠎ᠠ ᠠᠴᠠ ᠪᠤᠯᠵᠤ ᠬᠡᠬᠡᠷ᠎ᠡ ᠶᠢᠨ ᠠᠮᠢᠳᠠᠨ ᠢ ᠠᠩᠨᠠᠬᠤ ᠳᠤ ᠡᠷᠬᠡᠪᠰᠢ ᠬᠠᠤᠯᠢ ᠶᠤᠰᠤᠭᠠᠷ ᠬᠢᠨᠠᠨ ᠵᠦᠪᠰᠢᠶᠡᠷᠡᠬᠦ ᠭᠠᠷ ᠬᠦᠢᠴᠡᠳᠬᠡᠯ ᠢ ᠭᠤᠶᠤᠴᠢᠯᠠᠭᠰᠠᠨ ᠤ ᠲᠠᠷᠠᠭ᠎ᠠ᠂ ᠲᠤᠭᠳᠠᠭᠠᠯ ᠶᠤᠰᠤᠭᠠᠷ ᠲᠦᠷᠦᠯ ᠵᠦᠢᠯ᠂ ᠲᠤᠭ᠎ᠠ ᠬᠡᠮᠵᠢᠶ᠎ᠡ᠂ ᠭᠠᠵᠠᠷ ᠤᠷᠤᠨ᠂ ᠪᠠᠭᠠᠵᠢ ᠬᠡᠷᠡᠭᠰᠡᠯ᠂ ᠠᠷᠭ᠎ᠠ  ᠬᠡᠮᠵᠢᠶ᠎ᠡ ᠪᠠ ᠴᠠᠭ ᠤᠨ ᠬᠢᠵᠠᠭᠠᠷᠯᠠᠯ ᠢᠶᠠᠷ ᠠᠩᠨᠠᠨ᠎ᠠ᠃      ᠲᠤᠯᠤᠭ᠎ᠠ᠂ ᠲᠤᠰ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠬᠦᠯᠦᠨ᠎ᠡ᠃ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠨᠢᠬᠡᠳᠦᠯᠳᠠᠢ ᠳ᠋ᠤᠭᠠᠷ᠄ YJHLQ — 2020 — 0004 ᠨᠤᠮᠧᠷ᠃     ᠢᠯᠡᠴᠢᠯᠡᠨ ᠮᠡᠳᠡᠬᠦᠯᠬᠦ ᠤᠳᠠᠰᠤ᠄ ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ᠄ 0477- 8681254᠃      ᠡᠵᠡᠨ ᠬᠤᠷᠤᠭ᠎ᠠ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶ᠎ᠠ ᠶᠢᠨ ᠡᠬᠢ ᠪᠠᠶᠠᠯᠢᠭ ᠤᠢ ᠰᠢᠭᠤᠢ ᠶᠢᠨ ᠶᠠᠪᠤᠳᠠᠯ ᠤᠨ ᠠᠵᠢᠯ ᠤᠨ ᠦᠷᠳᠡᠭᠡ᠄ 0477- 8966809᠃      ᠡᠵᠡᠨ ᠬᠤᠷᠤᠭ᠎ᠠ ᠬᠤᠰᠢᠭᠤᠨ ᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ 0477- 8966055᠃                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                         2020 ᠤᠨ ᠤ 9 ᠰᠠᠷ᠎ᠠ ᠶᠢᠨ 15᠎ ᠤ ᠡᠳᠦᠷ
ᠢᠷᠡᠯᠲᠡ᠄ ᠲᠤᠰ ᠰᠦᠯᠵᠢᠶ᠎ᠡ