| | | | ᠠᠯᠳᠠᠨᠰᠢᠷᠡᠭᠡ ᠪᠠᠯᠭᠠᠰᠤᠨ ᠤ ᠰᠢᠨ ᠪᠸᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠾᠧ ᠵᠢᠶᠠ᠄ | ︽ᠨᠡᠶᠢᠭᠡᠮ ᠲᠣᠭᠤᠷᠢᠭ ᠨᠢ ᠬᠠᠮᠤᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ | ᠰᠠᠨᠠᠭ᠎ᠠ ᠲᠠᠢ ᠨᠢᠭᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠢᠳᠡᠪᠬᠢᠲᠡᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠲᠤ ᠰᠠᠶᠢᠲᠤᠷ ᠦᠢᠯᠡᠴᠢᠯᠡᠵᠦ᠂ ᠰᠠᠶᠢᠲᠤᠷ ᠬᠠᠯᠠᠮᠵᠢᠯᠠᠵᠤ᠂ | ᠨᠠᠮ ᠪᠣᠯᠤᠨ ᠵᠠᠰᠠᠭ ᠤᠨ ᠣᠷᠳᠣᠨ ᠢ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠰᠠᠶᠢᠨ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ | ᠠᠷᠠᠳ ᠲᠦᠮᠡᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ | ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠢ ᠦᠷᠭᠦᠯᠵᠢᠯᠡᠨ ᠪᠦᠯᠬᠦᠮᠳᠡᠭᠦᠯᠦᠨ ᠳᠠᠭᠠᠭᠤᠯᠵᠤ | ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠥᠬᠡᠶ ᠲᠡᠮᠡᠴᠡᠬᠦ ᠬᠡᠷᠡᠭᠲᠡᠶ︾ ᠬᠡᠪᠡ᠃ | | | | |