| | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠭᠤᠣᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢ ᠰᠠᠶᠢᠲᠤᠷ ᠬᠢᠬᠦ ᠲᠤᠬᠠᠶ ᠵᠣᠷᠢᠭ ᠰᠠᠨᠠᠭ᠎ᠠ ᠶᠢ ᠦᠨᠳᠦᠰᠦᠯᠡᠨ᠂ 1 ᠰᠠᠷ᠎ᠠ ᠶᠢᠨ 6 ᠤ ᠡᠳᠦᠷ᠂ ᠮᠠᠨ ᠤ | ᠬᠤᠰᠢᠭᠤᠨ ᠤ ᠠᠩᠬᠠᠳᠠᠭᠴᠢ ᠪᠦᠯᠦᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠡᠵᠡᠨ ᠬᠤᠷᠤᠭ᠎ᠠ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠠᠯᠳᠠᠨᠰᠢᠷᠡᠭᠡ ᠪᠠᠯᠭᠠᠰᠤᠨ ᠤ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠲᠤ ᠡᠬᠢᠯᠡᠨ ᠳᠠᠷᠢᠪᠠ᠃ ᠠᠩᠬᠠᠳᠠᠭᠴᠢ ᠲᠠᠷᠢᠯᠭ᠎ᠠ | ᠳᠠᠷᠢᠭᠤᠯᠤᠭᠰᠠᠨ ᠬᠥᠮᠦᠰ ᠪᠣᠯ ᠬᠦᠢᠳᠡᠨ ᠬᠡᠯᠬᠢᠶᠡᠲᠦ ᠠᠵᠢᠯᠲᠠᠨ᠂ ᠲᠡᠮᠦᠷ ᠵᠠᠮ᠂ ᠠᠭᠠᠷ ᠤᠨ ᠠᠶᠠᠯᠠᠯ ᠤᠨ | ᠨᠢᠭᠡᠳᠦᠭᠡᠷ ᠹᠷᠣᠨᠲ ᠤᠨ ᠠᠵᠢᠯᠲᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠡᠮᠴᠢᠯᠡᠭᠡᠨ ᠤ | ᠪᠠᠶᠢᠭᠤᠯᠤᠮᠵᠢ ᠶᠢᠨ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠵᠡᠷᠭᠡ ᠭᠤᠣᠯᠳᠠᠯᠭ᠎ᠠ ᠲᠠᠢ ᠬᠥᠮᠦᠰ ᠪᠣᠯᠤᠨ᠎ᠠ᠃ | | | | ᠠᠩᠬ᠎ᠠ ᠤᠳᠠᠭ᠎ᠠ 600 ᠬᠦᠮᠦᠨ ᠤᠳᠠᠭ᠎ᠠ ᠶᠢᠨ ᠸᠠᠺᠼᠢᠨ ᠢ ᠤᠷᠤᠭᠤᠯᠵᠤ᠂ ᠲᠣᠰ ᠡᠳᠦᠷ ᠤᠨ ᠦᠳᠡ ᠳᠤ | ᠠᠵᠢᠯ ᠠᠴᠠ ᠪᠠᠭᠤᠬᠤ ᠠᠴᠠ ᠡᠮᠦᠨ᠎ᠡ ᠪᠤᠯᠳᠠᠯ᠎ᠠ ᠨᠢᠭᠡᠨᠲᠡ 146 ᠬᠥᠮᠦᠨ ᠲᠠᠷᠢᠯᠭ᠎ᠠ ᠳᠠᠷᠢᠵᠤ᠂ ᠴᠥᠮ ᠬᠡᠪ ᠤᠨ | ᠪᠤᠰᠤ ᠪᠠᠶᠢᠳᠠᠯ ᠢᠯᠡᠷᠡᠭᠰᠡᠨ ᠥᠬᠡᠶ᠂ ᠵᠢᠱᠢᠯᠲᠡ ᠪᠠᠷ ᠲᠣᠰ ᠭᠠᠷᠠᠭ ᠤᠨ ᠲᠠᠪᠤᠨ ᠠᠴᠠ ᠡᠮᠦᠨ᠎ᠡ ᠠᠩᠬᠠᠳᠠᠭᠴᠢ | ᠪᠦᠯᠦᠭ ᠤᠨ ᠸᠠᠺᠼᠢᠨ ᠳᠠᠷᠢᠬᠤ ᠠᠵᠢᠯ ᠢ ᠪᠡᠶᠡᠯᠡᠭᠦᠯᠬᠦ ᠪᠣᠯᠤᠨ᠎ᠠ᠃ ᠪᠥᠬᠦ ᠬᠤᠰᠢᠭᠤᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠵᠢᠷᠤᠮᠵᠢᠭᠤᠨ᠂ ᠥᠨᠳᠥᠷ ᠪᠦᠲᠦᠮᠵᠢᠲᠡᠶ᠂ | ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠲᠣᠮᠢᠯᠠᠵᠤ᠂ | ᠲᠦᠷᠭᠡᠨ ᠠᠪᠤᠷᠬᠠᠤ ᠲᠥᠬᠦᠭᠡᠷᠦᠮᠵᠢ᠂ ᠡᠮ ᠤᠨ ᠵᠦᠢᠯ᠂ ᠭᠤᠤᠷᠰᠤ ᠰᠠᠭᠤᠯᠭᠠᠬᠤ ᠬᠡᠷᠡᠭᠰᠡᠯ ᠵᠡᠷᠭᠡ ᠶᠢ | ᠲᠣᠬᠢᠷᠠᠭᠤᠯᠵᠤ᠂ ᠪᠥᠬᠦ ᠬᠤᠰᠢᠭᠤᠨ ᠤ ᠪᠤᠰᠤᠳ ᠲᠠᠷᠢᠯᠭ᠎ᠠ ᠶᠢᠨ ᠴᠡᠭ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ | ᠡᠭᠦᠷᠭᠡᠯᠡᠨ᠎ᠡ᠃ ᠲᠠᠷᠢᠯᠭ᠎ᠠ ᠬᠢᠬᠦ ᠴᠡᠭ ᠨᠢ ᠰᠡᠷᠭᠡᠶᠢᠯᠡᠬᠦ ᠲᠠᠷᠢᠯᠭ᠎ᠠ ᠬᠢᠬᠦ ᠠᠵᠢᠯ ᠤᠨ ᠳᠡᠰ ᠳᠠᠷᠠᠭᠠᠯᠠᠯ ᠢ ᠴᠢᠩᠭ᠎ᠠ | ᠵᠢᠷᠤᠮᠯᠠᠨ ᠲᠤᠬᠠᠶ ᠶᠢᠨ ᠭᠠᠵᠠᠷ ᠲᠤᠨᠢ ᠲᠠᠷᠢᠯᠭ᠎ᠠ ᠬᠢᠵᠦ᠂ ᠸᠠᠺᠼᠢᠨ ᠤ ᠲᠠᠷᠢᠯᠭ᠎ᠠ ᠬᠢᠬᠦ ᠠᠶᠤᠯᠬᠦᠢ ᠪᠠᠶᠢᠬᠤ ᠶᠢ | ᠦᠨᠡᠨᠬᠦ ᠪᠠᠲᠤᠯᠠᠬᠤ ᠶᠢᠨ ᠬᠠᠮᠲᠤ ᠸᠠᠺᠼᠢᠨ ᠤ ᠲᠠᠷᠢᠯᠭ᠎ᠠ ᠬᠢᠬᠦ ᠬᠥᠮᠦᠰ᠂ ᠪᠤᠰᠤᠳ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠶᠢ ᠪᠠᠭᠤᠷᠠᠭᠤᠯᠬᠤ ᠦᠭᠡᠶ ᠪᠠᠶᠢᠬᠤ ᠬᠡᠷᠡᠭᠲᠡᠶ᠃ | | | | | |