| | | ᠨᠠᠮ ᠤᠨ ᠲᠥᠯᠥᠭᠡᠯᠡᠭᠴᠢ ᠡᠵᠡᠨ ᠬᠤᠷᠤᠭ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ | ᠨᠠᠮ ᠤᠨ ᠳᠤᠭᠤᠶᠢᠯᠠᠩ ᠤᠨ ᠱᠦᠵᠢ ᠪᠠᠢ ᠰᠢᠶᠤᠤ ᠯᠦᠩ᠄ ᠬᠤᠸᠠ ᠱᠦᠵᠢ ᠶᠢᠨ ᠬᠢᠭᠰᠡᠨ ᠮᠡᠳᠡᠭᠦᠯᠦᠯᠲᠡ ᠨᠢ | ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠭᠤᠣᠯ ᠠᠮᠵᠢᠯᠲᠠ ᠪᠠ ᠦᠨᠳᠦᠰᠦᠨ | ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠮᠠᠨ ᠤ ᠬᠤᠰᠢᠭᠤᠨ ᠤ ᠣᠳᠣᠬᠠᠨ ᠤ ᠬᠥᠭᠵᠢᠯᠲᠡ ᠳᠤ ᠲᠤᠯᠭᠠᠷᠠᠵᠤ | ᠪᠠᠶᠢᠭ᠎ᠠ ᠴᠢᠬᠤᠯᠠ ᠶᠡᠭᠡ ᠠᠵᠠ ᠲᠣᠬᠢᠶᠠᠯ ᠪᠠ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ | ᠵᠠᠳᠠᠯᠵᠤ᠂ ᠢᠷᠡᠭᠡᠳᠦᠢ ᠶᠢᠨ ᠲᠠᠪᠤᠨ ᠵᠢᠯ ᠤᠨ ᠪᠦᠬᠦ ᠬᠤᠰᠢᠭᠤᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ | ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠭᠤᠣᠯ ᠡᠭᠦᠷᠭᠡ | ᠪᠠ ᠠᠷᠭ᠎ᠠ ᠠᠪᠴᠠᠯ ᠢ ᠲᠣᠭᠲᠠᠭᠠᠪᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠪᠢᠳᠡ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠡᠷᠡᠰ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠣᠳᠣᠬᠢᠴᠢᠯᠠᠭᠰᠠᠨ ᠡᠵᠡᠨ ᠬᠤᠷᠤᠭ᠎ᠠ ᠶᠢ ᠪᠥᠲᠥᠭᠡᠨ | ᠪᠠᠶᠢᠭᠤᠯᠬᠤ ᠲᠡᠮᠡᠴᠡᠬᠦ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠨᠠᠩ ᠪᠠᠲᠤ ᠪᠠᠬᠢ ᠲᠤᠭ᠎ᠠ ᠪᠦᠷᠢᠳᠬᠡᠯ ᠤᠨ | ᠪᠠᠲᠤᠯᠠᠭ᠎ᠠ ᠬᠠᠩᠭᠠᠨ᠎ᠠ᠃ | ᠨᠢᠭᠡ ᠳᠤ ᠡᠯ᠎ᠡ ᠵᠦᠢᠯ ᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠣᠯᠤᠨ ᠭᠤᠣᠯᠳᠠᠯᠭ᠎ᠠ ᠲᠠᠢ | ᠪᠠᠶᠢᠴᠠᠭᠠᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ ᠲᠣᠭᠠᠴᠠᠭ᠎ᠠ ᠬᠢᠬᠦ᠂ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠠᠤᠯᠢ ᠶᠢᠨ ᠡᠷᠬᠡᠲᠡᠨ ᠤ ᠨᠢᠭᠡᠴᠡ ᠪᠣᠯᠤᠨ | ᠠᠵᠤ ᠦᠢᠯᠡᠰ ᠤᠨ ᠠᠵᠢᠯᠯᠠᠭᠠᠨ ᠤ ᠨᠢᠭᠡᠴᠡ ᠶᠢᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢ ᠬᠠᠮᠲᠤ ᠳᠤᠨᠢ | ᠴᠢᠬᠤᠯᠠᠴᠢᠯᠠᠬᠤ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠠᠵᠢᠯ ᠠᠯᠳᠠᠭᠰᠠᠨ ᠲᠤᠭ᠎ᠠ ᠪᠦᠷᠢᠳᠬᠡᠯ ᠤᠨ | ᠪᠠᠶᠢᠴᠠᠭᠠᠯᠲᠠ᠂ ᠰᠠᠭᠤᠭᠠᠯᠢ ᠠᠷᠠᠳ ᠤᠨ ᠬᠡᠷᠡᠭᠯᠡᠭᠡ ᠪᠣᠯᠤᠨ ᠣᠷᠣᠯᠭ᠎ᠠ ᠵᠠᠷᠤᠯᠭ᠎ᠠ ᠶᠢᠨ ᠪᠠᠶᠢᠴᠠᠭᠠᠯᠲᠠ ᠶᠢ ᠤᠯᠠᠮ | ᠨᠢᠭᠡ ᠠᠯᠬᠤᠮ ᠴᠢᠩᠭᠠᠳᠬᠠᠨ᠂ ᠡᠨᠧᠷᠭᠢ ᠶᠢᠨ ᠬᠡᠷᠡᠭᠯᠡᠭᠡᠨ ᠤ ᠲᠣᠭᠠᠴᠠᠭ᠎ᠠ ᠬᠢᠬᠦ ᠠᠷᠭ᠎ᠠ ᠶᠢ ᠲᠡᠭᠦᠯᠳᠡᠷᠵᠢᠭᠦᠯᠵᠦ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠤᠭ᠎ᠠ ᠪᠦᠷᠢᠳᠬᠡᠯ ᠢ ᠴᠢᠩᠭᠠᠳᠬᠠᠨ᠎ᠠ᠃ | ᠬᠤᠶᠠᠷ ᠲᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ | ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠪᠣᠯᠤᠨ ᠴᠢᠬᠤᠯᠠ ᠲᠤᠭ᠎ᠠ ᠪᠠᠷᠢᠮᠲᠠ ᠶᠢ | ᠬᠦᠴᠦ ᠪᠠᠨ ᠲᠥᠪᠯᠡᠷᠡᠭᠦᠯᠦᠨ ᠪᠠᠶᠢᠴᠠᠭᠠᠵᠤ᠂ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠲᠠᠢ᠂ ᠡᠮᠬᠢ | ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠨᠡᠶᠢᠲᠡ ᠳᠤ ᠢᠲᠡᠭᠡᠭᠦᠯᠬᠦ | ᠬᠦᠴᠦᠨ ᠢ ᠴᠢᠷᠮᠠᠶᠢᠨ ᠳᠡᠭᠡᠭᠰᠢᠯᠡᠭᠦᠯᠤᠨ᠎ᠡ᠃ ᠭᠤᠷᠪᠠ ᠳᠤ ᠲᠤᠭ᠎ᠠ ᠪᠦᠷᠢᠳᠬᠡᠯ ᠤᠨ ᠦᠢᠯᠡᠴᠢᠯᠡᠬᠡᠨ ᠤ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠲᠠᠢ ᠨᠢᠭᠲᠠ ᠤᠶᠠᠯᠳᠤᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ︽ᠭᠤᠷᠪᠠᠨ ᠰᠢᠨ᠎ᠡ︾ ᠠᠵᠤ ᠠᠬᠤᠶ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠵᠡᠷᠭᠡ ᠲᠤᠭ᠎ᠠ ᠪᠦᠷᠢᠳᠬᠡᠯ ᠤᠨ ᠬᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠲᠠᠢ | ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠦᠢᠴᠡᠳᠬᠡᠯ ᠲᠤᠭ᠎ᠠ ᠶᠢᠨ ᠬᠢᠨᠠᠨ | ᠬᠡᠮᠵᠢᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶ ᠶᠢᠨ ᠪᠠᠶᠢᠳᠠᠯ ᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠠᠭ | ᠲᠤᠬᠠᠶ ᠳᠤᠨᠢ ᠥᠷᠨᠢᠭᠦᠯᠵᠦ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠬᠢᠴᠠ ᠪᠠ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠬᠠᠮᠤᠭ ᠤᠨ ᠰᠢᠨ᠎ᠡ ᠦᠢᠯᠡᠳᠦᠯᠬᠡ ᠶᠢ ᠣᠨᠣᠪᠴᠢᠲᠠᠶ ᠢᠯᠡᠷᠡᠭᠦᠯᠤᠨ᠎ᠠ᠃ ᠳᠥᠷᠪᠡ ᠳᠤ ᠲᠤᠭ᠎ᠠ | ᠪᠦᠷᠢᠳᠬᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠬᠠᠮᠢᠶᠠᠷᠬᠤ | ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠂ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠢᠶᠠᠨ ᠪᠥᠬᠦ ᠲᠠᠯ᠎ᠠ ᠪᠠᠷ ᠴᠢᠩᠭ᠎ᠠ ᠵᠠᠰᠠᠵᠤ | ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠤᠭ᠎ᠠ ᠪᠦᠷᠢᠳᠬᠡᠯ ᠤᠨ ᠺᠠᠳ᠋ᠷ ᠤᠨ | ᠡᠩᠨᠡᠭᠡ ᠶᠢ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠳᠤᠷᠠᠳᠤᠭᠰᠠᠨ ᠡᠯ᠎ᠡ ᠲᠦᠷᠦᠯ ᠤᠨ ᠡᠭᠦᠷᠭᠡ ᠶᠢ ᠡᠷᠡᠰ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ | | | | |