ᠬᠤᠨᠢᠴᠢᠨ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠸᠢ ᠸᠧᠨ ᡁᠢ
ᠨᠡᠶᠢᠲᠡᠯᠡᠭᠰᠡᠨ ᠴᠠᠭ᠄
2021/11/24
     
ᠬᠤᠨᠢᠴᠢᠨ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠸᠢ ᠸᠧᠨ ᡁᠢ᠄      ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠲᠠᠮᠵᠢᠨ᠂ ᠪᠢ ᠲᠠᠪᠤᠨ ᠲᠠᠯ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠢ ᠣᠶᠢᠯᠠᠭᠠᠪᠠ᠂ ᠨᠠᠮ ᠤᠨ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠃ ᠪᠢ ᠶᠡᠬᠡᠳᠡ ᠵᠣᠷᠢᠭᠵᠢᠭᠤᠯᠤᠯ ᠪᠠ ᠰᠡᠩᠬᠡᠷᠡᠭᠦᠯᠦᠯ ᠣᠯᠵᠤ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠳᠤᠮᠳᠠ ᠪᠠᠨ ᠪᠢ ᠲᠡᠭᠦᠨ ᠢ ᠲᠤᠬᠠᠶᠢᠯᠠᠭᠰᠠᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠤᠶᠤᠨ ᠰᠠᠨᠠᠭ᠎ᠠ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠦᠵᠡᠯ ᠰᠠᠨᠠᠭ᠎ᠠ ᠶᠢ ᠣᠨᠣᠪᠴᠢᠲᠠᠢ ᠤᠶᠢᠯᠠᠭᠠᠵᠤ᠂ ᠰᠠᠭᠤᠭᠠᠯᠢ ᠠᠷᠠᠳ ᠲᠤ ᠰᠢᠯᠢᠳᠡᠭ ᠦᠢᠯᠡᠴᠢᠯᠡᠭᠡ ᠬᠠᠩᠭᠠᠵᠤ᠂ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ᠂ ᠴᠠᠭ ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠨ᠎ᠠ︾ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号