| | ᠨᠠᠮ ᠤᠨ ᠲᠥᠯᠥᠭᠡᠯᠡᠭᠴᠢ᠂ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠹᠸᠢ ᠶᠤᠸᠠᠢ᠄ ᠬᠤᠸᠠ ᠱᠦᠵᠢ ᠶᠢᠨ | ᠬᠢᠭᠰᠡᠨ ᠮᠡᠳᠡᠭᠦᠯᠦᠯᠲᠡ ᠶᠢ ᠰᠣᠨᠣᠰᠤᠭᠠᠳ᠂ ᠬᠥᠮᠦᠰ ᠤᠨ ᠰᠡᠳᠬᠢᠯ ᠢ ᠤᠷᠮᠠᠰᠢᠭᠤᠯᠤᠨ ᠵᠣᠷᠢᠭᠵᠢᠭᠤᠯᠵᠤ᠂ | ᠤᠷᠤᠭᠰᠢ ᠲᠠᠪᠰᠢᠬᠤ ᠵᠣᠷᠢᠭ ᠢ ᠬᠥᠪᠴᠢᠯᠡᠵᠦ᠂ ᠪᠢᠳᠡᠨ ᠤ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ | ᠲᠣᠳᠣᠷᠬᠠᠢ ᠵᠢᠭᠠᠵᠤ ᠥᠭᠴᠡᠢ᠃ ᠬᠤᠷᠠᠯ ᠤᠨ ᠳᠠᠷᠠᠭ᠎ᠠ᠂ ᠪᠢ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠮᠡᠳᠡᠭᠦᠯᠦᠯᠲᠡ ᠶᠢ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠨᠡ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠳᠤ ᠦᠨᠡᠨ ᠬᠦ ᠲᠤᠭᠤᠰᠢᠯᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠡᠭᠡᠷ᠎ᠡ ᠬᠦᠴᠦ | ᠲᠠᠯᠪᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤᠮᠳᠠᠬᠢ ᠠᠶᠢᠯ | ᠲᠣᠰᠬᠤᠨ ᠤ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠲᠠ ᠶᠢᠨ ᠲᠠᠰ ᠤᠨ 12 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ | ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ | ᠬᠤᠰᠢᠭᠤᠨ ᠤ 114 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ ᠬᠤᠶᠠᠷ ᠲᠤ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠢᠷᠠᠭᠤᠯᠬᠤ ᠶᠢ ᠡᠮᠬᠢ ᠴᠡᠭᠴᠡ ᠲᠠᠢ | ᠠᠬᠢᠭᠤᠯᠬᠤ ᠶᠢᠨ ᠬᠠᠮᠲᠤ᠂ ︽ᠠᠯᠳᠠᠨᠰᠢᠷᠡᠭᠡ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠤᠨ ᠡᠵᠡᠮᠰᠢᠯ ᠤᠨ | ᠴᠢᠨᠠᠷᠲᠠᠢ ᠨᠠᠷᠢᠨ ᠲᠥᠯᠥᠪᠵᠢᠭᠦᠯᠪᠡ︾ ᠶᠢ ᠵᠠᠰᠠᠨ ᠨᠠᠢᠷᠠᠭᠤᠯᠵᠤ᠂ ᠠᠯᠳᠠᠨᠰᠢᠷᠡᠭᠡ ᠪᠠᠯᠭᠠᠰᠤᠨ ᠤ ᠭᠤᠣᠯ ᠬᠤᠲᠠ ᠶᠢᠨ | ᠲᠣᠭᠤᠷᠢᠭ ᠤᠨ ᠵᠠᠮ ᠬᠠᠷᠢᠯᠴᠠᠭ᠎ᠠ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠲᠤᠰᠬᠠᠢ ᠲᠥᠯᠥᠪᠵᠢᠭᠦᠯᠭᠡ ᠶᠢ | ᠡᠮᠬᠢᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠭᠤᠷᠪᠠ ᠳᠤ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠳᠡᠭᠡᠷ᠎ᠡ ᠬᠦᠴᠦ ᠲᠠᠯᠪᠢᠨ᠎ᠠ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠲᠥᠯᠥᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ | ᠪᠦᠬᠦ ᠶᠠᠪᠤᠴᠠ ᠳᠤ ᠲᠤᠭᠤᠰᠢᠯᠠᠭᠤᠯᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ | ᠰᠠᠭᠤᠷᠢ ᠮᠥᠩᠭᠦ ᠶᠢ ᠨᠢᠭᠡᠳᠦᠯᠲᠡᠢ ᠳᠤ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠪᠠ ᠠᠭᠤᠷᠬᠠᠢ ᠶᠢᠨ ᠭᠠᠵᠠᠷ ᠤᠨ ᠣᠷᠴᠢᠨ | ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠪᠦᠬᠦ ᠬᠤᠰᠢᠭᠤᠨ ᠤ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ | |