| | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠡᠵᠡᠨ ᠬᠤᠷᠤᠭ᠎ᠠ | ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠴᠢᠩᠭ᠎ᠠ ᠪᠠᠷᠢᠮᠳᠠᠯᠠᠵᠤ᠂ | ᠥᠨᠳᠥᠷ ᠡᠬᠢᠯᠡᠯᠲᠡ ᠶᠢᠨ ᠴᠡᠭ ᠠᠴᠠ ᠠᠷᠭ᠎ᠠ ᠰᠦᠪᠡᠭᠴᠢᠯᠡᠬᠦ᠂ ᠥᠨᠳᠥᠷ ᠪᠠᠷᠢᠮᠵᠢᠶ᠎ᠠ ᠪᠠᠷ ᠱᠠᠭᠠᠷᠳᠠᠵᠤ᠂ ᠴᠢᠨᠠᠷ | ᠰᠠᠶᠢᠲᠠᠶ ᠠᠬᠢᠭᠤᠯᠤᠨ᠂ ︽ᠪᠣᠳᠠᠲᠠᠶ + ᠪᠣᠳᠠᠲᠠᠶ︾ ᠠᠵᠢᠯ ᠤᠨ ᠠᠷᠭ᠎ᠠ ᠬᠡᠮᠵᠢᠶ᠎ᠡ ᠪᠠᠷ ᠨᠠᠮ ᠤᠨ ᠲᠡᠦᠬᠡ ᠶᠢ | ᠰᠤᠷᠤᠯᠴᠠᠬᠤ ᠪᠣᠯᠤᠨ ᠦᠵᠡᠯ ᠰᠠᠨᠠᠭ᠎ᠠ ᠶᠢ ᠣᠶᠢᠯᠠᠭᠠᠬᠤ ᠶᠢ ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ ᠪᠠ ᠰᠢᠨ᠎ᠡ | ᠪᠠᠶᠢᠳᠠᠯ ᠢ ᠡᠭᠦᠳᠬᠦ ᠬᠤᠶᠠᠷ ᠲᠠᠯ᠎ᠠ ᠪᠠᠷ ᠬᠦᠴᠦᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠠᠬᠢᠭᠤᠯᠤᠨ᠂ ᠦᠷ᠎ᠡ ᠪᠦᠲᠦᠮᠵᠢ ᠭᠠᠷᠭᠠᠵᠤ᠂ ᠦᠨᠡᠨ ᠪᠤᠳᠠᠳᠠᠢ ᠪᠠᠷ ᠠᠵᠢᠯᠯᠠᠨ᠂ ᠪᠥᠬᠦ | ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠪᠠᠷ | ᠲᠦᠷᠭᠡᠨ᠂ ᠰᠤᠷᠤᠯᠴᠠᠯᠭ᠎ᠠ ᠶᠢᠨ ᠬᠡᠯᠪᠡᠷᠢ ᠣᠯᠠᠨ ᠶᠠᠩᠵᠤ᠂ ᠨᠡᠶᠢᠭᠡᠮ ᠤᠨ ᠤᠬᠠᠭᠤᠯᠭ᠎ᠠ ᠥᠷᠭᠡᠨ ᠳᠡᠯᠭᠡᠷ᠂ | ᠠᠷᠠᠳ ᠤᠨ ᠲᠥᠯᠥᠭᠡ ᠯᠠᠪᠳᠠᠭᠤᠨ ᠪᠠᠲᠤᠲᠠᠶ ᠠᠵᠢᠯᠯᠠᠬᠤ᠂ ᠰᠤᠷᠤᠯᠴᠠᠯᠭ᠎ᠠ ᠠᠵᠢᠯᠯᠠᠭ᠎ᠠ ᠶᠢ ᠨᠢᠭᠲᠠ ᠤᠶᠠᠯᠳᠤᠭᠰᠠᠨ | ᠣᠨᠴᠠᠯᠢᠭ ᠢᠯᠡᠷᠡᠵᠦ᠂ ᠪᠦᠬᠦ ᠲᠠᠯ᠎ᠠ ᠪᠠᠷ ᠨᠢᠭᠳᠠᠷᠠᠨ ᠪᠦᠯᠬᠦᠮᠳᠡᠭᠰᠡᠨ ᠪᠠᠶᠢᠷᠢᠰᠢᠯ ᠢ ᠪᠦᠷᠢᠯᠳᠦᠬᠦᠯᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ | | | | ᠨᠠᠮ ᠤᠨ ᠲᠡᠦᠬᠡ ᠶᠢᠨ ᠰᠤᠷᠤᠯᠴᠠᠯᠭ᠎ᠠ ᠳᠤ ︽ᠪᠣᠳᠠᠲᠠᠶ + ᠪᠣᠳᠠᠲᠠᠶ︾ | ︽ᠲᠣᠭᠲᠠᠭᠰᠠᠨ ᠠᠵᠢᠯᠯᠠᠭ᠎ᠠ︾ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠵᠤ᠂ ︽ᠥᠪᠡᠰᠦᠪᠡᠨ ᠰᠣᠩᠭᠤᠬᠤ | ᠠᠵᠢᠯᠯᠠᠭ᠎ᠠ︾ ᠶᠢ ᠥᠨᠳᠥᠷ ᠪᠠᠷᠢᠮᠵᠢᠶ᠎ᠠ ᠪᠠᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ | ᠬᠥᠭᠵᠢᠶᠡᠨ ᠲᠠᠢ︾᠂ ︽ᠠᠮᠢᠳᠤᠯᠢᠭ︾ ᠪᠣᠯᠭᠠᠬᠤ | ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠤᠳᠤᠷᠢᠳᠬᠤ ᠳᠤᠭᠤᠶᠢᠯᠠᠩ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠭᠠᠭᠠᠴᠢᠯᠠᠨ | ᠡᠷᠭᠢᠯᠡᠭᠰᠡᠨ ︽ᠡᠭᠦᠷᠢᠳᠡ ᠨᠠᠮ ᠢᠶᠠᠨ ᠳᠠᠭᠠᠬᠤ︾ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠣᠯᠠᠨ ᠲᠦᠮᠡᠨᠴᠢ ᠨᠠᠶᠢᠷᠠᠯ ᠳᠠᠭᠤᠤ ᠶᠢᠨ ᠤᠷᠤᠯᠳᠤᠭᠠᠨ ᠢ ᠶᠠᠪᠤᠭᠳᠠᠭᠤᠯᠪᠠ᠃ | | | | ᠲᠤᠰ ᠤᠳᠠᠭᠠᠨ ᠤ ᠤᠷᠤᠯᠳᠤᠭᠠᠨ ᠤ ᠠᠳᠠᠯᠢᠪᠳᠤᠷ ᠪᠤᠰᠤ ᠲᠠᠯ᠎ᠠ ᠬᠡᠪᠡᠯ᠂ ︽ᠡᠵᠡᠨ ᠬᠤᠷᠤᠭ᠎ᠠ ᠬᠤᠰᠢᠭᠤᠨ | ᠤ ᠤᠬᠠᠭᠤᠯᠭ᠎ᠠ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠴᠥᠮ ᠤᠷᠢᠳ ᠢᠶᠠᠷ | ᠬᠤᠪᠢᠰᠬᠠᠯᠲᠤ ᠲᠠᠭᠤᠨ ᠪᠤᠢ ᠪᠤᠯᠤᠭᠰᠠᠨ ᠲᠡᠤᠬᠡᠨ ᠠᠬᠤᠶ ᠪᠠᠶᠢᠳᠠᠯ ᠢ ᠲᠠᠨᠢᠯᠴᠠᠭᠤᠯᠵᠤ᠂ ᠨᠠᠮ ᠤᠨ ᠲᠡᠦᠬᠡ ᠶᠢᠨ | ᠮᠡᠳᠡᠯᠭᠡ ᠶᠢ ᠲᠤᠭᠤᠰᠢᠯᠠᠭᠤᠯᠤᠨ᠂ ᠣᠯᠠᠨ ᠳᠤ ᠰᠢᠨ᠎ᠡ ᠰᠡᠪᠡᠭᠦᠨ ᠰᠠᠭᠤᠭᠳᠠᠯ ᠤᠯᠭᠤᠪᠠ᠃ | ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠬᠠᠲᠤᠨ ᠭᠤᠤᠯ ᠢᠶᠠᠨ ᠬᠠᠮᠠᠭᠠᠯᠠᠶ᠎ᠠ︾᠂ ︽ᠰᠢᠨ᠎ᠡ ᠴᠠᠭ | ᠦᠶ᠎ᠡ ᠳᠤ ᠡᠷᠡᠯᠬᠡᠭᠯᠡᠨ ᠤᠷᠤᠭᠰᠢᠯᠠᠶ᠎ᠠ︾᠂ ︽ᠪᠢ ᠡᠬᠡ ᠤᠯᠤᠰ ᠲᠠᠢ ᠪᠠᠨ︾ ᠭᠡᠬᠦ ᠬᠤᠪᠢᠰᠬᠠᠯᠲᠤ ᠳᠠᠭᠤᠤ ᠪᠠᠷ | ᠢᠶᠠᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠠᠮ ᠤᠨ ᠲᠡᠦᠬᠡ ᠶᠢ | ᠰᠤᠷᠤᠯᠴᠠᠵᠤ᠂ ᠨᠠᠮ ᠤᠨ ᠠᠴᠢ ᠶᠢ ᠮᠠᠭᠲᠠᠨ ᠳᠠᠭᠤᠯᠠᠬᠤ︾ ᠴᠢᠩ ᠦᠨᠡᠨᠴᠢ ᠰᠡᠳᠬᠢᠯ ᠢ ᠳᠠᠭᠤᠯᠠᠪᠠ᠃ | ᠪᠤᠳᠤᠯ ᠤᠨ ᠬᠦᠨ ᠳᠠᠬᠢ ᠬᠦᠭ ᠠᠶᠠᠰ ᠴᠤᠤᠷᠢᠶᠠᠲᠤᠬᠤ ᠦᠶ᠎ᠡ ᠳᠤ᠂ ᠲᠦᠮᠡ ᠰᠢᠬᠠᠮ ᠦᠵᠡᠭᠴᠢᠳ | ᠭᠠᠷ ᠲᠠᠬᠢ ᠨᠠᠮ ᠤᠨ ᠲᠤᠭ ᠢᠶᠠᠨ ᠬᠤᠷᠦ᠋ᠢᠯᠠᠨ ᠲᠠᠭᠠᠨ ᠳᠠᠭᠤᠯᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ | ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠲᠤᠬᠠᠢ ᠰᠠᠶᠢᠨ ᠰᠠᠶᠢᠬᠠᠨ ᠵᠥᠩᠨᠡᠯ ᠢᠶᠠᠨ ᠢᠯᠡᠳᠬᠡᠪᠡ᠃ | ᠡᠨᠡ ᠨᠢ ᠵᠥᠪᠬᠡᠨ ᠡᠵᠡᠨ ᠬᠤᠷᠤᠭ᠎ᠠ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠨᠢᠭᠡ ᠬᠡᠰᠡᠭ ᠪᠣᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠡᠵᠡᠨ | ᠬᠤᠷᠤᠭ᠎ᠠ ᠬᠤᠰᠢᠭᠤ ᠮᠠᠰᠢ ᠲᠦᠷᠭᠡᠨ ᠢᠶᠠᠷ ᠳᠠᠶᠢᠴᠢᠯᠠᠯᠲᠠ ᠶᠢᠨ ᠶᠡᠭᠡ ᠬᠤᠷᠠᠯ ᠬᠢᠵᠦ᠂ ᠤᠳᠤᠷᠢᠳᠬᠤ ᠪᠠᠶᠢᠭᠤᠯᠤᠮᠵᠢ | ᠪᠠᠶᠢᠭᠤᠯᠤᠨ᠂ ᠠᠵᠢᠯ ᠤᠨ ᠲᠥᠰᠦᠯ ᠲᠣᠭᠲᠠᠭᠠᠵᠤ᠂ ᠨᠠᠷᠢᠨ ᠬᠢᠨᠠᠮᠠᠭᠠᠶ ᠪᠠᠷᠢᠮᠵᠢᠶᠠᠯᠠᠨ ᠬᠠᠷᠭᠤᠭᠤᠯᠵᠤ᠂ ᠴᠢᠨᠠᠷ | ᠰᠠᠶᠢᠲᠠᠶ ᠪᠠᠷ ︽ᠲᠣᠭᠲᠠᠭᠰᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠡᠤᠬᠡᠨ ᠥᠯᠢᠭᠡᠷ ᠢ ᠠᠮᠢᠳᠤᠯᠢᠭ ᠢᠶᠠᠷ ᠶᠠᠷᠢᠬᠤ ᠶᠢ ᠴᠢᠬᠤᠯᠠᠴᠢᠯᠠᠵᠤ᠂ | ᠬᠤᠪᠢᠰᠬᠠᠯ ᠤᠨ ᠡᠬᠢ ᠪᠠᠶᠠᠯᠢᠭ᠂ ᠰᠤᠷᠭᠠᠨ ᠬᠥᠮᠦᠵᠢᠯ ᠤᠨ ᠬᠡᠯᠪᠡᠷᠢ ᠶᠢ ᠠᠮᠢᠳᠤᠯᠢᠭᠵᠢᠭᠤᠯᠵᠤ᠂ ᠥᠨᠳᠥᠷ | ᠪᠠᠷᠢᠮᠵᠢᠶ᠎ᠠ ᠪᠠᠷ ︽ᠥᠪᠡᠰᠦᠪᠡᠨ ᠰᠣᠩᠭᠤᠬᠤ ᠠᠵᠢᠯᠯᠠᠭ᠎ᠠ︾ ᠶᠢ ᠪᠣᠳᠠᠲᠠᠶ ᠠᠳᠬᠤᠨ᠂ ᠰᠤᠷᠤᠯᠴᠠᠯᠭ᠎ᠠ ᠶᠢᠨ ᠬᠡᠯᠪᠡᠷᠢ | ᠪᠠᠨ ᠲᠠᠰᠤᠷᠠᠯᠲᠠ ᠥᠬᠡᠶ ᠰᠢᠨᠡᠴᠢᠯᠡᠨ᠂ ᠰᠤᠷᠤᠯᠴᠠᠬᠤ ᠵᠢᠭᠰᠠᠭᠠᠯ ᠤᠨ ᠭᠠᠵᠠᠷ ᠢᠶᠠᠨ ᠥᠷᠭᠡᠳᠬᠡᠨ᠂ ᠰᠤᠷᠤᠯᠴᠠᠬᠤ | ᠠᠭᠤᠯᠭ᠎ᠠ ᠪᠠᠨ ᠪᠠᠶᠠᠯᠢᠭᠵᠢᠭᠤᠯᠵᠤ᠂ ᠪᠥᠬᠦ ᠬᠤᠰᠢᠭᠤᠨ ᠳᠤ ︽ᠨᠠᠮ ᠤᠨ ᠲᠡᠤᠬᠡ ᠶᠢᠨ ᠰᠤᠷᠤᠯᠴᠠᠯᠭ᠎ᠠ︾ ᠶᠢᠨ | ᠬᠠᠯᠠᠭᠤᠨ ᠥᠷᠨᠢᠯᠲᠡ ᠶᠢ ᠪᠣᠶ ᠪᠣᠯᠭᠠᠪᠠ᠃ | ᠰᠢᠨ᠎ᠡ ᠵᠠᠭᠤᠴᠢᠯᠠᠭᠤᠷ ᠢ ᠠᠰᠢᠭᠯᠠᠨ᠂ 17 ᠬᠤᠭᠤᠴᠠᠭᠠᠨ ᠤ ︽ᠬᠤᠪᠢᠰᠬᠠᠯ ᠤᠨ ᠬᠦᠷᠦᠰᠦ ᠰᠢᠷᠤᠢ︾ | ᠵᠡᠷᠭᠡ ᠤᠬᠠᠭᠤᠯᠭ᠎ᠠ ᠶᠢᠨ ᠪᠢᠴᠢᠯ ᠸᠢᠳᠢᠣ᠋᠂ ᠨᠠᠮ ᠤᠨ ᠲᠡᠦᠬᠡ ᠪᠢᠴᠢᠯ ᠵᠦᠴᠦᠭᠡ ᠶᠢᠨ ᠤᠷᠤᠯᠳᠤᠭᠠᠨ ᠢ ᠨᠠᠶᠢᠷᠠᠭᠤᠯᠤᠨ | ᠪᠠ ᠳᠠᠭᠤᠤ ᠬᠥᠭᠵᠢᠮ ᠤᠨ ᠨᠠᠮ ᠤᠨ ᠬᠢᠴᠢᠶᠡᠯ ᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠠᠮᠢᠳᠤᠯᠢᠭ ᠢᠶᠠᠷ ᠥᠷᠨᠢᠭᠦᠯᠵᠦ᠂ 4 ᠬᠤᠭᠤᠴᠠᠭᠠᠨ ᠤ ᠠᠭᠤᠯᠭ᠎ᠠ ᠶᠢ ᠦᠵᠡᠭᠰᠡᠨ | ᠲᠤᠭ᠎ᠠ ︽100 ᠲᠦᠮᠡ +︾ ᠳᠤ ᠬᠦᠷᠪᠡ᠃ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ᠂ ︽ᠣᠯᠠᠨ | ᠲᠦᠮᠡᠨ ᠤ ᠬᠢᠴᠢᠶᠡᠯ ᠤᠨ ᠲᠠᠩᠬᠢᠮ︾ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠠᠩᠭᠢ᠂ ︽ᠤᠯᠠᠭᠠᠨ | ᠪᠥᠴᠡᠲᠡᠨ ᠤ ᠨᠠᠮ ᠢᠶᠠᠨ ᠬᠦᠷᠢᠶᠡᠯᠡᠬᠦ︾ ᠭᠤᠤᠯ ᠰᠡᠳᠦᠪᠲᠦ ᠠᠵᠢᠯᠯᠠᠭ᠎ᠠ᠂ ︽ᠡᠭᠦᠷᠢᠳᠡ ᠨᠠᠮ ᠢᠶᠠᠨ ᠳᠠᠭᠠᠬᠤ︾ | ᠲᠡᠭᠷᠢᠯᠢᠭ ᠵᠤᠰᠠᠯᠠᠩ ᠤᠨ ᠰᠣᠶᠣᠯ ᠵᠡᠷᠭᠡ ᠠᠵᠢᠯᠯᠠᠭ᠎ᠠ ᠶᠢ 1000 ᠭᠠᠷᠤᠶ ᠤᠳᠠᠭ᠎ᠠ ᠡᠷᠭᠢᠯᠡᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠠᠮᠢᠳᠤᠯᠢᠭ︾ ᠪᠣᠯᠭᠠᠪᠠ᠃ ︽ᠡᠵᠡᠨ ᠬᠤᠷᠤᠭ᠎ᠠ ᠬᠤᠰᠢᠭᠤᠨ ᠤ | ᠤᠬᠠᠭᠤᠯᠭ᠎ᠠ︾ ᠤᠬᠠᠭᠤᠯᠤᠨ ᠲᠠᠶᠢᠯᠪᠤᠷᠢᠯᠠᠬᠤ ᠪᠦᠯᠬᠦᠮ ᠪᠠ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ | ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠨᠠᠮ ᠤᠨ | ᠲᠡᠦᠬᠡ ᠶᠢᠨ ᠣᠨᠣᠯ ᠤᠨ ᠮᠡᠳᠡᠯᠭᠡ ᠶᠢ ᠶᠠᠷᠢᠶᠠᠨ ᠤ ᠬᠡᠯᠡ᠂ ᠨᠤᠲᠤᠭ ᠤᠨ ᠵᠦᠴᠦᠭᠡ ᠪᠠᠷ ᠲᠠᠶᠢᠯᠪᠤᠷᠢᠯᠠᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ | ︽ᠨᠡᠭᠦᠳᠡᠯ︾ ᠤᠬᠠᠭᠤᠯᠭ᠎ᠠ ᠶᠢᠨ ᠵᠢᠭᠰᠠᠭᠠᠯ ᠤᠨ ᠭᠠᠵᠠᠷ᠂ ᠬᠤᠪᠢᠰᠬᠠᠯ ᠤᠨ ᠬᠢᠴᠢᠶᠡᠯ ᠤᠨ ᠲᠠᠩᠬᠢᠮ ᠢᠶᠠᠷ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠨᠠᠮ ᠤᠨ ᠦᠵᠡᠯ ᠰᠠᠨᠠᠭᠠᠨ ᠤ ᠠᠤᠭ᠎ᠠ ᠬᠦᠴᠦᠨ ᠢ | ᠤᠢᠢᠯᠠᠭᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠬᠥᠭᠵᠢᠭᠡᠪᠡ᠃ | | | | ᠪᠣᠳᠠᠲᠠᠶ ᠠᠵᠢᠯ ᠬᠢᠬᠦ ᠳᠤ ︽ᠪᠣᠳᠠᠲᠠᠶ + ᠪᠣᠳᠠᠲᠠᠶ︾ | ᠰᠣᠩᠭᠤᠭᠰᠠᠨ ᠨᠢ ᠪᠣᠳᠠᠲᠠᠢ᠂ ᠬᠢᠭᠰᠡᠨ ᠨᠢ ᠨᠡᠩ ᠪᠣᠳᠠᠲᠠᠢ ᠪᠠᠶᠢᠵᠤ᠂ ᠰᠠᠶᠢᠨ ᠶᠠᠪᠤᠳᠠᠯ ᠢ ᠦᠨᠡᠨᠬᠦ ᠪᠣᠳᠠᠲᠠᠢ | ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ ᠰᠠᠭᠤᠭᠳᠠᠭᠤᠯᠬᠤ | | ᠲᠢᠶᠠᠨ ᠯᠦᠩ ᠵᠢᠶᠠ ᠶᠤᠸᠠᠨ ᠰᠠᠭᠤᠭᠠᠯᠢ ᠲᠣᠭᠤᠷᠢᠭ ᠤᠨ 24 ᠴᠠᠭ ᠤᠨ ᠤᠶᠤᠨᠯᠢᠭ ᠰᠢᠨ᠎ᠡ ᠰᠣᠷᠭᠤᠭ | ᠢᠳᠡᠭᠡᠨ ᠤ ᠮᠠᠰᠢᠨ ᠲᠠᠯᠪᠢᠵᠤ᠂ ᠰᠠᠭᠤᠭᠠᠯᠢ ᠠᠷᠠᠳ ᠺᠣᠳ᠋ ᠢ ᠰᠢᠷᠪᠢᠵᠦ᠂ ᠸᠢᠴᠠᠲ ᠢᠶᠠᠷ ᠳ᠋ᠦᠩᠨᠡᠨ ᠪᠤᠳᠤᠬᠤ ᠪᠠᠷ | ᠲᠠᠮᠵᠢᠨ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠪᠠᠨ ᠠᠪᠴᠤ ᠪᠤᠢ᠃ | ︽ᠣᠳᠣᠬᠠᠨ ᠳᠤ᠂ ᠪᠥᠬᠦ ᠬᠤᠰᠢᠭᠤᠨ ᠤ ᠡᠯ᠎ᠡ ᠲᠥᠷᠥᠯ ᠤᠨ ᠠᠮᠢᠳᠤᠷᠠᠯ ᠤᠨ ᠲᠣᠭᠤᠷᠢᠭ᠂ ᠨᠠᠮ ᠵᠠᠰᠠᠭ ᠤᠨ | ᠪᠠᠶᠢᠭᠤᠯᠭ᠎ᠠ ᠶᠢᠨ ᠠᠵᠢᠯᠯᠠᠬᠤ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠲᠥᠪ ᠵᠡᠷᠭᠡ 50 ᠲᠤᠤᠷ ᠴᠡᠭ᠂ | ᠣᠶᠤᠨᠴᠢ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠠᠷᠠᠳ ᠲᠤ ᠲᠥᠬᠦᠮ ᠦᠵᠡᠭᠦᠯᠬᠦ | ᠲᠥᠷᠥᠯ ᠵᠦᠢᠯ ᠤᠨ 190 ᠲᠠᠪᠴᠠᠩ ᠢ ᠨᠢᠭᠡᠨᠲᠡ ᠡᠬᠢᠯᠡᠭᠦᠯᠪᠡ᠃ ᠲᠣᠰ ᠲᠥᠷᠥᠯ ᠵᠦᠢᠯ ᠤᠨ ᠬᠠᠷᠢᠭᠤᠴᠠᠯᠭᠠᠲᠠᠨ᠂ | ᠥᠪᠥᠷ ᠮᠣᠩᠭᠤᠯ ᠤᠨ ᠱᠧᠩ ᠶᠤᠸᠠᠨ ᠷᠦᠩ ᠱᠠᠩ ᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠤᠤ ᠹᠧᠩ ᠲᠠᠨᠢᠯᠴᠠᠭᠤᠯᠬᠤ ᠳᠠᠭᠠᠨ᠂ ᠲᠤᠬᠠᠶ ᠶᠢᠨ ᠭᠠᠵᠠᠷ ᠤᠨ | ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠦᠪᠡᠰᠦᠪᠡᠨ | ᠦᠢᠯᠡᠴᠢᠯᠡᠬᠦ ᠵᠢᠮᠢᠰ ᠢᠳᠡᠰᠢᠨ ᠨᠣᠭᠤᠭ᠎ᠠ ᠬᠤᠳᠠᠯᠳᠤᠬᠤ ᠪᠠ ᠨᠢᠭᠡ ᠬᠤᠲᠠ ᠳᠤ ᠲᠤᠤᠷᠵᠢᠭᠤᠯᠤᠨ ᠳᠣᠭᠢᠷᠠᠭᠤᠯᠤᠨ | ᠬᠦᠷᠭᠡᠬᠦ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠲᠠᠷᠢᠶᠠᠴᠢᠨ ᠪᠠ ᠬᠡᠷᠡᠭᠯᠡᠭᠴᠢᠳ ᠤᠨ ᠬᠤᠭᠤᠷᠣᠨᠳᠣᠬᠢ | ᠲᠠᠷᠢᠶᠠᠯᠠᠩ ᠤᠨ ᠪᠦᠲᠦᠭᠡᠭᠳᠡᠬᠦᠨ ᠤ ᠬᠦᠢᠯᠬᠡᠬᠡᠨ ᠤ ᠠᠷᠭ᠎ᠠ ᠵᠠᠮ ᠢ ᠬᠤᠯᠪᠤᠭᠰᠠᠨ ᠪᠠᠶᠢᠨ᠎ᠠ᠃ | ᠤᠶᠤᠨᠲᠤ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠲᠣᠬᠢᠷᠠᠭᠤᠯᠤᠨ ᠬᠦᠷᠭᠡᠬᠦ ᠲᠥᠷᠥᠯ ᠵᠦᠢᠯ ᠪᠣᠯ | ᠡᠵᠡᠨ ᠬᠤᠷᠤᠭ᠎ᠠ ᠬᠤᠰᠢᠭᠤᠨ ᠤ ᠬᠡᠷᠡᠭᠵᠢᠭᠦᠯᠦᠭᠰᠡᠨ 8 ᠵᠦᠢᠯ ᠤᠨ ᠬᠤᠰᠢᠭᠤ ᠱᠠᠲᠤᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠤᠨ᠎ᠠ᠃ ᠡᠨᠡ ᠵᠢᠯ᠂ ᠡᠵᠡᠨ ᠬᠤᠷᠤᠭ᠎ᠠ ᠬᠤᠰᠢᠭᠤ ︽ᠪᠢ ᠣᠯᠠᠨ | ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠥᠭᠴᠦ ᠪᠠᠲᠤᠯᠠᠨ᠂ 1.49 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠬᠤ ᠪᠠᠷ ᠲᠥᠯᠥᠪᠯᠡᠵᠦ ᠪᠣᠶ᠃ | ᠦᠢᠯᠡᠳᠦᠯᠭᠡ ᠶᠢᠨ ᠠᠵᠢᠯᠯᠠᠭ᠎ᠠ ᠳᠤᠮᠳᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ | ᠪᠤᠳᠠᠳᠠᠢ ᠶᠢ ᠡᠷᠬᠢᠮᠯᠡᠵᠦ᠂ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠡᠮᠦᠨ᠎ᠡ ᠹᠷᠣᠨᠲ᠂ ᠤᠯᠠᠨ ᠲᠦᠮᠡᠨ ᠤ | ᠳᠤᠮᠳᠠ ᠭᠦᠨᠵᠡᠭᠡᠶᠢᠷᠡᠵᠦ᠂ ︽ᠬᠠᠮᠤᠭ ᠤᠨ ᠲᠦᠪᠡᠭᠲᠡᠢ ᠠᠰᠠᠭᠤᠳᠠᠯ︾ ᠢ ᠵᠣᠷᠢᠭᠲᠠᠢ ᠪᠠᠷ ᠬᠦᠯᠢᠶᠡᠨ ᠠᠪᠴᠤ᠂ ︽ | ᠬᠠᠮᠤᠭ ᠤᠨ ᠬᠦᠨᠳᠦ ᠡᠭᠦᠷᠭᠡ︾ ᠶᠢ ᠡᠭᠦᠷᠭᠡᠯᠡᠵᠦ᠂ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠳᠤ ᠪᠤᠶᠠᠨ | ᠦᠢᠯᠡᠳᠬᠦ ᠠᠵᠢᠯᠯᠠᠭᠴᠢ ᠪᠣᠯᠪᠠ᠃ | | | | | ᠠᠯᠳᠠᠨᠰᠢᠷᠡᠭᠡ ᠪᠠᠯᠭᠠᠰᠤ ︽ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ︾ ᠨᠠᠮ ᠤᠨ ᠪᠠᠶᠢᠭᠤᠯᠤᠯᠲᠠ ᠶᠢᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ | ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠢᠨ ᠪᠸᠢ ᠨᠡᠶᠢᠭᠡᠮ ᠲᠣᠭᠤᠷᠢᠭ ᠤᠨ ᠣᠶᠣᠳᠠᠯ ᠤᠨ | ᠦᠢᠯᠡᠳᠪᠦᠷᠢ ᠶᠢᠨ ᠲᠠᠰᠤᠭ ᠲᠤ᠂ ᠡᠮᠡᠭᠲᠡᠢ ᠠᠵᠢᠯᠴᠢᠨ ᠬᠤᠪᠴᠠᠰᠤ ᠬᠤᠨᠠᠷ ᠢᠶᠠᠨ ᠱᠠᠯᠠᠪᠳᠠᠨ ᠬᠢᠵᠦ᠂ ᠭᠤᠷᠪᠠᠨ | ᠵᠢᠯ ᠤᠨ ᠡᠮᠦᠨ᠎ᠡ ᠵᠤᠤ ᠬᠠᠢ ᠰᠢᠶᠠ ᠡᠳᠡᠭᠡᠷ ᠡᠮᠡᠭᠲᠡᠢ ᠠᠵᠢᠯᠴᠢᠨ ᠲᠠᠢ ᠠᠳᠠᠯᠢ ᠪᠠᠷ᠂ ᠰᠠᠶ᠋ᠢᠬᠠᠨ ᠠᠭᠤᠷᠬᠠᠢ ᠶᠢᠨ | ᠣᠷᠣᠨ ᠠᠴᠠ ᠬᠤᠳᠠ ᠪᠠᠯᠭᠠᠰᠤᠨ ᠳᠤ ᠨᠡᠭᠦᠵᠦ᠂ ᠨᠡᠶᠢᠭᠡᠮ ᠲᠣᠭᠤᠷᠢᠭ ᠤᠨ ᠭᠠᠷ ᠣᠶᠣᠳᠠᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠵᠤ᠂ ᠤᠳᠤ ᠲᠡᠷᠡ ᠥᠪᠡᠷ ᠤᠨ ᠠᠵᠢᠯ ᠤᠨ ᠲᠠᠰᠤᠭ ᠢᠶᠠᠨ | ᠪᠠᠶᠢᠭᠤᠯᠤᠭᠰᠠᠨ ᠢᠶᠠᠷ ᠪᠠᠷᠠᠬᠤ ᠦᠭᠡᠢ᠂ ᠪᠠᠰᠠ 2020 ᠣᠨ ᠤ ᠪᠦᠬᠦ ᠤᠯᠤᠰ ᠤᠨ ᠰᠢᠯᠢᠳᠡᠭ ᠬᠥᠯᠥᠰᠥᠨ | ᠲᠠᠷᠢᠶᠠᠴᠢᠨ ᠤ ᠢᠷᠠᠭᠤ ᠠᠯᠳᠠᠷ ᠤᠨ ᠴᠣᠯᠠ ᠶᠢ ᠬᠦᠷᠳᠡᠪᠡ᠃ | ︽ᠦᠶ ᠣᠯᠠᠨ ᠡᠭᠡᠴᠢ ᠳᠡᠭᠦᠦ ᠨᠡᠷ ᠲᠣᠭᠲᠠᠮᠠᠯ ᠣᠷᠣᠯᠭ᠎ᠠ ᠲᠠᠢ ᠪᠣᠯᠤᠭᠰᠠᠨ ᠪᠥᠭᠡᠳ ᠲᠣᠰ ᠪᠡᠶ᠎ᠡ ᠶᠢᠨ ᠬᠡᠪ | ᠴᠢᠨᠠᠷ ᠨᠢ ᠴᠦ ᠳᠡᠭᠡᠭᠰᠢᠯᠡᠵᠦ᠂ ᠣᠶᠤᠨ ᠰᠠᠨᠠᠭᠠᠨ ᠤ ᠳᠦᠷᠰᠦ ᠪᠠᠶᠢᠳᠠᠯ ᠨᠢ ᠴᠦ ᠤᠯᠠᠮ ᠠᠴᠠ ᠤᠯᠠᠮ ᠰᠠᠶᠢᠵᠢᠷᠠᠵᠤ | ᠪᠠᠶᠢᠨ᠎ᠠ︾ ᠬᠡᠵᠦ ᠵᠣᠣ ᠬᠠᠶ ᠰᠢᠶᠠ ᠭᠦᠨ ᠲᠥᠷᠥᠭᠳᠡᠯ ᠲᠠᠢ ᠪᠠᠷ ᠶᠠᠷᠢᠪᠠ᠃ | ᠠᠯᠲᠠᠨᠰᠢᠷᠡᠭᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠡᠴᠡᠨ ᠲᠠᠨᠢᠯᠴᠠᠭᠤᠯᠬᠤ ᠳᠠᠭᠠᠨ᠂ ᠡᠨᠡ | ᠵᠢᠯ ᠠᠴᠠ ᠨᠠᠰᠢ᠂ ᠪᠥᠬᠦ ᠪᠠᠯᠭᠠᠰᠤ ᠪᠠᠷ ᠢᠶᠠᠨ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ︽ ᠰᠡᠳᠬᠢᠯ ᠢ ᠲᠤᠯᠠᠭᠠᠴᠠᠭᠤᠯᠬᠤ +︾ ᠰᠡᠳᠬᠢᠴᠡ ᠳᠤ | ᠲᠦᠰᠢᠭᠯᠡᠨ᠂ ︽ᠰᠡᠳᠬᠢᠯ ᠢ ᠲᠤᠯᠠᠭᠠᠴᠠᠭᠤᠯᠬᠤ︾ ᠠᠵᠢᠯᠯᠠᠭ᠎ᠠ ᠪᠠᠷ ᠳᠡᠮᠵᠢᠨ ︽ᠬᠡᠷ ᠪᠦᠯᠢ ᠪᠠᠨ ᠲᠤᠯᠠᠭᠠᠴᠠᠭᠤᠯᠬᠤ | ︾ ᠠᠭᠤᠷ ᠠᠮᠢᠰᠬᠤᠯ ᠢ ᠪᠣᠶ ᠪᠣᠯᠭᠠᠪᠠ᠃ ᠡᠭᠦᠨ ᠠᠴᠠ ᠭᠠᠳᠠᠨ᠎ᠠ ᠪᠠᠰᠠ ᠰᠠᠭᠤᠭᠠᠯᠢ ᠠᠷᠠᠳ ᠤᠨ ︽ᠪᠠᠴᠢᠮ ᠬᠦᠴᠢᠷ | ᠵᠣᠪᠠᠭᠤᠷᠢ ᠪᠠ ᠬᠦᠰᠡᠯ ᠡᠷᠡᠮᠡᠯᠵᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠡᠳᠬᠢᠯ ᠢ | ᠳᠤᠯᠠᠭᠠᠴᠠᠭᠤᠯᠬᠤ ᠰᠠᠭᠤᠷᠢ ᠮᠥᠩᠭᠦ︾ ᠶᠢ ᠪᠠᠶᠢᠭᠤᠯᠵᠤ᠂ ︽ᠨᠡᠶᠢᠭᠡᠮ ᠲᠣᠭᠤᠷᠢᠭ ᠤᠨ ᠰᠡᠳᠬᠢᠯ ᠢ | ᠳᠤᠯᠠᠭᠠᠴᠠᠭᠤᠯᠬᠤ ᠶᠠᠪᠤᠳᠠᠯ︾ ᠢ ᠭᠦᠨᠵᠡᠭᠡᠶ ᠬᠡᠷᠡᠭᠵᠢᠭᠦᠯᠵᠦ᠂ ᠪᠥᠬᠦ ᠪᠠᠯᠭᠠᠰᠤ ᠪᠠᠷ ᠢᠶᠠᠨ ᠠᠷᠠᠳ ᠲᠤ 961 | ᠵᠦᠢᠯ ᠤᠨ ᠪᠣᠳᠠᠲᠤ ᠬᠡᠷᠡᠭ ᠤᠨ ᠨᠠᠷᠢᠨ ᠲᠠᠩᠰᠠ ᠶᠢ ᠭᠥᠯᠢᠶᠡᠨ ᠠᠪᠴᠠᠶ᠃ | ᠨᠠᠷᠢᠨᠰᠢᠯᠢ ᠪᠠᠭ᠎ᠠ ᠰᠤᠷᠭᠠᠭᠤᠯᠢ ᠨᠢ ᠪᠤᠶᠢᠳᠠ ᠪᠦᠭᠯᠡᠭᠦᠦ ᠬᠥᠳᠡᠭᠡ ᠲᠣᠰᠬᠤᠨ ᠤ ᠰᠤᠷᠭᠠᠭᠤᠯᠢ ᠪᠠᠶᠢᠵᠤ᠂ | ᠰᠤᠷᠤᠭᠴᠢᠳ ᠥᠷᠯᠥᠭᠡ ᠣᠷᠣᠶ ᠬᠢᠴᠢᠶᠡᠯ ᠪᠠᠭᠤᠬᠤ ᠳᠠᠭᠠᠨ ᠮᠠᠰᠢ ᠬᠤᠯᠠ ᠬᠥᠳᠡᠭᠡ ᠲᠣᠰᠬᠤᠨ ᠤ ᠵᠠᠮ ᠢᠶᠠᠷ | ᠶᠠᠪᠤᠳᠠᠭ᠃ ᠡᠳᠡᠭᠡᠷ ᠵᠠᠮ ᠳᠤ ᠬᠡᠷᠡᠯᠳᠦᠬᠦᠯᠬᠡ ᠶᠢᠨ ᠲᠥᠬᠦᠭᠡᠷᠦᠮᠵᠢ ᠦᠭᠡᠢ᠂ ᠵᠠᠮ ᠨᠠᠷᠢᠨ ᠮᠤᠷᠤᠶ ᠰᠠᠷᠤᠶ᠂ | ᠠᠮᠠᠷᠬᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠴᠤ᠂ ᠰᠤᠷᠤᠭᠴᠢᠳ ᠨᠢᠭᠡ ᠪᠦᠯᠦᠭ ᠭᠡᠷᠡᠯ | ᠣᠶᠢᠯᠭᠠᠬᠤ ᠵᠤᠷᠪᠤᠰ ᠲᠠᠢ ᠠᠮᠤᠷ ᠲᠦᠪᠰᠢᠨ ᠤ ᠰᠤᠷᠭᠠᠭᠤᠯᠢ ᠶᠢᠨ ᠬᠤᠪᠴᠠᠰᠤ ᠶᠢ ᠪᠠᠴᠢᠮ ᠱᠠᠭᠠᠷᠳᠠᠭᠳᠠᠨ᠎ᠠ᠃ | ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ | ᠬᠤᠷᠢᠶᠠᠨ ᠤ ᠨᠠᠮ ᠤᠨ ᠭᠡᠰᠢᠭᠦᠨ ᠺᠠᠳ᠋ᠷ ︽ᠲᠦᠮᠡᠨ ᠺᠠᠳ᠋ᠷ ᠦᠨᠳᠦᠰᠦᠨ ᠱᠠᠲᠤᠨ ᠳᠤ ᠪᠠᠭᠤᠬᠤ︾ ᠠᠵᠢᠯᠯᠠᠭ᠎ᠠ | ᠳᠤᠮᠳᠠ᠂ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠴᠠᠭ ᠲᠤᠬᠠᠶ ᠳᠤᠨᠢ ︽ᠰᠧ ᠶᠤᠸᠠᠨ᠂ ᠰᠢᠨ ᠯᠠᠩ | ᠶᠠᠩ ᠹᠠᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ︾ ᠶᠢᠨ ᠣᠷᠳᠣᠰ ᠤᠨ ᠰᠠᠶᠢᠨ ᠳᠤᠷᠠᠴᠤᠳ ᠤᠨ ᠥᠷᠲᠡᠭᠡ | ︽ᠬᠤᠩ ᠳ᠋ᠧ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷᠠᠴᠤᠳ ᠤᠨ ᠨᠡᠶᠢᠭᠡᠮᠯᠢᠭ︾ ᠲᠠᠢ ᠬᠠᠮᠲᠤᠷᠠᠨ ᠨᠠᠷᠢᠨᠰᠢᠯᠢ | ᠪᠠᠭ᠎ᠠ ᠰᠤᠷᠭᠠᠭᠤᠯᠢ ᠶᠢᠨ ᠪᠥᠬᠦ ᠰᠤᠷᠤᠭᠴᠢᠳ ᠲᠤ ︽6᠂ 1︾ ᠤ ᠳᠡᠯᠡᠬᠡᠶ ᠶᠢᠨ ᠬᠡᠦᠬᠡᠳ ᠤᠨ ᠪᠠᠶᠠᠷ ᠤᠨ | ᠣᠨᠴᠠᠭᠠᠶ ᠪᠡᠯᠡᠭ 289 ᠢᠵᠢ᠂ ᠶᠡᠷᠦᠩᠬᠡᠶ ᠥᠷᠲᠡᠭ ᠨᠢ 39015 ᠲᠥᠭᠦᠷᠢᠭ ᠤᠨ ᠰᠧ ᠶᠤᠸᠠᠨ ᠹᠠᠩ ᠵᠧᠤ | ᠠᠮᠤᠷ ᠲᠦᠪᠰᠢᠨ ᠤ ᠰᠤᠷᠭᠠᠭᠤᠯᠢ ᠶᠢᠨ ᠬᠤᠪᠴᠠᠰᠤ ᠬᠦᠷᠭᠡᠪᠡ᠃ | | | ᠰᠢᠨ᠎ᠡ ᠪᠠᠶᠢᠳᠠᠯ ᠢ ᠡᠭᠦᠳᠬᠦ ᠳᠤ ︽ᠪᠣᠳᠠᠲᠠᠶ + ᠪᠣᠳᠠᠲᠠᠶ︾ | ᠲᠤᠰ ᠪᠡᠶ᠎ᠡ ᠶᠢᠨ ᠢᠶᠠᠨ ᠪᠣᠳᠠᠲᠤ ᠪᠠᠶᠢᠳᠠᠯ ᠳᠤ ᠰᠠᠭᠤᠷᠢᠯᠠᠨ᠂ ᠭᠡᠭᠡᠨ ᠰᠠᠷᠠᠭᠤᠯ ᠢᠷᠡᠭᠡᠳᠦᠢ ᠶᠢ ᠡᠷᠢᠯᠬᠢᠯᠡᠵᠦ᠂ | ᠪᠠᠶᠢᠳᠠᠯ ᠢ ᠦᠨᠳᠦᠰᠦᠯᠡᠨ ᠪᠣᠳᠣᠯᠬᠢᠯᠠᠵᠤ᠂ ᠪᠠᠶᠢᠳᠠᠯ ᠢ ᠦᠨᠳᠦᠰᠦᠯᠡᠨ ᠬᠥᠳᠡᠯᠵᠦ᠂ ᠪᠠᠶᠢᠳᠠᠯ ᠢ ᠲᠠᠭᠠᠨ ᠠᠵᠢᠯᠯᠠᠬᠤ | ᠬᠡᠷᠡᠭᠲᠡᠢ᠃ | | ᠤᠯᠤᠰ ᠤᠨ ᠴᠢᠬᠤᠯᠠ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠪᠠ ᠪᠥᠬᠦ ᠣᠷᠣᠨ ᠤ ᠠᠵᠤ ᠠᠬᠤᠶ ᠶᠢᠨ | ᠬᠥᠭᠵᠢᠯᠲᠡ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠡᠵᠡᠨ ᠬᠤᠷᠤᠭ᠎ᠠ ᠬᠤᠰᠢᠭᠤ ᠰᠡᠳᠬᠢᠯ | ᠵᠢᠷᠦᠬᠡᠨ ᠳᠡᠭᠡᠨ ︽ᠤᠯᠤᠰ ᠤᠨ ᠶᠡᠭᠡ ᠶᠠᠪᠤᠳᠠᠯ︾ ᠢ ᠡᠪᠦᠷᠯᠡᠵᠦ᠂ ᠲᠡᠦᠬᠡ ᠪᠠᠷ ᠳᠤᠯᠢᠳᠠᠵᠤ᠂ ᠲᠡᠦᠬᠡ ᠪᠠᠷ ᠶᠣᠰᠣ ᠶᠢ | ᠮᠡᠳᠡᠵᠦ᠂ ᠲᠡᠦᠬᠡ ᠪᠠᠷ ᠬᠦᠴᠦ ᠪᠠᠨ ᠨᠢᠭᠲᠠᠷᠠᠭᠤᠯᠵᠤ᠂ ᠵᠤᠪᠠᠯ ᠵᠦᠳᠡᠬᠦᠷᠢ ᠬᠡᠷᠡᠯ ᠰᠠᠴᠤᠷᠠᠩᠭᠤᠶ ᠦᠩᠬᠡᠷᠡᠯᠳᠡ᠂ | ᠡᠳᠦᠷ ᠢᠷᠡᠬᠦᠶ᠎ᠡ ᠬᠦᠭᠵᠢᠵᠦ ᠪᠠᠶᠢᠭ᠎ᠠ ᠣᠲᠣ ᠴᠠᠭ᠂ ᠬᠡᠭᠡᠨ ᠰᠠᠷᠠᠭᠤᠯ ᠠᠤᠭ᠎ᠠ ᠶᠡᠭᠡ ᠢᠷᠡᠭᠡᠳᠦᠶ ᠶᠢ ᠬᠤᠯᠪᠣᠵᠤ᠂ | ᠪᠠᠶᠢᠳᠠᠯ ᠢ ᠦᠨᠳᠦᠰᠦᠯᠡᠨ ᠰᠦᠪᠡᠭᠴᠢᠯᠡᠵᠦ᠂ ᠪᠠᠶᠢᠳᠠᠯ ᠢ ᠲᠠᠭᠠᠨ ᠬᠥᠳᠡᠯᠵᠦ᠂ ᠪᠠᠶᠢᠳᠠᠯ ᠢ ᠲᠠᠭᠠᠨ ᠠᠵᠢᠯᠯᠠᠵᠤ᠂ | ᠤᠷᠢᠳᠤᠬᠢ ᠶᠢ ᠳᠤᠯᠢᠳᠠᠨ ᠢᠷᠡᠭᠡᠳᠦᠶ ᠶᠢ ᠮᠡᠳᠡᠬᠦ ᠳᠤᠮᠳᠠ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠵᠦ᠂ | ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠪᠡ᠃ | ᠣᠳᠣᠬᠠᠨ ᠪᠠ ᠢᠷᠡᠬᠦ ᠲᠠᠪᠤᠨ ᠵᠢᠯ ᠳᠤ᠂ ᠡᠵᠡᠨ ᠬᠤᠷᠤᠭ᠎ᠠ ᠬᠤᠰᠢᠭᠤ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ︽ᠰᠢᠨ᠎ᠡ︾ ᠡᠬᠢ ᠪᠠᠶᠠᠯᠢᠭ ᠤᠨ | ᠦᠵᠡᠯᠲᠡ ᠪᠠᠷ ᠰᠢᠨ᠎ᠡ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠤ᠂ ᠴᠢᠨᠠᠷ ᠰᠠᠶᠢᠲᠠᠶ ᠬᠥᠭᠵᠢᠯᠲᠡ ᠶᠢᠨ | ᠬᠥᠲᠥᠯᠥᠨ ᠳᠠᠭᠠᠭᠤᠯᠬᠤ ᠣᠷᠣᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠬᠤᠰᠢᠭᠤᠴᠢ ᠣᠷᠣᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠤᠲᠠ | ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠥᠯᠢᠭᠡᠷ ᠳᠠᠭᠤᠷᠢᠶᠠᠯ ᠣᠷᠣᠨ᠂ ᠠᠷᠠᠳ ᠲᠦᠮᠡᠨ ᠤ ᠵᠣᠯ ᠵᠢᠷᠭᠠᠯᠲᠤ | ᠰᠠᠶᠢᠨ ᠰᠠᠶᠢᠬᠠᠨ ᠬᠡᠷ ᠣᠷᠣᠨ ᠵᠡᠷᠭᠡ ︽ᠲᠠᠪᠤ ᠶᠢ ᠤᠷᠢᠳ ᠢᠶᠠᠷ ᠪᠣᠳᠣᠯᠬᠢᠯᠠᠬᠤ︾ ᠭᠤᠤᠯ ᠲᠡᠮᠡᠴᠡᠬᠦ ᠬᠠᠷᠠᠯᠲᠠ ᠶᠢ | ᠤᠷᠢᠳ ᠢᠶᠠᠷ ᠴᠣᠭᠴᠠᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ ᠭᠡᠵᠦ ᠳᠤᠷᠠᠳᠪᠠ᠃ | ︽ᠰᠠᠯᠬᠢᠨ ᠭᠡᠷᠡᠯ ᠤᠨ ᠤᠰᠤᠲᠥ᠋ᠷᠥᠭᠴᠢ ᠬᠠᠳᠠᠭᠠᠯᠠᠬᠤ︾ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ | ᠰᠢᠪᠲᠤᠯᠤᠯᠲᠠ ᠲᠠᠢ ᠪᠣᠯᠵᠤ᠂ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠰᠤᠷᠠᠯᠲᠠ ᠦᠭᠡᠢ | ᠪᠤᠵᠠᠭᠠᠶᠢᠷᠠᠵᠤ᠂ ᠬᠤᠢ ᠨᠧᠩ ᠨᠡᠭᠦᠷᠡᠰᠦ ᠪᠠᠷ ᠬᠡᠢ ᠦᠢᠯᠡᠳᠬᠦ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠨᠢ | ᠲᠤᠷᠰᠢᠨ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠵᠦ᠂ ᠲᠢᠶᠠᠨ ᠵᠢᠶᠤᠤ ᠪᠤᠬᠢᠷᠳᠤᠯ ᠦᠬᠡᠢ ᠡᠨᠧᠷᠭᠢ ᠶᠢᠨ 50 | ᠲᠦᠮᠡᠨ ᠬᠢᠯᠦᠸᠠᠲ ᠤᠨ ︽ᠠᠮᠢ ᠠᠬᠤᠢ ᠶᠢ ᠰᠡᠷᠭᠦᠭᠡᠬᠦ + ᠭᠡᠷᠡᠯ ᠸᠣᠯᠲ︾ ᠤᠨ ᠲᠥᠷᠥᠯ ᠵᠦᠢᠯ ᠤᠳᠠᠯ ᠦᠭᠡᠢ | ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠪᠣᠯᠤᠯ᠎ᠠ᠂ ᠵᠧᠩ ᠲᠠᠢ ᠢ ᠳ᠋ᠡ ᠪᠠᠶᠢᠭᠠᠯᠢ ᠶᠢᠨ ᠰᠢᠲᠠᠮᠠᠬᠠᠢ ᠬᠡᠢ ᠶᠢ | ᠶᠡᠷᠦᠩᠬᠡᠶᠢᠯᠡᠨ ᠠᠰᠢᠭᠯᠠᠬᠤ᠂ ᠺᠧ ᠱᠢ ᠠᠭᠤᠷᠬᠠᠢ ᠶᠢᠨ ᠬᠡᠷᠡᠭᠯᠡᠬᠡᠨ ᠤ ᠵᠠᠮ ᠦᠭᠡᠢ ᠭᠤᠮ ᠬᠦᠷᠳᠦᠲᠦ ᠲᠡᠷᠭᠡ ᠵᠡᠷᠭᠡ | ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠠᠰᠢᠭᠯᠠᠯᠲᠠ ᠳᠤ ᠣᠷᠣᠪᠠ᠃ | | | | | | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠭᠤᠯᠠ ᠤᠰᠤ ᠣᠶ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠤᠨ᠎ᠠ᠃ ᠨᠡᠭᠦᠷᠡᠰᠦ ᠮᠠᠯᠲᠠᠵᠤ ᠳᠣᠷᠣᠭᠰᠢ ᠰᠠᠭᠤᠭᠰᠠᠨ ᠣᠷᠣᠨ ᠪᠣᠯᠤᠨ ᠰᠡᠷᠭᠦᠭᠡᠨ | ᠬᠠᠭᠠᠯᠪᠤᠷᠢᠯᠠᠬᠤ ᠣᠷᠣᠨ ᠤ ︽ᠰᠠᠯᠬᠢ ᠭᠡᠷᠡᠯ ᠤᠨ ᠤᠰᠤᠲᠥ᠋ᠷᠥᠭᠴᠢ ᠬᠠᠳᠠᠭᠠᠯᠠᠬᠤ + ᠠᠮᠢ ᠠᠬᠤᠢ ᠶᠢ ᠰᠡᠷᠭᠦᠭᠡᠬᠦ | + ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ︾ ᠶᠢᠨ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠪᠤᠢ | ᠪᠦᠬᠦᠢ ᠨᠡᠭᠦᠷᠡᠰᠦᠨ ᠠᠭᠤᠷᠬᠠᠢ ᠨᠢ ᠥᠨᠳᠥᠷ ᠪᠠᠷᠢᠮᠵᠢᠶ᠎ᠠ ᠪᠠᠷ ᠣᠶᠤᠨᠴᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ | ᠪᠠᠶᠢᠭᠤᠯᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠬᠦ ᠶᠢ ᠠᠬᠢᠭᠤᠯᠵᠤ᠂ ᠲᠩᠷᠢᠯᠢᠭ ᠲᠠᠷᠬᠠᠨ ᠣᠷᠣᠨ ᠢ ︽ᠲᠩᠷᠢ ᠨᠢ ᠨᠡᠩ ᠴᠡᠯᠮᠡᠭ᠂ ᠠᠭᠤᠯᠠ ᠨᠢ ᠨᠡᠩ | ᠨᠣᠭᠤᠭᠠᠨ᠂ ᠤᠰᠤ ᠨᠢ ᠨᠡᠩ ᠲᠤᠩᠭᠠᠯᠠᠭ᠂ ᠣᠷᠴᠢᠨ ᠲᠣᠭᠤᠷᠢᠨ ᠨᠢ ᠨᠡᠩ ᠦᠵᠡᠰᠬᠦᠯᠡᠩᠲᠦ ᠰᠠᠶᠢᠬᠠᠨ︾ ᠪᠣᠯᠭᠠᠨ᠎ᠠ | ᠃ | ︽ᠭᠤᠷᠪᠠᠨ ᠲᠣᠭᠤᠷᠢᠭ ᠲᠠᠪᠤᠨ ᠦᠢᠯᠡᠰ︾ ᠤᠨ ᠶᠡᠷᠦᠩᠬᠡᠢ ᠪᠠᠢᠷᠢᠯᠠᠭᠤᠯᠤᠯᠲᠠ ᠶᠢ ᠪᠠᠷᠢᠮᠲᠠᠯᠠᠵᠤ᠂ | ᠬᠤᠨᠢᠴᠢᠨ ᠭᠤᠣᠯ ᠪᠠᠯᠭᠠᠰᠤ᠂ ᠰᠤᠪᠤᠷᠭ᠎ᠠ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠳᠤ | ᠰᠠᠭᠤᠷᠢᠯᠠᠨ᠂ ᠪᠣᠬᠢᠷᠲᠤᠯ ᠦᠭᠡᠢ ᠵᠢᠮᠢᠰ ᠢᠳᠡᠰᠢᠨ ᠨᠣᠭᠤᠭ᠎ᠠ᠂ ᠵᠢᠭᠦᠷᠲᠡᠨ ᠥᠨᠳᠡᠭᠡ ᠮᠢᠬ᠎ᠠ ᠨᠣᠣᠯᠤᠷ᠂ ᠡᠯᠳᠡᠪ | ᠠᠮᠤ ᠬᠤᠯᠢᠰᠢᠨ ᠢᠳᠡᠭᠡᠨ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠠᠷᠠᠭᠤᠨ ᠣᠷᠣᠨ ᠤ ᠣᠬᠢ | ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ ᠲᠥᠪᠯᠡᠷᠡᠯ ᠤᠨ ᠣᠷᠣᠨ ᠢ ᠪᠠᠶᠢᠭᠤᠯᠤᠨ᠎ᠠ᠃ ᠠᠯᠲᠠᠨᠰᠢᠷᠡᠭᠡ ᠪᠠᠯᠭᠠᠰᠤ᠂ | ᠡᠵᠡᠨ ᠬᠤᠷᠤᠭ᠎ᠠ ᠪᠠᠯᠭᠠᠰᠤ᠂ ᠵᠠᠰᠠᠭ ᠪᠠᠯᠭᠠᠰᠤ ᠶᠢᠨ ᠪᠥᠬᠦ ᠬᠡᠪᠴᠢᠶᠡᠨ ᠤ ᠵᠢᠭᠤᠯᠴᠢᠯᠠᠯ ᠤᠨ ᠡᠬᠢ ᠪᠠᠶᠠᠯᠢᠭ ᠲᠤ | ᠰᠠᠭᠤᠷᠢᠯᠠᠨ᠂ ᠰᠡᠯᠡᠭᠦᠴᠡᠨ ᠲᠣᠭᠤᠷᠢᠬᠤ᠂ ᠰᠣᠶᠣᠯ ᠢ ᠪᠡᠶᠡᠴᠢᠯᠡᠨ ᠣᠶᠢᠯᠠᠭᠠᠬᠤ᠂ ᠠᠶᠠᠨᠳᠠᠭᠠᠨ ᠰᠤᠳᠤᠯᠤᠨ | ᠰᠤᠷᠤᠯᠴᠠᠬᠤ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠳᠤᠮᠳᠠ ᠬᠡᠰᠡᠭ ᠤᠨ ᠵᠢᠭᠤᠯᠴᠢᠯᠠᠯ | ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ | ᠤᠯᠠᠭᠠᠨᠮᠥ᠋ᠷᠡᠨ ᠪᠠᠯᠭᠠᠰᠤ᠂ ᠨᠠᠷᠢᠨ ᠲᠣᠬᠤᠶ ᠪᠠᠯᠭᠠᠰᠤ ᠠᠮᠢ ᠠᠬᠤᠶ ᠲᠠᠷᠢᠶᠠᠯᠠᠩ ᠵᠡᠷᠭᠡ ᠠᠵᠤ ᠦᠢᠯᠡᠰ ᠢ | ᠭᠤᠤᠯᠳᠠᠯᠭ᠎ᠠ ᠲᠠᠢ ᠬᠥᠭᠵᠢᠭᠦᠯᠵᠤ᠂ ᠵᠡᠭᠦᠨ ᠬᠡᠰᠡᠭ ᠤᠨ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠠᠮᠢ | ᠠᠬᠤᠶ ᠶᠢᠨ ᠥᠯᠢᠭᠡᠷ ᠳᠠᠭᠤᠷᠢᠶᠠᠯ ᠲᠣᠭᠤᠷᠢᠭ ᠢ ᠪᠠᠶᠢᠭᠤᠯᠵᠤ᠂ ᠪᠣᠬᠢᠷᠲᠤᠯ ᠥᠬᠡᠶ ᠤᠷᠤᠰᠢᠨ ᠰᠠᠭᠤᠷᠢᠰᠢᠬᠤ ᠳᠤ | ᠲᠣᠬᠢᠷᠠᠮᠵᠢᠲᠠᠶ ᠬᠤᠲᠠ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ | ᠳᠠᠭᠤᠷᠢᠶᠠᠯ ᠲᠣᠭᠤᠷᠢᠭ ᠢ ᠬᠦᠴᠦᠯᠡᠨ ᠪᠠᠶᠢᠭᠤᠯᠤᠨ᠎ᠠ᠃ | ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠪᠠᠶᠢᠳᠠᠯ ᠢ ᠲᠠᠭᠠᠨ | ᠤᠷᠤᠭᠰᠢᠯᠠᠪᠠᠯ᠂ ᠯᠠᠪᠲᠠᠶ ᠰᠠᠶᠢᠨ ᠰᠠᠶᠢᠬᠠᠨ ᠢᠷᠡᠭᠡᠳᠦᠶ ᠶᠢ ᠲᠡᠮᠡᠴᠡᠨ ᠣᠯᠵᠤ᠂ ᠡᠵᠡᠨ ᠬᠤᠷᠤᠭ᠎ᠠ ᠪᠠᠨ ᠨᠠᠩ ᠰᠠᠶᠢᠨ | ᠰᠠᠶᠢᠬᠠᠨ ᠢᠷᠡᠭᠡᠳᠦᠶ ᠵᠦᠭ ᠬᠥᠲᠥᠯᠥᠨ ᠳᠠᠭᠠᠭᠤᠯᠬᠤ ᠪᠠ ᠳᠥᠯᠭᠢᠨ ᠠᠬᠢᠭᠤᠯᠵᠤ᠂ ᠨᠡᠶᠢᠭᠡᠮ ᠵᠢᠷᠤᠮ ᠤᠨ | ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠦᠢᠯᠡᠰ ᠤᠨ ᠴᠣ᠋ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ | | | | |