| ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢ ᠠᠨ ᠳᠤ | ᠥᠨᠳᠥᠷᠯᠡᠪᠡ | ᠯᠢ ᠺᠧ ᠴᠢᠶᠠᠩ ᠲᠡᠭᠦᠰᠬᠦ ᠶᠣᠰᠣᠯᠠᠯ ᠳᠤ ᠣᠷᠣᠯᠴᠠᠪᠠ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ 27 ᠤ ᠣᠷᠣᠶ ᠰᠢ ᠠᠨ ᠳᠤ ᠥᠨᠳᠥᠷᠯᠡᠪᠡ᠃ | ᠤᠷᠤᠢ ᠶᠢᠨ 8 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠰᠢ ᠠᠨ ᠤ ᠣᠯᠢᠮᠫᠢᠺ ᠤᠨ ᠴᠤᠭᠯᠠᠭᠠᠨ ᠤ ᠲᠥᠪ ᠤᠨ ᠪᠡᠶ᠎ᠡ ᠶᠢᠨ | ᠲᠠᠮᠢᠷ ᠤᠨ ᠣᠷᠳᠣᠨ ᠳᠤ ᠶᠠᠪᠤᠭᠳᠠᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠥᠨᠳᠥᠷᠯᠡᠭᠰᠡᠨ ᠢ ᠵᠠᠷᠯᠠᠪᠠ᠃ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠳᠠᠭᠤᠤ ︽ᠢᠷᠡᠭᠡᠳᠦᠢ ᠶᠢ | ᠵᠣᠷᠢᠨ ᠮᠣᠷᠳᠠᠶ᠎ᠠ︾ ᠭᠡᠬᠦ ᠬᠥᠭᠵᠢᠮ ᠤᠨ ᠳᠤᠮᠳᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠠᠯᠭᠤᠷᠬᠠᠨ ᠳᠣᠷᠣᠭᠰᠢᠯᠠᠵᠤ᠂ 13 ᠡᠳᠦᠷ ᠳᠦᠷᠡᠯᠵᠡᠭᠰᠡᠨ ᠭᠤᠣᠯ | ᠭᠠᠯ ᠪᠠᠮᠪᠠᠷ ᠠᠭᠠᠵᠢᠮ ᠢᠶᠠᠷ ᠤᠨᠲᠠᠷᠠᠪᠠ᠃ | | | | ᠰᠦᠨ ᠴᠦᠨ ᠯᠠᠨ᠂ ᠵᠠᠩ ᠴᠦᠨ ᠰᠢᠶᠠᠨ᠂ ᠰᠢᠶᠤᠤ ᠵᠢᠶᠧ᠂ ᠭᠦ᠋ ᠱᠧᠩ ᠽᠦ ᠵᠢᠴᠢ ᠮᠢᠶᠣᠣ ᠬᠤᠸᠠ | ᠲᠡᠭᠦᠰᠬᠦ ᠶᠣᠰᠣᠯᠠᠯ ᠳᠤ ᠣᠷᠣᠯᠴᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠠᠨ ᠤ ᠤᠯᠤᠰ ᠤᠨ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ | ᠴᠢᠬᠤᠯᠠ ᠵᠠᠩᠭᠢᠯᠠᠭ᠎ᠠ ᠳᠤ ᠡᠷᠬᠢᠯᠡᠭᠰᠡᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ | ᠮᠥᠷᠲᠡᠭᠡᠨ ᠮᠠᠨ ᠤ ᠤᠯᠤᠰ ᠤᠨ 2035 ᠣᠨ ᠪᠣᠯᠬᠤ ᠳᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ | ᠡᠩᠬᠡ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠪᠠᠷ ᠳᠤᠷᠠᠳᠤᠭᠰᠠᠨ ᠤ ᠳᠠᠷᠠᠭ᠎ᠠ ᠡᠷᠬᠢᠯᠡᠭᠰᠡᠨ ᠨᠢᠭᠡ ᠤᠳᠠᠭᠠᠨ ᠤ | ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃ ᠲᠤᠰ ᠬᠤᠭᠤᠴᠠᠭᠠᠨ ᠤ ᠪᠦᠬᠦ | ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠷᠠᠳ ᠲᠦᠮᠡᠨ ᠢᠶᠠᠷ ᠭᠤᠣᠯᠯᠠᠭᠰᠠᠨ ᠬᠥᠭᠵᠢᠯᠲᠡ ᠶᠢᠨ | ᠦᠵᠡᠯ ᠢ ᠪᠠᠷᠢᠮᠲᠠᠯᠠᠵᠤ᠂ ︽ᠪᠦᠬᠦ ᠠᠷᠠᠳ ᠪᠦᠬᠦ ᠲᠠᠯ᠎ᠠ ᠪᠠᠷ ᠬᠥᠳᠡᠯᠭᠡᠭᠡᠨ ᠳᠤ ᠣᠷᠣᠯᠴᠠᠵᠤ᠂ ᠰᠡᠳᠬᠢᠯ ᠨᠢᠭᠡᠳᠦᠨ | ᠤᠷᠤᠭᠰᠢᠯᠠᠵᠠᠭᠠᠶ᠎ᠠ︾ ᠭᠡᠬᠦ ᠰᠡᠳᠦᠪ ᠢ ᠲᠤᠪᠤᠶᠢᠯᠭᠠᠵᠦ᠂ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠬᠦ | ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ︽ᠡᠭᠦᠷᠭᠡ ᠡᠭᠦᠷᠭᠡᠯᠡᠵᠦ᠂ ᠬᠠᠲᠠᠭᠤᠵᠢᠯᠲᠠᠢ ᠲᠡᠮᠡᠴᠡᠬᠦ︾ ᠬᠠᠷᠢᠭᠤᠴᠠᠯᠭ᠎ᠠ | ᠡᠭᠦᠷᠭᠡᠯᠡᠯ ᠢ ᠲᠠᠶᠢᠯᠪᠤᠷᠢᠯᠠᠵᠤ᠂ ᠳᠡᠭᠡᠷ᠎ᠡ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠤᠷᠰᠢᠯᠭ᠎ᠠ ᠪᠠᠷ ᠲᠣᠯᠢᠯᠠᠵᠤ᠂ ᠤᠯᠠᠨ ᠲᠦᠮᠡᠨ ᠤ ᠤᠷᠤᠯᠳᠤᠭᠠᠨ ᠤ | ᠠᠵᠢᠯᠯᠠᠭ᠎ᠠ ᠶᠢ ᠦᠷᠭᠦᠯᠵᠢᠯᠡᠨ ᠲᠣᠬᠢᠷᠠᠭᠤᠯᠤᠨ ᠥᠷᠨᠢᠭᠦᠯᠪᠡ᠃ ᠱᠠᠨᠰᠢ ᠮᠤᠵᠢ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ ᠲᠠᠮᠢᠷᠴᠢᠳ ᠲᠤ ᠭᠠᠪᠰᠢᠭᠠᠶᠢᠯᠠᠨ ᠲᠡᠮᠡᠴᠡᠬᠦ ᠲᠠᠪᠴᠠᠩ ᠬᠠᠩᠭᠠᠵᠤ᠂ ᠪᠦᠬᠦ ᠤᠯᠤᠰ ᠤᠨ ᠠᠷᠠᠳ | ᠲᠦᠮᠡᠨ ᠳᠤ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ | ᠴᠤᠭᠯᠠᠭᠠᠨ ᠢ ᠵᠣᠷᠢᠭᠤᠯᠪᠠ᠃ | | | | ᠪᠠᠶᠠᠷ ᠬᠥᠷ ᠲᠠᠢ ᠠᠭᠤᠷ ᠠᠮᠢᠰᠬᠤᠯ ᠳᠤᠮᠳᠠ᠂ ᠤᠷᠤᠯᠳᠤᠭᠠᠨ ᠳᠤ ᠣᠷᠣᠯᠴᠠᠭᠰᠠᠨ ᠡᠯ᠎ᠡ | ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠯᠠᠪᠠᠢ ᠳᠤ ᠣᠷᠣᠪᠠ᠃ ᠪᠦᠭᠦᠳᠡᠭᠡᠷ ᠢᠶᠠᠨ ᠪᠣᠰᠴᠤ | ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ | ᠱᠠᠩᠨᠠᠯ ᠪᠠ ᠤᠷᠤᠯᠳᠤᠭᠠᠨ ᠳᠤ ᠣᠷᠣᠯᠴᠠᠭᠰᠠᠨ ᠳᠤᠷᠠᠰᠬᠠᠯ ᠤᠨ ᠱᠠᠩᠨᠠᠯ ᠬᠦᠷᠲᠡᠭᠰᠡᠨ ᠲᠥᠯᠥᠭᠡᠯᠡᠭᠴᠢᠳ ᠤᠨ | ᠪᠦᠯᠬᠦᠮ ᠤᠨ ᠨᠡᠷᠡᠰ ᠢ ᠤᠩᠰᠢᠨ ᠨᠡᠶᠢᠲᠡᠯᠡᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠭᠦᠢᠴᠡᠳᠬᠡᠬᠦ ᠡᠷᠬᠢᠯᠡᠭᠴᠢ᠂ ᠱᠠᠨᠰᠢ ᠮᠤᠵᠢ ᠶᠢᠨ ᠳᠠᠷᠤᠭ᠎ᠠ ᠵᠤᠤ ᠢ ᠳ᠋ᠧ ᠪᠠᠶᠠᠷ ᠤᠨ ᠦᠭᠡ | ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪ ᠣᠨᠣᠪᠴᠢᠲᠠᠶ | ᠤᠳᠤᠷᠢᠳᠤᠯᠭ᠎ᠠ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠵᠡᠷᠭᠡ ᠶᠠᠮᠤᠨ ᠵᠥᠪᠯᠡᠯ ᠤᠨ | ᠨᠠᠷᠢᠨ ᠨᠢᠮᠪᠠᠶ ᠵᠢᠯᠣᠭᠤᠳᠣᠯᠭ᠎ᠠ ᠳᠣᠣᠷ᠎ᠠ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠲᠤᠰ ᠬᠤᠭᠤᠴᠠᠭᠠᠨ ᠤ ᠪᠦᠬᠦ | ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠠᠶ᠃ ᠪᠦᠬᠦ ᠠᠷᠠᠳ ᠤᠨ ᠪᠦᠬᠦ ᠲᠠᠯ᠎ᠠ ᠶᠢᠨ | ᠲᠠᠮᠢᠷ ᠤᠨ ᠬᠥᠳᠡᠯᠭᠡᠭᠡᠨ ᠤ ᠳᠦᠷᠡᠯᠵᠡᠭᠰᠡᠨ ᠬᠦᠰᠡᠯ ᠤᠨ ᠣᠴᠢ᠂ ᠭᠡᠷᠡᠯ ᠰᠠᠴᠤᠷᠠᠭᠤᠯᠤᠭᠰᠠᠨ ᠬᠦᠰᠡᠯ ᠤᠨ ᠭᠢᠯᠪᠠᠭ᠎ᠠ | ᠨᠢ ᠯᠠᠪᠳᠠᠶ᠎ᠠ ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠡᠷᠴᠢ | ᠵᠣᠷᠢᠭ ᠢ ᠬᠥᠪᠴᠢᠯᠡᠬᠦ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠢᠷᠡᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠱᠠᠨᠰᠢ ᠶᠢᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠦᠯᠬᠦ ᠪᠣᠯᠣᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠳᠠᠷᠤᠭ᠎ᠠ | ᠭᠸᠦ ᠵᠥᠩ ᠸᠧᠨ ᠪᠠᠶᠠᠷ ᠤᠨ ᠦᠭᠡ ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠲᠤᠰ ᠬᠤᠭᠤᠴᠠᠭᠠᠨ ᠤ | ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ᠂ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠠᠮᠵᠢᠯᠲᠠ ᠪᠣᠯᠤᠨ ᠣᠶᠤᠨ ᠤ ᠪᠣᠯᠪᠠᠰᠤᠨ ᠤ ᠬᠤᠣᠰ ᠢᠯᠠᠯᠲᠠ ᠶᠢ ᠣᠯᠵᠠᠶ᠃ ᠪᠢᠳᠠ ᠨᠥᠬᠦᠷ | ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠡᠭᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ | ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠵᠡᠭᠡᠶ᠎ᠡ ᠭᠡᠵᠡᠢ᠃ | ᠲᠡᠭᠦᠰᠬᠦ ᠶᠣᠰᠣᠯᠠᠯ ᠳᠤ᠂ ᠵᠤᠤ ᠢ ᠳ᠋ᠧ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ | ᠭᠸᠤ ᠵᠦᠩ ᠸᠧᠨ ᠳᠤ ᠪᠤᠴᠠᠭᠠᠨ ᠥᠭᠴᠦ᠂ ᠭᠸᠤ ᠵᠦᠩ ᠸᠧᠨ ᠴᠤᠭᠯᠠᠭᠠᠨ ᠤ ᠲᠤᠭ ᠢ ᠠᠷᠪᠠᠨ ᠲᠠᠪᠤᠳᠤᠭᠠᠷ | ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠨᠢᠭᠡᠴᠢ ᠶᠢᠨ | ᠲᠥᠯᠥᠭᠡᠯᠡᠭᠴᠢ ᠪᠣᠯᠤᠭᠰᠠᠨ ᠭᠤᠸᠠᠩᠳᠦ᠋ᠩ ᠮᠤᠵᠢ ᠶᠢᠨ ᠳᠠᠷᠤᠭ᠎ᠠ ᠮᠠ ᠰᠢᠩ ᠷᠦᠢ᠂ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠳᠤ ᠲᠤᠰᠢᠶᠠᠪᠠ᠃ ᠠᠷᠪᠠᠨ ᠲᠠᠪᠤᠳᠤᠭᠠᠷ | ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ 2025 ᠣᠨ ᠳᠤ ᠭᠤᠸᠠᠩᠳᠦ᠋ᠩ᠂ | ᠰᠢᠶᠠᠩᠭᠠᠩ᠂ ᠣᠣᠮᠧᠨ ᠳᠤ ᠶᠠᠪᠤᠭᠳᠠᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ 9 ᠳ᠋ᠦ᠋ᠭᠡᠷ | ᠰᠠᠷ᠎ᠠ ᠶᠢᠨ 15 ᠤ ᠡᠳᠦᠷ ᠰᠢ ᠠᠨ ᠳᠤ ᠡᠬᠢᠯᠡᠵᠦ᠂ 35 ᠥᠷᠢᠰᠦᠯᠳᠦᠬᠦ ᠤᠷᠤᠯᠳᠤᠭᠠᠨ ᠪᠠ 19 ᠣᠯᠠᠨ | ᠲᠦᠮᠡᠨ ᠤ ᠤᠷᠤᠯᠳᠤᠭᠠᠨ᠂ ᠨᠡᠶᠢᠲᠡ 595 ᠪᠠᠭ᠎ᠠ ᠤᠷᠤᠯᠳᠤᠭᠠᠨ ᠲᠣᠬᠢᠷᠠᠭᠤᠯᠵᠤ᠂ ᠨᠡᠶᠢᠲᠡ 1.2 ᠲᠦᠮᠡ ᠭᠠᠷᠤᠶ | ᠲᠠᠮᠢᠷᠴᠢᠨ ᠪᠠ 1 ᠲᠦᠮᠡ ᠭᠠᠷᠤᠶ ᠣᠯᠠᠨ ᠲᠦᠮᠡᠨ ᠤ ᠲᠠᠮᠢᠷᠴᠢᠨ ᠣᠷᠣᠯᠴᠠᠵᠠᠶ᠃ 9 ᠬᠥᠮᠦᠨ 1 ᠠᠩᠭᠢ 12 | ᠤᠳᠠᠭ᠎ᠠ 12 ᠵᠦᠢᠯ ᠤᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ 1 ᠬᠥᠮᠦᠨ 1 ᠠᠩᠭᠢ 2 ᠤᠳᠠᠭ᠎ᠠ ᠠᠽᠢᠶ᠎ᠠ | ᠲᠢᠪ ᠤᠨ ᠲᠡᠮᠳᠡᠭᠯᠡᠯ ᠢ ᠡᠭᠦᠳᠴᠦ᠂ 15 ᠬᠥᠮᠦᠨ 7 ᠠᠩᠭᠢ 24 ᠤᠳᠠᠭ᠎ᠠ 24 ᠵᠦᠢᠯ ᠤᠨ ᠪᠦᠬᠦ ᠤᠯᠤᠰ ᠤᠨ | ᠲᠡᠮᠳᠡᠭᠯᠡᠯ ᠢ ᠡᠭᠦᠳᠪᠡ᠃ | ᠲᠡᠭᠦᠰᠬᠦ ᠶᠣᠰᠣᠯᠠᠯ ᠳᠤ ᠪᠠᠰᠠ ︽ᠬᠦᠰᠡᠯ ᠢᠶᠠᠨ ᠲᠡᠮᠡᠦᠯᠦᠨ ᠤᠷᠤᠭᠰᠢᠯᠠᠶ᠎ᠠ︾ ᠭᠡᠬᠦ ᠰᠡᠳᠦᠪᠲᠦ ᠰᠣᠶᠣᠯ | ᠲᠠᠮᠢᠷ ᠤᠨ ᠲᠣᠭᠯᠠᠯᠲᠠ ᠭᠠᠷᠭᠠᠵᠠᠶ᠃ | | | | | | |