ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠲᠠᠨᠪᠤᠤ
ᠨᠡᠶᠢᠲᠡᠯᠡᠭᠰᠡᠨ ᠴᠠᠭ᠄
2021/11/24
     
ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠲᠠᠨᠪᠤᠤ᠄      ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠠᠭᠤᠤ ᠶᠡᠭᠡ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠳᠠᠲᠤ ᠪᠠᠶᠢᠳᠠᠯ ᠤᠨ ᠳᠤᠮᠳᠠ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠪᠠᠯᠭᠠᠰᠤ ᠪᠠᠷ ᠢᠶᠠᠨ ᠦᠵᠡᠯ ᠤᠬᠠᠮᠰᠠᠷ ᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠥᠬᠡᠶ ᠤᠷᠤᠭᠰᠢᠯᠠᠬᠤ ᠶᠢ ᠠᠬᠢᠭᠤᠯᠵᠤ᠂ ︿ᠬᠤᠤᠰ ᠵᠠᠭᠤᠨ ᠵᠢᠯ﹀᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠡᠵᠡᠨ ᠬᠤᠷᠤᠭ᠎ᠠ ᠪᠠᠯᠭᠠᠰᠤᠨ ᠤ ᠬᠦᠴᠦᠨ ᠴᠢᠳᠠᠯ ᠢᠶᠠᠨ ᠡᠷᠭᠦᠨ᠎ᠡ︕︾ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号