ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠵᠦ ᠯᠢ ᠯᠦᠨ ᠤ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠴᠠᠬᠢᠯᠭᠠᠨ ᠴᠢᠮᠡᠭᠡ ᠶᠠᠪᠤᠭᠤᠯᠵᠤ ᠪᠠᠶᠠᠷ ᠬᠦᠷᠭᠡᠪᠡ  ᠵᠦ ᠯᠢ ᠯᠦᠨ ᠰᠢ ᠶᠢᠨ ᠫᠢᠩ ᠳᠤ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ ᠲᠠᠯᠠᠷᠬᠠᠵᠤ ᠪᠠᠶᠢᠬᠤ ᠪᠠᠨ ᠢᠯᠡᠳᠬᠡᠵᠠᠢ
ᠨᠡᠶᠢᠲᠡᠯᠡᠭᠰᠡᠨ ᠴᠠᠭ᠄
2021/10/9
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26᠎ ᠤ ᠴᠠᠬᠢᠯᠭᠠᠨ ᠮᠡᠳᠡᠭᠡ  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ 26᠎ ᠤ ᠡᠳᠦᠷ ᠵᠦ ᠯᠢ ᠯᠦᠨ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠥᠩᠭᠡᠷᠡᠭᠰᠡᠨ ᠨᠢᠭᠡ ᠬᠤᠭᠤᠴᠠᠭᠠᠨ ᠳᠤ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠎ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠡᠰᠡᠷᠭᠦᠴᠡᠬᠦ ᠬᠠᠮᠲᠤ ᠶᠢᠨ ᠤᠯᠤᠰ ᠲᠦᠷᠦ ᠶᠢᠨ ᠰᠠᠭᠤᠷᠢᠨ ᠳᠡᠭᠡᠷ᠎ᠡ ᠰᠠᠶᠢᠳᠤᠷ ᠬᠤᠷᠰᠢᠯᠴᠠᠵᠥ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠵᠤ᠂ ᠲᠠᠶᠢᠸᠠᠨ ᠬ᠊  ‍ᠣᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠡᠷ ᠲᠤ ᠪᠤᠶᠠᠨ ᠦᠢᠯᠡᠳᠴᠦ᠂ ᠢᠯᠡᠳᠳᠡ ᠦᠷ᠎ᠡ ᠪᠦᠲᠦᠮᠵᠢ ᠤᠯᠵᠠᠢ᠃ ᠬᠤᠶᠠᠷ ᠨᠠᠮ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠬᠠᠮᠲᠤ ᠶᠢᠨ ᠤᠯᠤᠰ ᠲᠥᠷᠥ ᠶᠢᠨ ᠰᠠᠭᠤᠷᠢ ᠶᠢ ᠪᠠᠷᠢᠮᠲᠠᠯᠠᠨ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ᠨᠢᠭᠳᠠ ᠬᠠᠮᠳᠤᠷᠠᠯᠴᠠᠵᠤ᠂ ᠠᠬ᠎ᠠ ᠳᠡᠭᠦᠦ ᠨᠡᠷ ᠲᠠᠭᠠᠨ ᠪᠤᠶᠠᠨ ᠵᠢᠷᠭᠠᠯ ᠣᠯᠭᠤᠵᠤ᠂ ᠲᠠᠶᠢᠸᠠᠨ ᠬᠤᠭᠤᠯᠠᠶ ᠶᠢᠨ ᠡᠩᠬᠡ ᠲᠠᠶᠢᠪᠤᠩ ᠤᠨ ᠲᠥᠯᠥᠭᠡ ᠴᠢᠷᠮᠠᠶᠢᠵᠤ᠂ ᠤᠯᠤᠰ ᠣᠷᠣᠨ ᠤ ᠨᠢᠭᠡᠳᠦᠯ ᠤᠨ ᠲᠥᠯᠥᠭᠡ ᠴᠢᠷᠮᠠᠶᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃      ᠲᠤᠰ ᠡᠳᠦᠷ᠂ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠵᠦ ᠯᠢ ᠯᠦᠨ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠴᠥᠮ ᠶᠠᠨᠳᠢ ᠬᠤᠸᠠᠩᠳᠢ ᠶᠢᠨ ᠦᠷ᠎ᠡ ᠬᠤᠶᠢᠴᠢᠰ ᠮᠥᠨ᠂ ᠬᠤᠶᠢᠰᠢᠳᠠ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾᠎ ᠶᠢ ᠡᠰᠡᠷᠭᠦᠴᠡᠬᠦ ᠰᠠᠭᠤᠷᠢᠨ ᠳᠡᠭᠡᠷ᠎ᠡ᠂ ᠢᠲᠡᠭᠡᠯᠴᠡᠭᠡ ᠠᠭᠤᠰᠤᠯᠴᠠᠯ ᠢᠶᠠᠨ ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠤᠯᠠᠨ ᠳᠤ ᠬᠠᠮᠲᠤ ᠪᠠᠷ ᠪᠤᠶᠠᠨ ᠦᠢᠯᠡᠳᠴᠦ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠶᠢ ᠳᠤᠩ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号