| ᠨᠠᠮ ᠤᠨ ᠲᠥᠯᠥᠭᠡᠯᠡᠭᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ | ᠬᠤᠷᠢᠶᠠᠨ ᠤ ᠱᠦᠵᠢ ᠣᠣ ᠶᠤᠸᠠᠨ᠄ ︽ᠢᠯᠡᠳᠬᠡᠯ ᠨᠢ ᠲᠥᠪ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ | ᠂ ᠬᠥᠭᠵᠢᠯᠲᠡ ᠶᠢᠨ ᠶᠡᠭᠡ ᠬᠠᠨᠳᠤᠰᠢ ᠶᠢ ᠴᠢᠩᠭ᠎ᠠ ᠳᠠᠭᠠᠵᠤ᠂ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠬᠦᠨᠳᠦ | ᠡᠭᠦᠷᠭᠡ ᠶᠢ ᠡᠭᠦᠷᠭᠡᠯᠡᠵᠦ ᠳᠡᠶᠢᠯᠬᠦ ᠪᠣᠯᠤᠭᠰᠠᠨ ᠢᠶᠠᠨ ᠭᠦᠨ ᠮᠡᠳᠡᠷᠡᠬᠦ ᠶᠢᠨ ᠬᠠᠮᠲᠤ᠂ ᠨᠡᠩ ᠴᠤ ᠣᠮᠤᠭ ᠲᠡᠭᠦᠯᠳᠡᠷ᠂ | ᠢᠲᠡᠭᠡᠯ ᠲᠡᠭᠦᠯᠳᠡᠷ ᠪᠠᠶᠢᠨ᠎ᠠ᠃ | ᠨᠠᠮ ᠤᠨ ᠲᠤᠭ ᠪᠣᠯ ᠡᠪᠯᠡᠯ ᠤᠨ ᠲᠤᠭ ᠤᠨ ᠴᠢᠭᠯᠡᠯ᠃ ᠡᠪ ᠬᠠᠮᠲᠤ ᠵᠠᠯᠠᠭᠤᠴᠤᠳ ᠤᠨ ᠡᠪᠯᠡᠯ ᠨᠢ ᠨᠠᠮ ᠤᠨ | ᠬᠠᠪᠰᠤᠷᠤᠭᠴᠢ ᠪᠠ ᠪᠡᠯᠡᠳᠬᠡᠯ ᠴᠡᠷᠢᠭ ᠪᠣᠯᠤᠭᠰᠠᠨ ᠤ ᠬᠤᠪᠢ ᠳᠤ᠂ ᠪᠢᠳᠡ ᠨᠠᠮ ᠤᠨ ᠤᠷᠢᠶᠠᠯᠠᠭ᠎ᠠ ᠶᠢ ᠢᠮᠠᠭᠲᠠ | ᠪᠠᠷᠢᠮᠲᠠᠯᠠᠵᠤ᠂ ᠬᠤᠷᠢᠶᠠᠨ ᠤ ᠠᠵᠢᠯᠯᠠᠭ᠎ᠠ᠂ ︿ᠨᠠᠮ ᠤᠨ ᠪᠠᠶᠢᠭᠤᠯᠤᠯᠲᠠ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ | ﹀ ᠵᠢᠯᠣᠭᠤᠳᠣᠯᠭ᠎ᠠ ᠪᠠ ᠳᠠᠭᠠᠭᠤᠯᠭ᠎ᠠ ᠳᠤᠤᠷ᠎ᠠ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢᠨ | ᠲᠣᠭᠤᠷᠢᠨ ᠳᠤ᠂ ᠴᠢᠳᠠᠪᠤᠷᠢᠲᠠᠨ ᠢ ᠲᠠᠲᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ | ᠭᠤᠤᠯᠳᠠᠯᠭ᠎ᠠ ᠲᠠᠢ ᠠᠵᠢᠯ᠂ ᠨᠠᠮ ᠤᠨ ᠲᠥᠯᠥᠭᠡ ᠰᠠᠨᠠᠭᠠᠰᠢᠷᠠᠬᠤ ᠭᠠᠷᠳᠠᠬᠤ ᠴᠡᠭ ᠪᠠ ᠬᠦᠴᠦᠯᠡᠬᠦ ᠴᠡᠭ ᠢ | ᠰᠠᠨᠠᠭᠠᠴᠢᠯᠠᠭ᠎ᠠ ᠠᠴᠠ ᠪᠠᠨ ᠡᠷᠢᠪᠡ᠂ ᠬᠤᠰᠢᠭᠤ ᠨᠠᠮ ᠤᠨ ᠬᠤᠷᠢᠶᠠᠨ ᠤ ᠵᠠᠯᠠᠭᠤᠴᠤᠳ ᠲᠠᠢ ᠬᠠᠷᠢᠯᠴᠠᠵᠤ | ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠵᠣ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ | ᠪᠦᠯᠬᠦᠮᠳᠡᠭᠦᠯᠦᠨ ᠳᠠᠭᠠᠭᠤᠯᠵᠤ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠤᠨ᠎ᠠ᠂ ᠨᠠᠮ ᠢᠶᠠᠨ | ᠳᠠᠭᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ ᠲᠤ ᠢᠳᠡᠪᠬᠢᠲᠡᠶ | ᠣᠷᠣᠯᠴᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠨᠡᠶᠢᠭᠡᠮ ᠳᠠᠬᠢ ᠣᠷᠣᠰᠢᠬᠤ ᠰᠡᠳᠬᠢᠯᠭᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠯᠠᠭᠤᠴᠤᠳ ᠤᠨ ᠳᠤᠮᠳᠠᠬᠢ ᠨᠥᠯᠥᠭᠡᠯᠡᠬᠦ ᠬᠦᠴᠦᠨ᠂ ᠶᠡᠭᠡ ᠲᠠᠯ᠎ᠠ ᠳᠤ | ᠬᠤᠪᠢ ᠨᠡᠮᠡᠷᠢ ᠦᠵᠡᠭᠦᠯᠬᠦ ᠬᠡᠮᠵᠢᠶ᠎ᠡ᠂ ᠣᠳᠣᠬᠢᠴᠢᠯᠠᠭᠰᠠᠨ ᠡᠵᠡᠨ ᠬᠤᠷᠤᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠰᠢᠨ᠎ᠡ ᠠᠶᠠᠨ ᠵᠠᠮ ᠳᠤ ᠵᠠᠯᠠᠭᠤ ᠨᠠᠰᠤᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠶ᠎ᠡ ︾᠃ | | |