| | ᠨᠠᠮ ᠤᠨ ᠲᠥᠯᠥᠭᠡᠯᠡᠭᠴᠢ ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠢᠶᠠᠨ ᠭᠠᠩ᠄ ︽ᠬᠤᠸᠠ ᠱᠦᠵᠢ ᠶᠢᠨ | ᠬᠢᠭᠰᠡᠨ ᠢᠯᠡᠳᠬᠡᠯ ᠨᠢ ᠠᠯᠤᠰ ᠬᠡᠲᠦ ᠶᠢᠨ ᠵᠣᠭᠰᠣᠴᠠ ᠲᠠᠢ᠂ ᠰᠡᠳᠬᠢᠴᠡ ᠲᠣᠳᠣᠷᠬᠠᠶ᠂ ᠠᠭᠤᠯᠤᠭᠳᠠᠬᠤᠨ ᠪᠠᠶᠠᠯᠢᠭ | ᠪᠠᠶᠢᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ | ᠬᠥᠭᠡᠭᠡᠴᠡᠯᠳᠦᠬᠦ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ | ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠰᠠᠶᠢᠨ ᠢᠯᠡᠳᠬᠡᠯ ᠪᠣᠯᠵᠠᠶ᠃ | ᠮᠡᠳᠡᠭᠦᠯᠦᠯᠲᠡ ᠶᠢᠨ ᠭᠤᠤᠯ ᠰᠡᠳᠦᠪ ᠢᠯᠡ ᠲᠣᠳᠣ ᠪᠠᠶᠢᠵᠤ᠂ ︿ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ﹀ ᠶᠡᠷᠦᠩᠬᠡᠶ ᠬᠠᠷᠠᠯᠲᠠ ᠶᠢ ᠳᠤᠷᠠᠳᠴᠤ᠂ ᠮᠡᠳᠡᠭᠦᠯᠦᠯᠲᠡ ᠶᠢᠨ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠲᠠᠪᠤᠨ ᠪᠣᠳᠠᠲᠠᠶ ᠬᠠᠷᠠᠯᠲᠠ ᠶᠢ | ᠳᠤᠷᠠᠳᠴᠠᠶ᠃ ᠡᠨᠡ ᠪᠣᠯ ᠪᠥᠬᠦ ᠬᠤᠰᠢᠭᠤᠨ ᠤ ᠠᠵᠢᠯ ᠢ ᠵᠢᠯᠣᠭᠤᠳᠬᠤ ᠠᠵᠢᠯᠯᠠᠭᠠᠨ ᠤ ᠬᠥᠲᠥᠯᠪᠦᠷᠢ ᠮᠥᠨ᠂ | ᠮᠡᠳᠡᠭᠦᠯᠦᠯᠲᠡ ᠶᠢᠨ ᠠᠷᠭ᠎ᠠ ᠬᠡᠮᠵᠢᠶ᠎ᠡ ᠨᠢ ᠬᠦᠴᠦᠲᠡᠶ᠂ ᠠᠤᠭ᠎ᠠ ᠲᠥᠰᠦᠪ ᠢ ᠵᠢᠷᠤᠭᠯᠠᠬᠤ ᠳᠤ ᠪᠠᠶᠢᠯᠳᠤᠬᠤ | ᠪᠣᠳᠣᠯᠭ᠎ᠠ ᠶᠢᠨ ᠦᠨᠳᠦᠷᠴᠡ ᠲᠠᠢ ᠮᠥᠷᠲᠡᠭᠡᠨ ᠪᠠᠰᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ | ᠂ ᠠᠷᠭ᠎ᠠ ᠬᠡᠮᠵᠢᠶ᠎ᠡ ᠨᠢ ᠯᠠᠪᠳᠠᠭᠤᠨ ᠬᠦᠴᠦᠲᠡᠶ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠮᠠᠨ ᠤ ᠬᠤᠰᠢᠭᠤᠨ ᠤ ᠬᠥᠭᠵᠢᠯᠲᠡ ᠪᠠ ᠥᠭᠡᠷᠡᠴᠢᠯᠡᠯᠲᠡ ᠶᠢᠨ | ᠪᠣᠳᠠᠲᠤ ᠪᠠᠶᠢᠳᠠᠯ ᠳᠤ ᠰᠠᠭᠤᠷᠢᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠥᠭᠵᠢᠯᠲᠡ ᠶᠢ ᠠᠬᠢᠭᠤᠯᠬᠤ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠨᠢᠭᠡ ᠳᠤ | ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠢᠬᠤᠯᠠ ᠶᠡᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︿ᠨᠢᠭᠡᠳᠦᠭᠡᠷ ᠭᠠᠷᠳᠠᠴᠠ﹀ | ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠬᠥᠭᠵᠢᠯᠲᠡ ᠶᠢᠨ ︿ᠨᠢᠭᠡᠳᠦᠭᠡᠷ | ᠬᠥᠳᠡᠯᠭᠡᠬᠦ ᠬᠦᠴᠦᠨ﹀ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠢᠭᠡ ᠪᠦᠯᠦᠭ ᠰᠠᠶᠢᠨ ᠲᠦᠷᠦᠯ | ᠵᠦᠢᠯ ᠲᠤᠮᠤ ᠲᠦᠷᠦᠯ ᠵᠦᠢᠯ ᠢ ᠣᠷᠣᠭᠤᠯᠤᠨ ᠠᠪᠴᠢᠷᠠᠨ᠎ᠠ᠃ ᠬᠤᠶᠠᠷ ᠲᠤ᠂ ᠶᠡᠭᠡ ᠬᠦᠴᠦ ᠣᠷᠣᠭᠤᠯᠵᠤ ᠪᠠᠶᠢᠭᠠᠳ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢᠨ ︿ᠭᠦᠶᠦᠬᠦ﹀ ᠪᠠᠷ ᠤᠯᠠᠨ ᠲᠦᠮᠡᠨ ᠤ ︿ | ᠭᠦᠶᠦᠬᠦ﹀ ᠶᠢ ᠣᠷᠣᠯᠠᠭᠤᠯᠤᠨ᠎ᠠ᠃ ᠭᠤᠷᠪᠠ ᠳᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠵᠤ᠂ ︿ᠬᠤᠶᠠᠷ ᠥᠨᠳᠥᠷ﹀ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ | ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠬᠦᠷᠡᠰᠦᠳᠦ᠋ᠷᠦᠭᠴᠢ | ᠭᠠᠳᠠᠭᠰᠢᠯᠠᠭᠤᠯᠬᠤ ᠶᠢ ᠵᠦᠭᠰᠢᠷᠡᠬᠦᠯᠦᠨ ᠨᠠᠮᠳᠠᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠬᠢ ᠪᠠᠶᠠᠯᠢᠭ ᠢ | ᠥᠨᠳᠥᠷ ᠪᠦᠲᠦᠮᠵᠢᠲᠡᠢ ᠠᠰᠢᠭᠯᠠᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠦᠨᠡᠨ ᠬᠦ ᠠᠬᠢᠭᠤᠯᠤᠨ᠎ᠠ᠃ ᠳᠥᠷᠪᠡ ᠳᠤ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠠᠳᠬᠤᠵᠤ | ᠂ ᠨᠡᠭᠦᠷᠡᠰᠦᠨ ᠤ ᠠᠮᠤᠷ ᠲᠦᠪᠰᠢᠨ ᠠᠷᠢᠭᠤᠨ ᠴᠡᠪᠡᠷ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠠᠬᠢᠭᠤᠯᠵᠤ᠂ | ᠰᠢᠨ᠎ᠡ ᠡᠨᠧᠷᠭᠢ᠂ ᠰᠢᠨ᠎ᠡ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠶᠤᠨᠴᠢ᠂ ᠪᠣᠬᠢᠷᠲᠤᠯ ᠥᠬᠡᠶ᠂ | ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ︾ ᠭᠡᠪᠡ᠃ | | | | |