11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠵᠤ᠂ ᠬᠤᠷᠠᠯ ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ | ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠢᠳᠪᠦᠷᠢ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃ ᠡᠵᠡᠨ ᠬᠤᠷᠤᠭ᠎ᠠ ᠬᠤᠰᠢᠭᠤᠨ ᠤ ᠥᠷᠭᠡᠨ ᠣᠯᠠᠨ ᠺᠠᠳ᠋ᠷ | ᠣᠯᠠᠨ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠵᠤ᠂ ᠰᠢᠷᠭᠠᠭᠤ | ᠬᠠᠲᠠᠭᠤᠵᠢᠯᠲᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠦ ᠰᠠᠨᠠᠯ ᠨᠢᠭᠡᠲᠡᠶ | ᠢᠯᠡᠳᠬᠡᠵᠡᠭᠡᠪᠡ᠃ | | | | ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠲᠣᠮᠢᠯᠠᠭᠰᠠᠨ | ᠰᠠᠯᠪᠤᠷᠢ ᠶᠢᠨ ᠳᠡᠳ᠋ ᠳᠠᠷᠤᠭ᠎ᠠ ᠬᠤᠤ ᠹᠸᠢ ᠯᠦᠩ᠄ | ︽ᠵᠠᠭᠤᠨ ᠵᠢᠯ ᠪᠣᠯ ᠶᠠᠭ ᠴᠤᠭ ᠪᠠᠳᠠᠷᠠᠩᠭᠤᠢ ᠴᠠᠭ ᠦᠶ᠎ᠡ ᠮᠥᠨ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠨᠢ ᠠᠯᠤᠰ ᠬᠡᠲᠦ ᠶᠢᠨ | ᠠᠴᠢ ᠬᠤᠯᠪᠣᠭᠳᠠᠯ ᠲᠠᠢ ᠪᠠᠶᠢᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠦᠨᠳᠦᠰᠦᠨ ᠱᠠᠲᠤᠨ ᠤ | ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠨᠠᠮ ᠤᠨ ᠵᠠᠭᠤᠨ ᠵᠢᠯ ᠤᠨ | ᠲᠡᠮᠡᠴᠡᠯ ᠤᠨ ᠲᠡᠤᠬᠡ ᠶᠢ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠵᠤ᠂ ᠯᠠᠪᠳᠠᠭᠤᠨ ᠪᠠᠲᠤᠲᠠᠢ | ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠪᠡᠶ᠎ᠡ ᠪᠠᠨ ᠪᠠᠷᠢᠵᠤ ᠤᠯᠠᠨ ᠤ ᠲᠥᠯᠥᠭᠡ ᠵᠢᠳᠬᠦᠵᠦ᠂ | ᠬᠠᠷᠠᠮ ᠦᠭᠡᠢ ᠵᠤᠷᠢᠭᠤᠯᠤᠨ᠎ᠠ᠃ ︿ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠥᠬᠡᠶ᠂ | ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ﹀᠂ ᠣᠯᠠᠨ ᠲᠦᠮᠡᠨ ᠤ ᠠᠰᠢᠭ ᠲᠤᠰᠠ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ᠂ ᠣᠯᠠᠨ ᠲᠦᠮᠡᠨ ᠳᠤ ᠨᠠᠩ ᠣᠯᠠᠨ᠂ ᠨᠠᠩ ᠰᠢᠭᠤᠳ᠂ ᠨᠠᠩ ᠪᠣᠳᠠᠲᠠᠶ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠵᠤ᠂ ︿ | ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ | ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ﹀ ᠶᠢ ᠦᠨᠡᠨ ᠬᠦ ᠪᠡᠶᠡᠯᠡᠭᠦᠯᠵᠦ᠂ ᠠᠮᠤᠷ ᠠᠮᠤᠭᠤᠯᠠᠩ ᠡᠵᠡᠨ | ᠬᠤᠷᠤᠭ᠎ᠠ ᠶᠢ ᠪᠠᠲᠤᠯᠠᠨ ᠬᠠᠮᠠᠭᠠᠯᠠᠵᠤ᠂ ᠨᠠᠮ ᠪᠠ ᠠᠷᠠᠳ ᠲᠦᠮᠡᠨ ᠤ ᠦᠢᠯᠡᠰ ᠲᠤ ᠥᠪᠡᠷ ᠤᠨ ᠬᠤᠪᠢ ᠨᠡᠮᠡᠷᠢ ᠪᠠᠨ | ᠦᠵᠡᠭᠦᠯᠤᠨ᠎ᠡ︾ ᠬᠡᠪᠡ᠃ | | | | | | | | | | | |