ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠧᠩ ᠢᠦᠶ ᠭᠠᠩ
ᠨᠡᠶᠢᠲᠡᠯᠡᠭᠰᠡᠨ ᠴᠠᠭ᠄
2021/11/24
     
     ᠨᠠᠮ ᠤᠨ ᠲᠦᠯᠦᠬᠡᠯᠡᠭᠴᠢ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠧᠩ ᠢᠦᠶ ᠭᠠᠩ ᠄ ︽ᠬᠤᠸᠠ ᠷᠦᠢ ᠹᠧᠩ ᠱᠦᠵᠢ ᠶᠢᠨ ᠮᠡᠳᠡᠭᠦᠯᠦᠯᠲᠡ ᠨᠢ ︿ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ﹀᠎ ᠶᠢ ᠪᠠᠷᠢᠮᠲᠠᠯᠠᠬᠤ ᠪᠠᠷ ᠰᠡᠳᠦᠪᠯᠡᠵᠦ᠂ ︿ᠤᠯᠤᠰ ᠤᠨ ᠦᠮᠴᠢᠯᠡᠯᠳᠦ ᠠᠵᠤ ᠠᠬᠤᠶᠢᠯᠠᠯ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠳᠦ ᠬᠥᠷᠥᠩᠭᠡ ᠶᠢ ᠴᠢᠬᠤᠯᠠ ᠠᠵᠤ ᠦᠢᠯᠡᠰ᠂ ᠭᠤᠤᠯᠯᠠᠬᠤ ᠭᠤᠤᠯ ᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠲᠥᠪᠯᠡᠷᠡᠭᠦᠯᠬᠦ ᠶᠢ ᠠᠬᠢᠭᠤᠯᠵᠤ᠂ ᠤᠯᠤᠰ ᠤᠨ ᠦᠮᠴᠢᠯᠡᠯᠳᠦ ᠬᠥᠷᠥᠩᠭᠡ ᠪᠠ ᠤᠯᠤᠰ ᠤᠨ ᠦᠮᠴᠢᠯᠡᠯᠳᠦ ᠠᠵᠤ ᠠᠬᠤᠶᠢᠯᠠᠯ ᠢ ᠰᠢᠯᠢᠳᠡᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ﹀ ᠭᠡᠵᠦ ᠳᠤᠷᠠᠳᠴᠠᠶ᠂ ᠡᠨᠡ ᠨᠢ ᠡᠵᠡᠨ ᠬᠤᠷᠤᠭ᠎ᠠ ᠬᠤᠰᠢᠭᠤᠨ ᠤ ᠤᠯᠤᠰ ᠤᠨ ᠦᠮᠴᠢᠯᠡᠯᠳᠦ ᠠᠵᠤ ᠠᠬᠤᠶᠢᠯᠠᠯ ᠳᠤ ᠠᠪᠴᠤ ᠬᠡᠯᠡᠪᠡᠯ᠂ ᠠᠵᠠ ᠲᠣᠬᠢᠶᠠᠯ ᠪᠣᠯᠬᠤ ᠪᠥᠭᠡᠳ ᠥᠷᠢᠰᠥᠯᠳᠦᠭᠡᠨ ᠪᠣᠯᠬᠤ ᠶᠤᠮ᠃ ᠮᠡᠳᠡᠭᠦᠯᠦᠯᠲᠡ ᠳᠤ ᠪᠠᠰᠠ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︿ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ﹀ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠶ ᠭᠡᠵᠦ ᠳᠤᠷᠠᠳᠴᠠᠶ᠂ ᠡᠨᠡ ᠨᠢ ᠮᠥᠨ ᠴᠦ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ᠲᠤᠰ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠪᠢᠳᠡ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠨᠡᠩ ᠥᠨᠳᠥᠷ ᠬᠠᠷᠠᠯᠲᠠ ᠶᠢ ᠣᠯᠵᠤ ᠬᠠᠷᠠᠵᠤ᠂ ᠣᠷᠣᠨ ᠨᠤᠲᠤᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠢ ᠨᠡᠩ ᠡᠷᠴᠢ ᠵᠣᠷᠢᠭ ᠲᠠᠢ ᠪᠣᠯᠭᠠᠪᠠ      ᠲᠠᠷᠠᠭᠠᠴᠢ ᠶᠢᠨ ᠠᠯᠬᠤᠮ ᠳᠤ᠂ ᠤᠯᠤᠰ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠳᠤ ᠠᠪᠴᠤ ᠬᠡᠯᠡᠪᠡᠯ᠂ ᠪᠢᠳᠡ ᠥᠪᠡᠷ ᠤᠨ ᠣᠷᠣᠨ ᠨᠤᠲᠤᠭ ᠤᠨ ᠣᠨᠴᠠᠯᠢᠭ ᠢᠶᠠᠨ ᠠᠳᠬᠤᠵᠤ᠂ ᠣᠳᠣᠬᠠᠨ ᠤ ᠠᠵᠢᠯ ᠲᠠᠢ ᠪᠠᠨ ᠤᠶᠠᠯᠳᠤᠭᠤᠯᠤᠨ᠂ ᠠᠯᠤᠰ ᠬᠡᠲᠦ ᠶᠢᠨ ᠬᠥᠭᠵᠢᠯᠲᠡ ᠲᠠᠢ ᠤᠶᠠᠯᠳᠤᠭᠤᠯᠵᠤ᠂ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠠᠩ ᠶᠡᠭᠡ ᠨᠡᠶᠢᠭᠡᠮ ᠤᠨ ᠠᠵᠤ ᠠᠬᠤᠶ ᠶᠢᠨ ᠦᠷ᠎ᠡ ᠠᠰᠢᠭ ᠢ ᠪᠠᠳᠠᠷᠠᠭᠤᠯᠤᠨ᠎ᠠ᠃ ᠬᠤᠶᠠᠷ ᠲᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠭᠦᠷᠭᠡᠯᠡᠯ ᠢ ᠦᠢᠯᠡᠳᠦᠯᠭᠡᠵᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠶᠢ ᠨᠡᠩ ᠰᠠᠶᠢᠲᠤᠷ ᠭᠦᠢᠴᠡᠳᠬᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠨᠡᠨᠬᠦ ᠠᠭᠤᠰᠤᠯᠴᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠰᠡᠭ ᠠᠰᠢᠭ ᠬᠤᠨᠵᠢᠪᠣᠷᠢ ᠶᠢ ᠬᠤᠲᠠ ᠶᠢᠨ ᠰᠠᠭᠤᠷᠢ ᠪᠡᠯᠡᠳᠬᠡᠮᠵᠢ ᠵᠢᠴᠢ ᠴᠢᠨᠠᠷ ᠴᠢᠨᠰᠠᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠩ ᠴᠢᠨᠠᠷ ᠰᠠᠶᠢᠲᠠᠶ ᠬᠡᠷ ᠪᠠᠶᠢᠰᠢᠩ ᠬᠠᠩᠭᠠᠵᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠲᠠᠢ ᠬᠠᠮᠵᠢᠯᠴᠠᠨ ᠮᠠᠨ ᠤ ᠬᠤᠰᠢᠭᠤᠨ ᠤ ᠪᠤᠴᠠᠭᠠᠨ ᠨᠡᠭᠦᠯᠭᠡᠵᠦ ᠲᠥᠪᠬᠢᠨᠡᠭᠦᠯᠬᠦ ᠡᠭᠦᠷᠭᠡ ᠶᠢ ᠪᠡᠶᠡᠯᠡᠭᠦᠯᠵᠦ᠂ ᠠᠷᠠᠳ ᠣᠯᠠᠨ ᠢ ᠠᠮᠤᠷ ᠲᠠᠶᠢᠪᠤᠩ ᠣᠷᠣᠰᠢᠨ ᠠᠮᠢᠳᠤᠷᠠᠬᠤ ᠮᠥᠷᠲᠡᠭᠡᠨ ᠰᠠᠨᠠᠭ᠎ᠠ ᠠᠮᠤᠷ ᠪᠠᠶᠢᠯᠭᠠᠨ᠎ᠠ ᠭᠤᠷᠪᠠ ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠰ ᠲᠤ ᠢᠳᠡᠪᠬᠢᠲᠡᠶ ᠣᠷᠣᠯᠴᠠᠵᠤ᠂ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠪᠠᠷᠠᠭᠤᠨ ᠣᠷᠣᠨ ᠤ ᠵᠣᠷᠢᠭᠵᠢᠭᠤᠯᠬᠤ ᠲᠥᠷᠥᠯ ᠤᠨ ᠲᠥᠷᠥᠯ ᠵᠦᠢᠯ ᠢᠶᠠᠷ ᠭᠤᠤᠯᠳᠠᠭᠤᠯᠵᠤ ᠰᠢᠨ᠎ᠡ ᠠᠵᠤ ᠦᠢᠯᠡᠰ ᠤᠨ ᠳᠠᠪᠠᠭᠤᠯᠢᠭ ᠢ ᠪᠦᠷᠢᠯᠳᠦᠭᠦᠯᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠬᠥᠭᠵᠢᠬᠦ ᠶᠢ ᠠᠬᠢᠭᠤᠯᠤᠨ᠎ᠠ  ︾᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号