ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠯᠢ
ᠨᠡᠶᠢᠲᠡᠯᠡᠭᠰᠡᠨ ᠴᠠᠭ᠄
2021/11/24
     
     ᠨᠠᠮ ᠤᠨ ᠲᠥᠯᠥᠭᠡᠯᠡᠭᠴᠢ᠂ ᠡᠵᠡᠨ ᠬᠤᠷᠤᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠯᠢ᠄ ᠬᠤᠸᠠ ᠱᠦᠵᠢ ᠶᠢᠨ ᠮᠡᠳᠡᠭᠦᠯᠦᠯᠲᠡ ᠶᠢᠨ ᠭᠤᠤᠯ ᠰᠡᠳᠦᠪ ᠢᠯᠡ ᠲᠣᠳᠣ᠂ ᠰᠡᠳᠬᠢᠴᠡ ᠲᠣᠳᠣᠷᠬᠠᠶ᠂ ᠠᠭᠤᠯᠭ᠎ᠠ ᠪᠣᠳᠠᠲᠠᠶ᠂ ᠠᠷᠭ᠎ᠠ ᠬᠡᠮᠵᠢᠶ᠎ᠡ ᠬᠦᠴᠦᠲᠡᠶ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠡᠷᠴᠢ ᠵᠣᠷᠢᠭ ᠢ ᠬᠥᠪᠴᠢᠯᠡᠭᠰᠡᠨ ᠰᠠᠶᠢᠨ ᠮᠡᠳᠡᠭᠦᠯᠦᠯᠲᠡ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠵᠠᠯᠠᠭᠤᠷ ᠮᠥᠨ᠂ ᠰᠢᠨ᠎ᠡ ᠲᠠᠪᠤᠨ ᠵᠢᠯ ᠤᠨ ᠠᠶᠠᠯᠠᠯ ᠡᠬᠢᠯᠡᠬᠦ ᠲᠠᠭᠠᠷᠢᠯᠲᠠ ᠶᠢᠨ ᠲᠡᠮᠳᠡᠭ ᠮᠥᠨ᠂ ᠬᠤᠶᠢᠰᠢᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ︿ᠨᠠᠮ ᠵᠠᠰᠠᠭ ᠤᠨ ᠪᠠᠴᠢᠮ ᠱᠠᠭᠠᠷᠳᠠᠯᠭ᠎ᠠ᠂ ᠡᠮᠡᠭᠲᠡᠶᠢᠴᠦᠳ ᠤᠨ ᠬᠡᠷᠡᠭᠴᠡᠭᠡ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠴᠢᠳᠠᠪᠤᠷᠢ﹀᠎ ᠶᠢᠨ ᠠᠵᠢᠯ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ︿ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ᠂ ᠡᠮᠡᠭᠲᠡᠶᠢᠴᠦᠳ ᠤᠨ ᠪᠠᠶᠢᠭᠤᠯᠤᠯᠲᠠ ᠶᠢᠨ ᠲᠠᠯ᠎ᠠ ᠪᠠᠷ ᠨᠠᠮ ᠤᠨ ᠪᠠᠶᠢᠭᠤᠯᠤᠯᠲᠠ ᠳᠤ ᠦᠢᠯᠡᠴᠢᠯᠡᠬᠦ﹀᠎ ᠪᠠᠷ ᠵᠣᠷᠢᠯᠲᠠ ᠪᠣᠯᠭᠠᠵᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ︿ᠬᠤᠯᠪᠣᠭ᠎ᠠ﹀᠎ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠨᠠᠮ ᠤᠨ ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠣᠳᠣᠬᠢᠴᠢᠯᠠᠭᠰᠠᠨ ᠡᠵᠡᠨ ᠬᠤᠷᠤᠭ᠎ᠠ ᠶᠢ ᠬᠦᠴᠦᠯᠡᠨ ᠪᠥᠲᠥᠭᠡᠨ ᠪᠠᠶᠢᠭᠤᠯᠬᠤ ᠳᠤ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃      ᠨᠢᠭᠡ ᠳᠤ᠂ ︿ᠭᠠᠷᠮᠠᠭᠠᠢ ᠡᠮᠡᠭᠲᠡᠶᠢᠴᠦᠳ ᠨᠠᠮ ᠢᠶᠠᠨ ᠳᠠᠭᠠᠬᠤ﹀᠎ ᠪᠠᠷ ᠵᠣᠭᠰᠣᠴᠠ ᠪᠣᠯᠭᠠᠵᠤ᠂ ᠡᠮᠡᠭᠲᠡᠶᠢᠴᠦᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠡᠯᠪᠡᠭ ᠪᠠᠶᠠᠯᠢᠭ ᠠᠭᠤᠯᠭ᠎ᠠ ᠲᠠᠢ᠂ ᠡᠮᠡᠭᠲᠡᠶᠢᠴᠦᠳ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠢ ᠬᠦᠳᠦᠯᠥᠨ ᠳᠠᠭᠠᠭᠤᠯᠵᠤ ᠨᠠᠮ ᠤᠨ ᠦᠭᠡ ᠶᠢ ᠰᠣᠨᠣᠰᠤᠨ ᠨᠠᠮ ᠢᠶᠠᠨ ᠳᠠᠭᠠᠬᠤ ᠪᠣᠯᠭᠠᠨ᠎ᠠ︔ ᠬᠤᠶᠠᠷ ᠲᠤ᠂ ︿ᠭᠠᠷᠮᠠᠭᠠᠢ ᠡᠮᠡᠭᠲᠡᠶᠢᠴᠦᠳ ᠰᠢᠨ᠎ᠡ ᠭᠠᠪᠢᠶ᠎ᠠ ᠪᠠᠶᠢᠭᠤᠯᠬᠤ﹀᠎ ᠪᠠᠷ ᠭᠠᠷᠳᠠᠴᠠ ᠪᠣᠯᠭᠠᠵᠤ᠂ ︿ᠡᠮᠡᠭᠲᠡᠶᠢᠴᠦᠳ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ﹀᠎ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠣᠯᠠᠨ ᠡᠮᠡᠭᠲᠡᠶᠢᠴᠦᠳ ᠲᠤ ᠠᠵᠢᠯ ᠣᠯᠭᠤᠬᠤ ᠲᠠᠪᠴᠠᠩ ᠬᠠᠩᠭᠠᠵᠤ ᠨᠠᠩ ᠣᠯᠠᠨ ᠠᠵᠢᠯ ᠤᠯᠬᠤ ᠴᠢᠳᠠᠪᠤᠷᠢ ᠶᠢ ᠡᠵᠡᠮᠰᠢᠭᠦᠯᠦᠨ᠎ᠡ︔ ᠭᠤᠷᠪᠠ ᠳᠤ᠂ ︿ᠭᠠᠷᠮᠠᠭᠠᠢ ᠡᠮᠡᠭᠲᠡᠶᠢᠴᠦᠳ ᠤᠨ ᠰᠠᠶᠢᠨ ᠰᠠᠶᠢᠬᠠᠨ ᠬᠡᠷ ᠤᠨ ᠰᠤᠷᠲᠠᠯ﹀᠎ ᠢᠶᠠᠷ ᠬᠦᠴᠦᠯᠡᠬᠦ ᠴᠡᠭ ᠪᠣᠯᠭᠠᠵᠤ᠂ ︿ᠠᠶᠢᠯ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠤᠨ ᠢᠨᠵᠧᠨᠧᠷᠢᠩ﹀᠎ ᠢ ᠦᠷᠭᠦᠯᠵᠢᠯᠡᠨ ᠥᠷᠨᠢᠭᠦᠯᠵᠦ᠂ ︿ᠬᠠᠮᠤᠭ ᠤᠨ ᠭᠤᠶᠣ ᠬᠡᠷ ᠪᠦᠯᠢ﹀᠎ ᠶᠢ ᠡᠷᠢᠬᠦ ᠠᠵᠢᠯᠯᠠᠭ᠎ᠠ ᠶᠢ ᠥᠷᠭᠡᠳᠬᠡᠵᠦ᠂ ᠲᠣᠭᠤᠷᠢᠨ ᠶᠠᠷᠢᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ︔ ᠳᠥᠷᠪᠡ ᠳᠤ᠂ ︿ᠡᠮᠡᠭᠲᠡᠶᠢᠴᠦᠳ ᠤᠨ ᠰᠡᠳᠬᠢᠯ ᠢ ᠳᠤᠯᠠᠭᠠᠴᠠᠭᠤᠯᠬᠤ﹀᠎ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠳᠤᠮᠳᠠᠳᠤ ᠤᠯᠤᠰ ᠤᠨ ᠬᠥᠮᠦᠰ ᠤᠨ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ︿ᠬᠠᠤᠯᠢ ᠲᠦᠷᠢᠮ ᠤᠨ ᠳᠤᠮᠳᠠᠳᠤ ᠤᠯᠤᠰ ᠤᠨ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ﹀ ᠠᠵᠢᠯᠯᠠᠭ᠎ᠠ ᠶᠢ ᠪᠠᠶᠢᠩᠭᠤ ᠠᠬᠢᠭᠤᠯᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠦᠬᠡᠳ ᠢ ᠪᠥᠬᠦ ᠬᠦᠴᠦᠨ ᠢᠶᠠᠷ ᠢᠶᠠᠨ ᠠᠪᠤᠷᠠᠨ ᠲᠤᠰᠠᠯᠠᠬᠤ ᠪᠠ ᠬᠠᠯᠠᠮᠵᠢᠯᠠᠵᠤ᠂ ᠡᠮᠡᠭᠲᠡᠶ ᠰᠠᠶᠢᠨ ᠲᠤᠷᠠᠴᠤᠳ ᠤᠨ ᠠᠵᠢᠯ ᠢ ᠥᠷᠭᠡᠨ ᠢᠶᠠᠷ ᠥᠷᠨᠢᠭᠦᠯᠦᠨ᠎ᠡ︔ ᠲᠠᠪᠤ ᠳᠤ᠂ ︿ᠭᠠᠷᠮᠠᠭᠠᠢ ᠡᠮᠡᠭᠲᠡᠶᠢᠴᠦᠳ ᠤᠨ ᠰᠠᠭᠤᠷᠢ ᠶᠢ ᠴᠢᠩᠭᠠᠳᠬᠠᠬᠤ﹀᠎ ᠪᠠᠷ ᠲᠤᠯᠭᠠᠭᠤᠷᠢᠯᠠᠬᠤ ᠴᠡᠭ ᠪᠣᠯᠭᠠᠵᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠥᠭᠡᠷᠡᠴᠢᠯᠡᠯᠲᠡ ᠶᠢ ᠠᠬᠢᠭᠤᠯᠵᠤ ᠂ ᠡᠮᠡᠭᠲᠡᠶᠢᠴᠦᠳ ‍ᠤᠨ‌ᠬᠤᠯᠪᠤᠭᠠᠳᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠠᠬᠢᠵᠢᠭᠦᠯᠵᠦ᠂ ᠡᠮᠡᠭᠲᠡᠶᠢᠴᠦᠳ ᠲᠠᠢ ᠨᠢᠭᠲᠠ ᠬᠠᠷᠢᠯᠴᠠᠬᠤ ᠪᠠ ᠪᠦᠲᠦᠮᠵᠢᠲᠡᠢ ᠦᠢᠯᠡᠴᠢᠯᠡᠬᠦ ᠶᠢ ᠬᠠᠮᠤᠭ ᠤᠨ ᠶᠡᠭᠡ  ᠬᠡᠮᠵᠢᠶ᠎ᠡ ᠪᠠᠷ ᠪᠡᠶᠡᠯᠡᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号